ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2023/3/16
   3 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠮᠠ ᠯᠢ ᠬᠤᠸᠠ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠭᠤᠷᠪᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠥᠬᠦᠶ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠠᠯᠪᠠᠨ ᠬᠡᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ᠂ ᠰᠢ ᠶᠢᠨ ᠫᠢᠩ ᠨᠥᠬᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠶᠠᠷᠢᠭᠰᠠᠨ ᠶᠠᠷᠢᠶ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢ ᠵᠥᠷᠢᠴᠡᠭᠰᠡᠨ ᠨᠠᠮ ᠤᠨ ᠭᠡᠰᠢᠭᠦᠨ ᠳᠤ ᠰᠢᠳᠬᠡᠯ ᠥᠭᠬᠦ ᠶᠢ ᠵᠥᠪᠰᠢᠶᠡᠷᠡᠬᠦ ᠡᠷᠬᠡ ᠶᠢᠨ ᠬᠡᠪᠴᠢᠶ᠎ᠡ ᠪᠠ ᠵᠢᠷᠤᠮ ᠤᠨ ᠳᠣᠭᠲᠠᠭᠠᠯ︾  ᠤᠨ ᠲᠣᠬᠠᠢ  ᠳᠠᠷᠤᠮᠠᠯᠠᠨ  ᠲᠠᠷᠬᠠᠭᠠᠭᠰᠠᠨ ᠮᠡᠳᠡᠭᠳᠡᠯ ᠂ ᠶᠡᠷᠦᠩᠬᠡᠢ ᠰᠠᠶᠢᠳ ᠯᠢ ᠺᠧ ᠴᠢᠶᠠᠩ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠧᠯᠸᠢᠰ ᠤᠲᠠᠰᠤᠲᠤ  ᠬᠤᠷᠠᠯ ᠳᠡᠭᠡᠷᠡᠬᠢ ᠶᠠᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ  ᠶᠢᠨ ︽ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾᠂ ᠰᠦᠨ ᠱᠣᠣ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ ᠬᠡᠯᠡᠭᠰᠡᠨ ᠦᠭᠡ᠂ ᠰᠦᠨ ᠱᠣᠣ ᠴᠧᠩ ᠨᠥᠬᠦᠷ ᠤᠨ 2022 ᠣᠨ ᠤ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠣᠶ ᠰᠢᠭᠤᠶ ᠶᠢᠨ ᠳᠠᠷᠤᠭ᠎ᠠ ᠨᠠᠷ ᠤᠨ ᠬᠤᠷᠠᠯ ᠳᠡᠭᠡᠷᠡᠬᠢ ᠶᠠᠷᠢᠶ᠎ᠠ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ  ᠰᠦ ᠶᠢᠨ  ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠶ ᠴᠣᠬᠤᠯᠠᠪᠤᠷᠢ ᠶᠢᠨ ᠮᠡᠳᠡᠭᠳᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢ ᠠᠬᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠮᠡᠳᠡᠭᠳᠡᠯ᠂ ᠪᠥᠬᠦ ᠤᠯᠤᠰ᠂ ᠪᠥᠬᠦ ᠣᠷᠣᠨ᠂ ᠪᠥᠬᠦ ᠬᠤᠲᠠ ᠶᠢᠨ ᠠᠷᠠᠳ ᠤᠨ ᠵᠥᠪᠯᠡᠯ ᠤᠨ ᠡᠷᠬᠢᠯᠡᠭᠴᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ ᠂  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠨ ᠭᠡᠷ ᠪᠠᠶᠢᠰᠢᠩ ᠭᠠᠵᠠᠷ ᠰᠢᠷᠣᠶ ᠶᠢᠨ ᠭᠦᠷᠦᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠰᠠᠨᠠᠯ ᠵᠡᠷᠭᠡ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠱᠠᠲᠤᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠵᠡᠯ ᠰᠠᠨᠠᠭ᠎ᠠ ᠪᠠ  ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠠᠵᠢᠯ ᠤᠨ ᠱᠠᠭᠠᠷᠳᠠᠯᠭ᠎ᠠ ᠲᠠᠢ ᠦᠨᠡᠨᠬᠦ ᠨᠢᠭᠡᠳᠬᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ  ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号