| 2023 ᠣᠨ ᠤ 2 ᠰᠠᠷ᠎ᠠ ᠶᠢᠨ 2 ᠤᠨ ᠡᠳᠦᠷ ᠠᠤᠬᠠᠨ ᠬᠤᠰᠢᠭᠤᠨ ᠤ | ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯᠳᠤᠭᠠᠨ ᠳᠡᠭᠡᠷ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ | ᠲᠥᠯᠥᠭᠡᠯᠡᠭᠴᠢᠳ ᠡ᠄ | ᠣᠳᠣ ᠪᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ | ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2022 ᠣᠨ ᠪᠣᠯ ᠨᠠᠮ ᠪᠠ ᠤᠯᠤᠰ ᠤᠨ ᠲᠡᠤᠬᠡᠨ ᠳᠡᠭᠡᠷᠡᠬᠢ ᠲᠦᠢᠯ ᠤᠨ ᠴᠢᠬᠤᠯᠠ | ᠨᠢᠭᠡ ᠵᠢᠯ ᠮᠥᠨ᠂ ᠪᠠᠰᠠ ᠴᠤ ᠠᠤᠬᠠᠨ ᠤ ᠬᠥᠭᠵᠢᠯᠲᠡ ᠶᠢᠨ ᠲᠡᠤᠬᠡᠨ ᠳᠡᠭᠡᠷᠡᠬᠢ ᠲᠦᠢᠯ ᠤᠨ ᠶᠡᠷᠦ ᠪᠤᠰᠤ ᠶᠢᠨ | ᠨᠢᠭᠡ ᠵᠢᠯ ᠮᠥᠨ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠡᠭᠦᠷᠭᠡ ᠶᠢᠨ ᠡᠮᠦᠨ᠎ᠡ᠂ | ᠬᠤᠰᠢᠭᠤᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ | ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ | ᠳᠣᠤᠷ᠎ᠠ᠂ ᠬᠦᠴᠢᠷ ᠢ ᠰᠥᠷᠦᠨ ᠡᠷᠡᠯᠬᠡᠭᠯᠡᠨ ᠤᠷᠤᠭᠰᠢᠯᠠᠵᠤ᠂ ᠣᠨ ᠤ ᠬᠠᠷᠠᠯᠲᠠ ᠡᠭᠦᠷᠭᠡ ᠪᠠᠨ ᠨᠡᠯᠢᠶᠡᠳ ᠰᠠᠶᠢᠨ | ᠪᠡᠶᠡᠯᠡᠭᠦᠯᠪᠡ᠃ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 177.3 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 0.9% ᠪᠠᠷ ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 41.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ 9. | 7% ᠪᠠᠷ ᠪᠠᠭᠤᠷᠠᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 38 | ᠳ᠋ᠦᠩᠰᠢᠭᠤᠷ ᠲᠥᠭᠦᠷᠢᠭ ᠲᠤ ᠬᠦᠷᠴᠦ᠂ 0.5% ᠪᠠᠷ ᠪᠠᠭᠤᠷᠠᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ 4.66 ᠳ᠋ᠦᠩᠰᠢᠭᠤᠷ ᠲᠥᠭᠦᠷᠢᠭ ᠲᠤ ᠬᠦᠷᠴᠦ᠂ 6% ᠪᠠᠷ ᠨᠡᠮᠡᠭᠳᠡᠪᠡ︔ ᠬᠤᠲᠠ ᠬᠥᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 35562 | ᠲᠥᠭᠦᠷᠢᠭ᠂ 16456 ᠲᠥᠭᠦᠷᠢᠭ ᠲᠤ ᠬᠦᠷᠴᠦ᠂ ᠲᠣᠰ ᠲᠣᠰ 5.8%᠂ 8.5% ᠪᠠᠷ ᠨᠡᠮᠡᠭᠳᠡᠪᠡ᠃ | ︵ᠨᠢᠭᠡ︶ ᠠᠵᠤ ᠦᠢᠯᠡᠰ ᠤᠨ ᠳᠡᠰ ᠳᠡᠪᠰᠢᠯᠲᠡ ᠨᠢ ᠢᠳᠡᠪᠬᠢᠲᠡᠢ ᠠᠬᠢᠯᠲᠠ ᠲᠠᠢ ᠪᠣᠯᠪᠠ | ᠲᠠᠷᠢᠶᠠᠯᠠᠩ ᠮᠠᠯ ᠠᠵᠤ ᠠᠬᠤᠶ ᠶᠢᠨ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠪᠡ᠃ 400 | ᠲᠦᠮᠡᠨ ᠮᠦ ᠲᠠᠷᠢᠮᠠᠯ ᠤᠨ ᠵᠦᠢᠯ ᠲᠠᠷᠢᠵᠤ᠂ ᠠᠮᠤ ᠪᠤᠳᠠᠭᠠᠨ ᠤ ᠬᠤᠷᠢᠶᠠᠯᠲᠠ 25.5 ᠳ᠋ᠦᠩᠰᠢᠭᠤᠷ ᠵᠢᠩ ᠪᠠᠶᠢᠵᠤ᠂ | ︽ᠠᠷᠪᠠᠨ ᠲᠠᠪᠤᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ᠃ ᠭᠡᠷ ᠤᠨ ᠲᠡᠵᠢᠭᠡᠪᠤᠷᠢ ᠨᠢ 313.5 ᠲᠦᠮᠡᠨ | ᠲᠤᠯᠤᠭᠠᠢ᠂ ᠪᠤᠷᠤᠯᠠᠭᠤᠯᠭ᠎ᠠ ᠨᠢ 344.2 ᠲᠦᠮᠡᠨ ᠲᠤᠯᠤᠭᠠᠢ ᠪᠠᠶᠢᠪᠠ᠃ ᠭᠤᠤᠯᠯᠠᠬᠤ ᠠᠵᠤ ᠦᠢᠯᠡᠰ ᠢ | ᠯᠠᠪᠳᠠᠭᠤᠨ ᠢᠶᠠᠷ ᠠᠬᠢᠭᠤᠯᠵᠤ᠂ 101.3 ᠲᠦᠮᠡᠨ ᠮᠥ ᠨᠠᠷᠢᠮᠤ ᠲᠠᠷᠢᠵᠦ᠂ ᠪᠣᠬᠢᠷᠲᠤᠯ ᠥᠬᠡᠶ ᠣᠷᠭᠠᠨᠢᠭ | ᠨᠠᠷᠢᠮᠤ ᠶᠢᠨ ᠰᠠᠭᠤᠷᠢᠨ ᠭᠠᠵᠠᠷ ᠢ 22.4 ᠲᠦᠮᠡᠨ ᠮᠥ ᠬᠥᠭᠵᠢᠭᠦᠯᠵᠦ᠂ ᠶᠢᠰᠦᠳᠦᠭᠡᠷ ᠬᠤᠭᠤᠴᠠᠭᠠᠨ ᠤ ᠳᠡᠯᠡᠬᠡᠶ ᠶᠢᠨ | ᠨᠠᠷᠢᠮᠤ ᠶᠢᠨ ᠡᠭᠦᠰᠦᠯ ᠪᠠ ᠬᠥᠭᠵᠢᠯᠲᠡ ᠶᠢᠨ ᠬᠤᠷᠠᠯ ᠢ ᠳᠠᠭᠠᠭᠠᠴᠢᠯᠠᠨ ᠡᠷᠭᠢᠯᠡᠵᠦ᠂ ᠠᠤᠬᠠᠨ ᠤ ᠨᠠᠷᠢᠮᠤ ᠨᠢ ︽ | ᠲᠠᠷᠢᠶᠠᠯᠠᠩ ᠤᠨ ᠥᠪ ᠤᠨ ᠰᠢᠯᠢᠳᠡᠭ ᠪᠦᠲᠦᠭᠡᠭᠳᠡᠬᠦᠨ︾ ᠤ ᠠᠷᠪᠠᠨ ᠰᠢᠯᠢᠳᠡᠭ ᠨᠠᠷᠠᠲᠤ ᠲᠡᠮᠳᠡᠭ ᠢᠶᠠᠷ ᠦᠨᠡᠯᠡᠭᠳᠡᠪᠡ᠃ | ᠠᠯᠠᠰᠢᠨ ᠦᠬᠡᠷ ᠤᠨ ᠨᠠᠶᠢᠳᠠᠨ ᠲᠡᠵᠢᠭᠡᠯᠭᠡᠬᠦ ᠣᠷᠣᠯᠠᠨ ᠦᠷᠡᠵᠢᠭᠦᠯᠬᠦ ᠲᠤᠷᠰᠢᠯᠲᠠ ᠶᠢᠨ ᠴᠢᠭ ᠲᠣᠰᠬᠤᠨ 5᠂ | ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠶ ᠭᠠᠴᠠᠭ᠎ᠠ ᠲᠣᠰᠬᠤᠨ 22 ᠶᠢ ᠪᠠᠶᠢᠭᠤᠯᠵᠤ᠂ 500 | ᠲᠣᠯᠣᠭᠠᠶ ᠠᠴᠠ ᠳᠡᠭᠡᠭᠰᠢᠬᠢ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ 19 ᠰᠢᠨ᠎ᠡ ᠪᠠᠷ | ᠪᠠᠶᠢᠭᠤᠯᠵᠤ᠂ ᠠᠯᠠᠰᠢᠨ ᠦᠬᠡᠷ ᠤᠨ ᠲᠤᠭ᠎ᠠ 26.1 ᠲᠦᠮᠡ ᠳᠤ ᠬᠦᠷᠴᠦ᠂ 45% ᠪᠠᠷ ᠨᠡᠮᠡᠭᠳᠡᠪᠡ᠃ 2876 | ᠮᠥ ᠲᠦᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠪᠠᠶᠢᠭᠤᠯᠵᠤ᠂ ᠬᠠᠭᠤᠴᠢᠨ ᠬᠦᠯᠡᠮᠵᠢ ᠶᠢᠨ ᠣᠷᠣᠨ ᠢ 8000 ᠮᠥ | ᠥᠭᠡᠷᠡᠴᠢᠯᠡᠨ ᠳᠡᠭᠡᠭᠰᠢᠯᠡᠭᠦᠯᠵᠦ᠂ ᠲᠦᠬᠦᠭᠡᠷᠦᠮᠵᠢᠲᠦ ᠲᠠᠷᠢᠶᠠᠯᠠᠩ ᠢ 6 ᠲᠦᠮᠡᠨ ᠮᠥ ᠳᠤ ᠬᠦᠷᠭᠡᠪᠡ᠃ ᠰᠦ ᠶᠢᠨ | ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠶ ᠡᠬᠢᠯᠡᠭᠦᠯᠵᠦ᠂ 20 ᠲᠦᠮᠡᠨ ᠰᠠᠭᠠᠯᠢ ᠶᠢᠨ | ᠦᠨᠢᠶᠡᠨ ᠤ ᠰᠠᠭᠤᠷᠢᠨ ᠭᠠᠵᠠᠷ ᠤᠨ ᠭᠠᠵᠠᠷ ᠰᠢᠷᠣᠶ ᠶᠢ ᠬᠡᠮᠵᠢᠨ ᠵᠢᠷᠤᠵᠤ ᠭᠠᠵᠠᠷ ᠰᠣᠩᠭᠤᠬᠤ ᠠᠵᠢᠯ ᠢ ᠪᠡᠶᠡᠯᠡᠭᠦᠯᠵᠦ | ᠂ 2 ᠲᠦᠮᠡᠨ ᠰᠠᠭᠠᠯᠢ ᠶᠢᠨ ᠦᠨᠢᠶ᠎ᠡ ᠶᠢᠨ ᠰᠠᠭᠤᠷᠢᠨ ᠭᠠᠵᠠᠷ ᠤᠨ ᠲᠥᠷᠥᠯ ᠵᠦᠢᠯ ᠤᠷᠤᠭᠰᠢᠲᠠᠶ ᠠᠬᠢᠪᠠ᠃ | ᠲᠠᠷᠢᠶᠠᠯᠠᠩ ᠤᠨ ᠤᠰᠤ ᠠᠷᠪᠢᠯᠠᠬᠤ ᠡᠷᠴᠢᠮ ᠢ ᠨᠡᠮᠡᠭᠳᠡᠭᠦᠯᠦᠨ᠂ 22 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠰᠢᠨ᠎ᠡ ᠪᠠᠷ ᠪᠠᠶᠢᠭᠤᠯᠪᠠ᠃ ᠪᠥᠸᠧ ᠶᠤᠸᠠᠨ ᠡᠭᠦᠯᠳᠡᠷ ᠤᠨ ᠦᠬᠡᠷ ᠤᠨ ᠥᠷᠲᠡᠭᠡ ᠠᠰᠢᠭᠯᠠᠯᠲᠠ ᠳᠤ | ᠣᠷᠣᠵᠤ᠂ ᠬᠤᠰᠢᠭᠤᠨ ᠤ ᠰᠠᠶᠢᠨ ᠡᠭᠦᠯᠳᠡᠷ ᠢ ᠦᠷᠡᠵᠢᠭᠦᠯᠦᠨ ᠳᠡᠯᠭᠡᠷᠡᠭᠦᠯᠬᠦ ᠲᠥᠪ ᠨᠢ ᠤᠯᠤᠰ ᠤᠨ ᠲᠠᠰ ᠤᠨ | ᠭᠤᠤᠯ ᠡᠭᠦᠯᠳᠡᠷ ᠪᠤᠶᠢᠵᠢᠭᠤᠯᠬᠤ ᠲᠠᠯᠠᠪᠠᠶ ᠪᠠᠷ ᠦᠨᠡᠯᠡᠭᠳᠡᠪᠡ᠃ ᠪᠥᠬᠦ ᠬᠤᠰᠢᠭᠤᠨ ᠤ ᠲᠠᠷᠢᠶᠠᠯᠠᠩ ᠤᠨ ᠮᠠᠰᠢᠨ ᠤ | ᠶᠡᠷᠦᠩᠬᠡᠶ ᠬᠥᠳᠡᠯᠭᠡᠬᠦ ᠬᠦᠴᠦᠨ 108.8 ᠲᠦᠮᠡᠨ ᠺᠢᠯᠣᠸᠠᠲ᠂ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ | 86.6% ᠳᠤ ᠬᠦᠷᠴᠦ᠂ ᠮᠠᠨ ᠤ ᠬᠤᠰᠢᠭᠤ ᠪᠥᠬᠦ ᠤᠯᠤᠰ ᠤᠨ ᠳᠣᠯᠣᠳᠤᠭᠠᠷ ᠪᠦᠯᠦᠭ ᠤᠨ ᠭᠤᠤᠯ ᠪᠣᠯᠬᠤ | ᠲᠠᠷᠢᠮᠠᠯ ᠤᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢᠶᠠᠷ | ᠦᠨᠡᠯᠡᠭᠳᠡᠪᠡ᠃ | ᠠᠵᠤ ᠦᠢᠯᠡᠳᠪᠦᠷᠢ ᠲᠤᠭᠲᠠᠭᠤᠨ ᠤ ᠳᠤᠮᠳᠠ ᠬᠦᠴᠦᠨ ᠬᠤᠷᠠᠮᠳᠤᠭᠤᠯᠪᠠ᠃ 3000 ᠲᠦᠮᠡᠨ | ᠲᠥᠭᠦᠷᠢᠭ ᠠᠴᠠ ᠳᠡᠭᠡᠭᠰᠢᠬᠢ 17 ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠳᠤ 12.26 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ | 10 ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠮᠠᠰᠢᠨ | ᠦᠢᠯᠡᠳᠬᠦ ᠦᠢᠯᠡᠰ ᠤᠨ ᠬᠡᠰᠡᠭ ᠲᠣᠭᠤᠷᠢᠭ ᠠᠩᠬ᠎ᠠ ᠠᠯᠬᠤᠮ ᠪᠦᠷᠢᠯᠳᠦᠪᠡ᠃ ᠬᠦᠷᠢᠶᠡᠯᠡᠩ ᠲᠣᠭᠤᠷᠢᠭ ᠤᠨ | ᠰᠠᠭᠤᠷᠢ ᠲᠦᠬᠦᠭᠡᠷᠦᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠭᠦᠯᠵᠦ᠂ 5 ᠺᠢᠯᠦᠮᠧᠲᠷ ᠵᠠᠮ᠂ 25 | ᠺᠢᠯᠦᠮᠧᠲᠷ ᠡᠯ᠎ᠡ ᠲᠥᠷᠥᠯ ᠤᠨ ᠬᠤᠭᠤᠯᠠᠶ ᠶᠢᠨ ᠲᠣᠤᠷ ᠢ ᠰᠢᠨ᠎ᠡ ᠪᠠᠷ ᠪᠠᠶᠢᠭᠤᠯᠵᠤ᠂ ᠤᠶᠤᠨᠲᠤ ᠬᠦᠷᠢᠶᠡᠯᠡᠩ | ᠲᠣᠭᠤᠷᠢᠭ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ | ᠪᠠᠶᠢᠰᠢᠩ ᠢ 10.96 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠤᠭᠰᠠᠨ ᠪᠠ ᠠᠮᠢᠳᠤᠯᠢᠭ | ᠪᠣᠯᠭᠠᠵᠤ᠂ 14 ᠠᠵᠤ ᠠᠬᠤᠶᠢᠯᠠᠯ ᠢ ᠣᠷᠣᠭᠤᠯᠤᠨ ᠠᠪᠴᠢᠷᠠᠪᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠢ | ᠪᠤᠶᠢᠵᠢᠭᠤᠯᠬᠤ ᠶᠢ ᠴᠢᠩᠭᠠᠳᠬᠠᠵᠤ᠂ 7 ᠠᠵᠤ ᠠᠬᠤᠶᠢᠯᠠᠯ ᠤᠨ ᠬᠡᠪᠴᠢᠶᠡᠵᠢᠯ ᠢ ᠳᠡᠭᠡᠭᠰᠢᠯᠡᠭᠦᠯᠦᠨ ᠪᠦᠷᠢᠳᠬᠡᠯ ᠳᠤ | ᠣᠷᠣᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 29 ᠪᠣᠯᠭᠠᠵᠤ᠂ 59.9 ᠳ᠋ᠦᠩᠰᠢᠭᠤᠷ | ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ ᠠᠤᠬᠠᠨ ᠤ ᠨᠠᠷᠢᠮᠤ ᠶᠢᠨ ᠠᠵᠤ ᠦᠢᠯᠡᠰ ᠤᠨ | ᠬᠦᠷᠢᠶᠡᠯᠡᠩ ᠢ ᠤᠯᠤᠰ ᠤᠨ ᠳᠣᠯᠣᠭᠠᠨ ᠶᠠᠮᠤᠨ ᠵᠥᠪᠯᠡᠯ ᠢᠶᠠᠷ ᠮᠠᠭᠠᠳᠯᠠᠨ ᠲᠣᠭᠲᠠᠭᠠᠭᠰᠠᠨ ᠪᠠᠶᠢᠨ᠎ᠠ᠃ | ᠠᠭᠤᠷᠬᠠᠢ ᠶᠢᠨ ᠦᠢᠯᠡᠰ ᠤᠨ ᠠᠵᠤ ᠠᠬᠤᠢ ᠦᠷᠭᠦᠯᠵᠢᠯᠡᠨ ᠪᠤᠵᠠᠭᠠᠶᠢᠷᠠᠵᠤ᠂ ᠠᠵᠤ ᠠᠬᠤᠢ ᠶᠢᠨ ᠬᠤᠪᠢ ᠨᠡᠮᠡᠷᠢ ᠶᠢᠨ | ᠨᠤᠷᠮ᠎ᠠ ᠨᠢ 23.7% ᠳᠤ ᠬᠦᠷᠴᠦ᠂ ᠵᠢᠢ ᠯᠦᠩ ᠠᠭᠤᠷᠬᠠᠢ ᠶᠢᠨ ᠦᠢᠯᠡᠰ ᠤᠨ ᠮᠡᠷᠭᠡᠵᠢᠯ ᠤᠨ | ᠥᠭᠡᠷᠡᠴᠢᠯᠡᠯᠲᠡ ᠶᠢᠨ ᠥᠷᠭᠡᠳᠬᠡᠨ ᠪᠠᠶᠢᠭᠤᠯᠬᠤ ᠵᠢᠴᠢ ᠨᠡᠮᠡᠭᠳᠡᠭᠦᠯᠬᠦ ᠲᠥᠷᠥᠯ ᠵᠦᠢᠯ ᠳᠤ 1.2 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠱᠤᠸᠠᠩ ᠹᠧᠩ ᠲᠡᠮᠦᠷ ᠤᠨ ᠠᠭᠤᠷᠬᠠᠢ ᠶᠢᠨ ᠮᠠᠯᠲᠠᠵᠤ | ᠰᠣᠩᠭᠤᠬᠤ᠂ ᠪᠦᠦ ᠲᠠ ᠴᠢᠯᠠᠭᠤᠨ ᠲᠤᠰᠤᠨ ᠤ ᠵᠠᠨᠠᠷ ᠤᠨ ᠴᠢᠯᠠᠭᠤᠯᠢᠭ ᠮᠠᠯᠲᠠᠵᠤ ᠪᠣᠯᠪᠠᠰᠤᠷᠠᠭᠤᠯᠬᠤ ᠵᠡᠷᠭᠡ ᠲᠥᠷᠥᠯ | ᠵᠦᠢᠯ ᠢ ᠡᠮᠬᠢ ᠵᠢᠷᠤᠮ ᠲᠠᠢ ᠠᠬᠢᠭᠤᠯᠵᠤ᠂ ᠪᠥᠬᠦ ᠬᠤᠰᠢᠭᠤᠨ ᠤ ᠪᠣᠬᠢᠷᠲᠤᠯ ᠥᠬᠡᠶ ᠠᠭᠤᠷᠬᠠᠶ ᠶᠢ 4 ᠡᠷᠦᠬᠡ ᠳᠤ | ᠬᠦᠷᠭᠡᠪᠡ᠃ | ᠦᠢᠯᠡᠴᠢᠯᠡᠭᠡᠨ ᠤ ᠦᠢᠯᠡᠰ ᠲᠣᠭᠲᠠᠭᠤᠨ ᠤ ᠳᠤᠮᠳᠠ ᠳᠡᠭᠡᠭᠰᠢᠯᠡᠪᠡ᠃ ᠨᠠᠷᠢᠳ ᠤᠨ ᠭᠤᠣᠯ ᠠᠴᠠ ᠥᠪᠡᠷᠲᠡᠭᠡᠨ | ᠲᠡᠷᠭᠡ ᠵᠢᠯᠣᠭᠤᠳᠤᠨ ᠵᠤᠭᠠᠴᠠᠬᠤ ᠰᠠᠭᠤᠷᠢᠨ ᠭᠠᠵᠠᠷ᠂ ᠯᠢᠦᠢ ᠶᠤᠸᠠᠨ ᠠᠮᠢ ᠠᠬᠤᠢ ᠶᠢᠨ ᠵᠤᠭᠠᠴᠠᠯ ᠤᠨ ᠬᠦᠷᠢᠶᠡᠯᠡᠩ᠂ | ᠰᠦᠩ ᠵᠠᠩ ᠽᠢ ᠡᠷᠲᠡᠨ ᠤ ᠲᠣᠰᠬᠤᠨ᠂ ᠬᠠᠯᠠᠭᠤᠨ ᠷᠠᠰᠢᠶᠠᠨᠲᠤ ᠬᠤᠲᠠ ᠵᠡᠷᠭᠡ ᠠᠴᠢᠶᠠᠯᠠᠪᠤᠷᠢ ᠳᠤ ᠲᠦᠰᠢᠭᠯᠡᠨ᠂ | 5 ᠵᠤᠷᠪᠤᠰ ᠵᠤᠭᠠᠴᠠᠯ ᠤᠨ ᠵᠠᠮ ᠱᠤᠭᠤᠮ ᠢ ᠪᠠᠶᠢᠭᠤᠯᠵᠤ᠂ ᠪᠦᠬᠦ ᠵᠢᠯ ᠳᠤ 80 ᠲᠦᠮᠡᠨ ᠬᠥᠮᠦᠨ ᠤᠳᠠᠭ᠎ᠠ ᠶᠢᠨ | ᠵᠤᠭᠠᠴᠠᠭᠰᠠᠳ ᠢ ᠬᠦᠯᠢᠶᠡᠨ ᠠᠪᠴᠤ᠂ ︽ᠯᠢᠶᠠᠨ ᠵᠠᠩ ᠱᠠᠨ - ᠰᠠᠨ ᠱᠢ ᠡᠯ ᠯᠢᠶᠠᠨ ᠱᠠᠨ - ᠮᠠ ᠠᠨ ᠱᠠᠨ | ᠤᠯᠤᠰ ᠤᠨ ᠤᠢ ᠰᠢᠭᠤᠢ ᠶᠢᠨ ᠬᠦᠷᠢᠶᠡᠯᠡᠩ︾ ᠨᠢ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠤ | ᠲᠡᠦᠬᠡ ᠶᠢᠨ ᠬᠥᠮᠦᠵᠢᠯ ᠤᠨ ᠰᠣᠳᠣᠨ ᠵᠠᠮ ᠱᠤᠭᠤᠮ ᠳᠤ ᠰᠣᠩᠭᠤᠭᠳᠠᠪᠠ᠃ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ 46 ᠪᠣᠯᠵᠤ᠂ ᠪᠦᠬᠦ ᠵᠢᠯ ᠤᠨ ᠲᠠᠸᠠᠷ ᠤᠨ ᠠᠷᠠᠯᠵᠢᠶᠠᠨ ᠤ | ᠬᠡᠮᠵᠢᠶ᠎ᠡ 7.1 ᠳ᠋ᠦᠩᠰᠢᠭᠤᠷ ᠲᠥᠭᠦᠷᠢᠭ ᠬᠦᠷᠴᠦ᠂ ᠲᠡᠮᠦᠷᠯᠢᠭ ᠮᠠᠰᠢᠨ ᠴᠠᠬᠢᠯᠭᠠᠨ ᠭᠡᠷ ᠤᠨ ᠬᠡᠷᠡᠭᠰᠡᠯ ᠤᠨ ᠲᠥᠷᠥᠯ | ᠵᠦᠢᠯ ᠤᠨ ᠪᠡᠯᠡ ᠣᠷᠣᠭᠤᠯᠤᠯᠲᠠ ᠶᠢ 3 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠶᠢ ᠬᠥᠭᠵᠢᠭᠡᠵᠦ᠂ ᠲᠣᠮᠣ ᠬᠡᠯᠪᠡᠷᠢ ᠶᠢᠨ ᠬᠡᠷᠡᠭᠯᠡᠭᠡ ᠶᠢ ᠠᠬᠢᠭᠤᠯᠬᠤ | ᠠᠵᠢᠯᠯᠠᠭ᠎ᠠ ᠶᠢ 31 ᠲᠠᠯᠠᠪᠤᠷ ᠤᠳᠠᠭ᠎ᠠ ᠡᠷᠭᠢᠯᠡᠵᠦ᠂ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ 600 ᠲᠦᠮᠡᠨ | ᠲᠥᠭᠦᠷᠢᠭ ᠲᠠᠷᠬᠠᠭᠠᠵᠤ᠂ 5900 ᠭᠠᠷᠤᠶ ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠪᠠ᠃ ᠪᠦᠬᠦ ᠵᠢᠯ ᠳᠤ | ᠰᠢᠨ᠎ᠡ ᠪᠠᠷ 16 ᠨᠢᠭᠡᠴᠢ ᠨᠡᠮᠡᠭᠳᠡᠭᠰᠡᠨ ᠪᠠᠶᠢᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ | ᠦᠯᠡᠳᠡᠪᠦᠷᠢ 236.4 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠦᠯᠡᠳᠡᠪᠦᠷᠢ 133.7 ᠳ᠋ᠦᠩᠰᠢᠭᠤᠷ | ᠲᠥᠭᠦᠷᠢᠭ᠂ ᠬᠠᠳᠠᠭᠠᠯᠠᠮᠵᠢ ᠵᠢᠭᠡᠯᠡᠯᠭᠡ ᠶᠢᠨ ᠬᠠᠷᠢᠴᠠᠯ 56.56% ᠳᠤ ᠬᠦᠷᠪᠡ᠃ | ︵ᠬᠤᠶᠠᠷ︶ ᠠᠵᠤ ᠠᠬᠤᠢ ᠶᠢᠨ ᠬᠥᠭᠵᠢᠯᠲᠡ ᠨᠢ ᠬᠦᠴᠦᠷᠬᠡᠭ ᠶᠡᠭᠡ ᠬᠥᠳᠡᠯᠭᠡᠬᠦ ᠬᠦᠴᠦᠨ ᠢ ᠪᠠᠳᠠᠷᠠᠭᠤᠯᠪᠠ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ᠃ 1000 | ᠲᠦᠮᠡᠨ ᠲᠦᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ 102 ᠪᠠᠶᠢᠵᠤ᠂ 42.03 | ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠳᠡᠭᠡᠳᠦ ᠱᠠᠲᠤᠨ ᠤ ᠪᠡᠯᠡ ᠮᠥᠩᠬᠦ ᠶᠢ 42. | 54 ᠳ᠋ᠦᠩᠰᠢᠭᠤᠷ ᠲᠦᠭᠦᠷᠢᠭ ᠴᠢᠷᠮᠠᠶᠢᠨ ᠣᠯᠵᠤ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠬᠦ ᠶᠢ 3.3 | ᠳ᠋ᠦᠩᠰᠢᠭᠤᠷ ᠲᠦᠭᠦᠷᠢᠭ ᠣᠯᠪᠠ᠃ 2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠯᠦᠩ ᠲᠠᠢ ᠳ᠋ᠢ | ᠳᠠᠷᠤᠯᠲᠠᠲᠤ ᠬᠤᠭᠤᠯᠠᠶ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ 5.96 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠷᠦᠢ ᠳ᠋ᠢᠶᠠᠨ ᠠᠤᠬᠠᠨ ᠬᠤᠰᠢᠭᠤᠨ ᠤ ᠠᠵᠤ ᠦᠢᠯᠡᠰ ᠤᠨ | ᠬᠦᠷᠢᠶᠡᠯᠡᠩ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ ᠵᠦᠢᠯ ᠢ ᠤᠷᠤᠭᠰᠢᠲᠠᠶ ᠠᠬᠢᠭᠤᠯᠵᠤ᠂ 7 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠠᠯᠠ | ᠣᠷᠣᠭᠤᠯᠤᠯᠲᠠ ᠶᠢᠨ 15 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠪᠠ᠃ | ᠠᠷᠠᠯᠵᠢᠶᠠᠴᠢᠨ ᠤᠷᠢᠵᠤ ᠪᠡᠯᠡ ᠲᠠᠲᠠᠬᠤ ᠨᠢ ᠵᠢᠱᠢᠭᠰᠡᠨ ᠬᠠᠷᠠᠯᠲᠠ ᠪᠠᠨ ᠪᠡᠶᠡᠯᠡᠭᠦᠯᠪᠡ᠃ ᠬᠡᠯᠬᠢᠶ᠎ᠡ ᠶᠢᠨ | ᠳᠠᠷᠤᠭ᠎ᠠ ᠶᠢᠨ ᠲᠦᠷᠢᠮ᠂ ᠲᠤᠰᠬᠠᠶ ᠠᠩᠭᠢ ᠶᠢᠨ ᠲᠦᠷᠢᠮ ᠢ ᠬᠡᠷᠡᠭᠵᠢᠭᠦᠯᠵᠦ᠂ ᠪᠥᠬᠦ ᠵᠢᠯ ᠳᠤ ᠠᠷᠠᠯᠵᠢᠶᠠᠴᠢᠨ | ᠤᠷᠢᠵᠤ ᠪᠡᠯᠡ ᠲᠠᠲᠠᠬᠤ ᠲᠥᠷᠥᠯ ᠵᠦᠢᠯ ᠳᠤ ᠨᠡᠶᠢᠲᠡ 62 ᠭᠡᠷ᠎ᠡ ᠲᠣᠭᠲᠠᠵᠤ᠂ 17.3 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠣᠳᠠᠲᠠᠶᠢᠵᠢᠭᠤᠯᠪᠠ᠃ 6. 8 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ ᠤᠯᠠᠭᠠᠨᠬᠠᠳᠠ ᠶᠢᠨ ᠯᠦᠩ ᠵᠢᠥᠢ ᠲᠣᠷᠮᠤᠰᠯᠠᠬᠤ ᠲᠠᠪᠠᠭ ᠤᠨ ᠲᠥᠷᠥᠯ ᠵᠦᠢᠯ ᠤᠨ ᠰᠠᠭᠤᠷᠢ | ᠢᠨᠵᠧᠨᠧᠷᠢᠩ ᠢ ᠪᠡᠶᠡᠯᠡᠭᠦᠯᠵᠦ᠂ 10 ᠳ᠋ᠦᠩᠰᠢᠭᠤᠷ ᠲᠥᠭᠦᠷᠢᠭ ᠤᠨ ᠬᠤᠸᠠ ᠷᠦᠢ ᠰᠠᠯᠬᠢᠨ ᠬᠦᠴᠦᠨ ᠤ | ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠵᠤ᠂ 80 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠰᠢᠩ ᠭᠦ᠋ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠬᠡᠯᠪᠡᠷᠢ ᠶᠢᠨ ᠴᠠᠬᠢᠭᠤᠷ ᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ | ᠠᠮᠵᠢᠯᠲᠠ ᠲᠠᠢ ᠪᠠᠷ ᠭᠡᠷ᠎ᠡ ᠲᠣᠭᠲᠠᠵᠤ᠂ ᠥᠨᠳᠥᠷ ᠪᠦᠲᠦᠮᠵᠢᠲᠡᠶ ᠪᠠᠷ ᠠᠬᠢᠭᠤᠯᠪᠠ᠃ | ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠪᠦᠬᠦᠯᠢ ᠴᠣᠭᠴᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ | ᠬᠢᠨᠠᠬᠤ ᠶᠢ ᠰᠠᠯᠭᠠᠬᠤ︾ ᠬᠢᠨᠠᠨ ᠵᠥᠪᠰᠢᠶᠡᠷᠡᠬᠦ ᠵᠠᠭᠪᠤᠷ ᠢ ᠪᠠᠶᠢᠭᠤᠯᠵᠤ᠂ 35 ᠰᠠᠯᠠᠭ᠎ᠠ ᠮᠥᠴᠢᠷ ᠤᠨ | ᠴᠣᠩᠬᠤᠪᠴᠢ ᠳᠤ ᠢᠯᠭᠠᠭ᠎ᠠ ᠥᠬᠡᠶ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ ᠭᠤᠶᠤᠴᠢᠯᠠᠯ ᠤᠨ | ᠮᠠᠲ᠋ᠧᠷᠢᠶᠠᠯ ᠢ ᠳᠠᠬᠢᠨ 17.1% ᠪᠠᠷ ᠴᠣᠮᠬᠠᠳᠬᠠᠬᠤ ᠶᠢ ᠳᠥᠯᠭᠢᠨ ᠠᠬᠢᠭᠤᠯᠵᠤ᠂ ᠬᠢᠨᠠᠨ ᠵᠥᠪᠰᠢᠶᠡᠷᠡᠬᠦ | ᠭᠤᠭᠴᠤᠭ᠎ᠠ ᠶᠢ ᠳᠠᠬᠢᠨ 13.4% ᠪᠠᠷ ᠪᠠᠭᠠᠰᠬᠠᠵᠤ᠂ ᠭᠦᠢᠴᠡᠳᠬᠡᠵᠦ ᠳᠠᠭᠤᠰᠬᠠᠬᠤ ᠴᠠᠭ ᠤᠨ ᠬᠢᠵᠠᠭᠠᠷ ᠢ ᠳᠠᠬᠢᠨ | 43.1% ᠪᠠᠷ ᠲᠦᠷᠭᠡᠳᠬᠡᠵᠦ᠂ ᠭᠦᠶᠦᠬᠦ ᠤᠳᠠᠭ᠎ᠠ ᠶᠢ ᠳᠠᠬᠢᠨ 28.3% ᠪᠠᠷ ᠪᠠᠭᠤᠷᠠᠭᠤᠯᠪᠠ᠃ 12345 | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠤᠲᠠᠰᠤ᠂ ᠣᠯᠠᠨ ᠲᠦᠮᠡᠨ ᠤ ᠪᠠᠴᠢᠮ ᠲᠤᠯᠭᠠᠮ᠎ᠠ ᠵᠣᠪᠠᠨᠢᠯ | ᠬᠦᠰᠡᠯ ᠤᠨ ᠠᠰᠠᠭᠤᠳᠠᠯ ᠢ ᠨᠡᠶᠢᠲᠡ 7163 ᠵᠣᠷᠪᠤᠰ ᠠᠰᠠᠭᠤᠳᠠᠯ ᠢ ᠰᠢᠢᠳᠪᠦᠷᠢᠯᠡᠪᠡ᠃ ᠤᠯᠤᠰ ᠤᠨ ᠭᠠᠶᠢᠯᠢ ᠶᠢ | ᠬᠠᠰᠤᠵᠤ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠭᠠᠶᠢᠯᠢ ᠰᠦᠢᠳᠬᠡᠯ ᠢ 2.25 ᠳ᠋ᠦᠩᠰᠢᠭᠤᠷ ᠲᠥᠭᠦᠷᠢᠭ ᠬᠠᠰᠤᠵᠤ | ᠬᠡᠯᠲᠦᠷᠢᠭᠦᠯᠪᠡ᠃ | ᠥᠭᠡᠷᠡᠴᠢᠯᠡᠯᠲᠡᠡ ᠶᠢ ᠭᠦᠨᠵᠡᠭᠡᠶᠢᠷᠡᠭᠦᠯᠵᠦ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠪᠡ᠃ 38 | ᠵᠦᠢᠯ ᠤᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ | ᠡᠭᠦᠷᠭᠡ ᠶᠢ ᠪᠡᠶᠡᠯᠡᠭᠦᠯᠪᠡ᠃ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠡᠷᠴᠢᠮᠲᠡᠢ ᠪᠥᠭᠡᠳ ᠡᠮᠬᠢ | ᠵᠢᠷᠤᠮ ᠲᠠᠢ ᠶᠠᠪᠤᠭᠳᠠᠵᠤ᠂ 194 ᠨᠢᠭᠡᠴᠢ ᠶᠢᠨ ᠲᠥᠰᠦᠪ ᠤᠨ ᠬᠠᠮᠢᠶᠠᠷᠤᠯᠲᠠ ᠶᠢ ᠨᠢᠭᠡ ᠴᠤᠬᠴᠠᠵᠢᠭᠤᠯᠬᠤ | ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠠᠮᠵᠢᠯᠲᠠ ᠪᠦᠲᠦᠮᠵᠢ ᠶᠢᠨ ᠥᠪᠡᠷ ᠤᠨ | ᠦᠨᠡᠯᠡᠯᠲᠡ ᠶᠢ ᠪᠦᠬᠦ ᠲᠠᠯ᠎ᠠ ᠪᠠᠷ ᠡᠬᠢᠯᠡᠭᠦᠯᠵᠦ᠂ 685 ᠲᠦᠷᠦᠯ ᠵᠦᠢᠯ ᠢ ᠪᠡᠶᠡᠯᠡᠭᠦᠯᠪᠡ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠲᠡᠭᠦᠰ | ᠠᠮᠵᠢᠯᠲᠠ ᠲᠠᠢ ᠲᠡᠭᠦᠰᠬᠡᠵᠦ᠂ ᠯᠦᠩ ᠰᠢᠩ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠦᠯᠦᠭᠯᠡᠯ | ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠪᠡᠶᠡᠯᠡᠭᠦᠯᠵᠦ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ | ᠯᠠᠪᠳᠠᠭᠤᠨ ᠢᠶᠠᠷ ᠠᠬᠢᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠨᠠᠩ | ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠣᠯᠭᠠᠪᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠢ ᠰᠢᠨ᠎ᠡ ᠪᠠᠶᠢᠳᠠᠯ ᠢ ᠡᠭᠦᠳᠪᠡ | ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠪᠠ᠃ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠬᠦᠯᠵᠦ᠂ ᠮᠠᠯᠴᠢᠨ ᠲᠠᠷᠢᠶᠠᠴᠢᠨ ᠡᠷᠦᠬᠡ ᠶᠢᠨ 10.47 ᠲᠦᠮᠡᠨ ᠡᠷᠦᠬᠡ᠂ 28.59 ᠲᠦᠮᠡᠨ ᠬᠥᠮᠦᠨ ᠢ | ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ᠂ ᠬᠢᠨᠠᠨ ᠬᠡᠮᠵᠢᠬᠦ ᠡᠲᠡᠭᠡᠳ 2294 ᠡᠷᠦᠬᠡ᠂ 4920 ᠬᠥᠮᠦᠨ ᠢ | ᠰᠢᠨ᠎ᠡ ᠪᠠᠷ ᠮᠠᠭᠠᠳᠯᠠᠨ ᠲᠣᠭᠲᠠᠭᠠᠵᠤ᠂ ᠡᠷᠦᠬᠡ ᠬᠥᠮᠦᠨ ᠤ ᠪᠠᠶᠢᠳᠠᠯ ᠢ ᠦᠨᠳᠦᠰᠦᠯᠡᠨ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠶᠢ ᠨᠠᠷᠢᠯᠢᠭ ᠣᠨᠤᠪᠴᠢᠲᠠᠢ ᠪᠠᠷ ᠨᠠᠶᠢᠳᠠᠪᠤᠷᠢᠵᠢᠭᠤᠯᠪᠠ᠃ ᠶᠠᠳᠠᠭᠤ ᠠᠴᠠ ᠠᠩᠭᠢᠵᠢᠷᠠᠭᠰᠠᠨ | ᠡᠷᠦᠬᠡ ᠶᠢᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ 4093 ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ 1817 ᠰᠢᠨ᠎ᠡ ᠬᠡᠯᠪᠡᠷᠢ ᠶᠢᠨ ᠮᠠᠯᠴᠢᠨ | ᠲᠠᠷᠢᠶᠠᠴᠢᠨ ᠢ ᠬᠥᠮᠥᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠬᠢᠬᠦ ᠨᠥᠬᠦᠪᠥᠷᠢ᠂ | ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠶᠢ 417.15 ᠲᠦᠮᠡᠨ | ᠲᠥᠭᠦᠷᠢᠭ ᠲᠠᠷᠬᠠᠭᠠᠪᠠ᠃ | ᠠᠵᠤ ᠦᠢᠯᠡᠰ ᠤᠨ ᠳᠠᠶᠢᠴᠢᠯᠠᠬᠤ ᠦᠢᠯᠡᠳᠦᠯ ᠢ ᠴᠢᠩᠬᠠᠳᠬᠠᠪᠠ᠃ 2.19 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 128 ᠲᠦᠷᠦᠯ ᠵᠦᠢᠯ ᠢ | ᠬᠡᠷᠡᠭᠵᠢᠭᠦᠯᠵᠦ᠂ ︽3N︾ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ ᠤᠨ | ᠲᠣᠭᠤᠷᠢᠨ ᠳᠤ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ 5 ᠪᠠᠶᠢᠭᠤᠯᠵᠤ᠂ 9545 | ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠲᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠪᠡ᠃ | ᠪᠦᠬᠦ ᠵᠢᠯ ᠳᠤ ᠲᠠᠷᠢᠶᠠᠯᠠᠩ ᠢ ᠲᠤᠰᠠᠯᠠᠬᠤ ᠵᠢᠭᠡᠯᠡᠯᠭᠡ 8.6 ᠳ᠋ᠦᠩᠰᠢᠭᠤᠷ ᠲᠥᠭᠦᠷᠢᠭ ᠲᠠᠷᠬᠠᠭᠠᠵᠤ᠂ 5736 | ᠲᠠᠷᠢᠶᠠᠯᠠᠬᠤ ᠮᠠᠯᠵᠢᠬᠤ ᠡᠷᠦᠬᠡ ᠳᠤ ᠠᠵᠤ ᠦᠢᠯᠡᠰ ᠢᠶᠠᠨ ᠬᠥᠭᠵᠢᠭᠦᠯᠬᠦ ᠶᠢ ᠳᠡᠮᠵᠢᠪᠡ᠃ ᠲᠥᠪ ᠤᠨ ᠰᠢᠭᠤᠳ | ᠬᠠᠷᠢᠶ᠎ᠠ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ 810 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢ | ᠴᠢᠷᠮᠠᠶᠢᠨ ᠣᠯᠵᠤ᠂ 49 ᠲᠥᠷᠥᠯ ᠵᠦᠢᠯ ᠢ ᠨᠠᠶᠢᠳᠠᠪᠤᠷᠢᠵᠢᠭᠤᠯᠤᠨ᠂ ᠬᠡᠷᠡᠭᠯᠡᠭᠡ ᠪᠠᠷ ᠬᠠᠪᠰᠤᠷᠤᠨ ᠲᠡᠳᠬᠦᠭᠰᠡᠨ | ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠨᠡᠶᠢᠲᠡ 11.07 ᠳ᠋ᠦᠩᠰᠢᠭᠤᠷ ᠲᠥᠭᠦᠷᠢᠭ ᠲᠤ | ᠬᠦᠷᠴᠡᠶ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠪᠡ᠃ 215 ᠠᠶᠢᠯ | ᠲᠣᠰᠬᠤᠨ ᠤ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ ︽ᠵᠣᠷᠯᠣᠩ ᠤᠨ ᠥᠭᠡᠷᠡᠴᠢᠯᠡᠯᠲᠡ︾ | ᠶᠢ ᠯᠠᠪᠳᠠᠭᠤᠨ ᠪᠠᠲᠤᠲᠠᠶ ᠠᠬᠢᠭᠤᠯᠵᠤ᠂ 1250 ᠠᠷᠢᠭᠤᠨ ᠴᠡᠪᠡᠷ ᠤᠨ ᠵᠣᠷᠯᠣᠩ ᠢ ᠰᠢᠨ᠎ᠡ ᠪᠠᠷ ᠪᠠᠶᠢᠭᠤᠯᠪᠠ᠃ | ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ 40 ᠭᠠᠵᠠᠷ ᠬᠡᠷᠡᠭᠵᠢᠭᠦᠯᠵᠦ᠂ | 2.9 ᠲᠦᠮᠡᠨ ᠬᠥᠮᠦᠨ ᠳᠤ ᠠᠰᠢᠭ ᠬᠦᠷᠲᠡᠭᠡᠪᠡ᠃ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ | ᠬᠠᠮᠠᠭᠠᠯᠠᠬᠤ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠶᠢ ᠨᠡᠶᠢᠭᠡᠮᠴᠢᠯᠡᠭᠰᠡᠨ ᠡᠵᠡᠩᠨᠡᠯᠲᠡ ᠶᠢ ᠪᠡᠶᠡᠯᠡᠭᠦᠯᠪᠡ᠃ | ᠬᠥᠳᠡᠭᠡ ᠲᠣᠰᠬᠤᠨ ᠤ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ᠬᠥᠳᠡᠭᠡ ᠲᠣᠰᠬᠤᠨ ᠤ ᠬᠡᠪ ᠰᠤᠷᠲᠠᠯ ᠤᠨ | ᠪᠣᠯᠪᠠᠰᠤᠨ ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠪᠣᠯᠪᠠᠰᠤᠨ ᠲᠣᠰᠬᠤᠨ | ᠪᠠᠯᠭᠠᠰᠤ 25 ᠶᠢ ᠪᠠᠶᠢᠭᠤᠯᠪᠠ᠃ | ︵ᠲᠦᠷᠪᠡ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠨᠢ ᠲᠣᠭᠲᠠᠭᠤᠨ ᠢᠶᠠᠷ ᠳᠡᠭᠡᠭᠰᠢᠯᠡᠪᠡ | ᠬᠤᠲᠠ ᠶᠢᠨ ᠰᠢᠨᠡᠴᠢᠯᠡᠯᠲᠡ ᠯᠠᠪᠳᠠᠭᠤᠨ ᠢᠶᠠᠷ ᠠᠬᠢᠪᠠ᠃ ︽ᠭᠤᠷᠪᠠᠨ ᠣᠷᠣᠨ ᠭᠤᠷᠪᠠᠨ ᠱᠤᠭᠤᠮ︾ ᠤᠨ ① | ᠲᠥᠪᠯᠡᠷᠡᠭᠦᠯᠦᠨ ᠬᠤᠪᠢᠶᠠᠷᠢᠯᠠᠨ ᠲᠣᠭᠲᠠᠭᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠭᠡᠷ ᠪᠠᠶᠢᠰᠢᠩ | ᠭᠠᠵᠠᠷ ᠬᠥᠷᠥᠩᠭᠡ ᠶᠢᠨ ᠨᠡᠭᠡᠭᠡᠯᠲᠡ ᠬᠢᠭᠰᠡᠨ ᠬᠡᠮᠵᠢᠶ᠎ᠡ 30.38 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ | 39 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠪᠠ᠃ ᠢᠯᠴᠢ ᠬᠠᠩᠭᠠᠬᠤ᠂ ᠤᠰᠤ ᠬᠠᠩᠭᠠᠬᠤ | ᠬᠤᠭᠤᠯᠠᠶ ᠶᠢᠨ ᠲᠣᠣᠷ ᠢ 26.5 ᠺᠢᠯᠦᠮᠧᠲᠷ ᠰᠢᠨ᠎ᠡ ᠪᠠᠷ ᠪᠠᠶᠢᠭᠤᠯᠵᠤ᠂ ᠡᠪᠳᠡᠭᠳᠡᠭᠰᠡᠨ ᠵᠠᠮ ᠤᠨ ᠭᠠᠳᠠᠷᠭᠤ ᠶᠢ 5. | 5 ᠲᠦᠮᠡᠨ ᠲᠡᠭᠰᠢ ᠳᠥᠷᠪᠡᠯᠵᠢᠨ ᠮᠧᠲᠷ ᠰᠡᠯᠪᠢᠨ ᠵᠠᠰᠠᠵᠤ᠂ ᠶᠠᠪᠠᠭᠠᠨ ᠬᠥᠮᠦᠨ ᠤ ᠵᠠᠮ ᠤᠨ ᠥᠩᠭᠡᠲᠦ | ᠲᠣᠭᠤᠰᠬ᠎ᠠ ᠶᠢ 6.7 ᠲᠦᠮᠡᠨ ᠲᠡᠭᠰᠢ ᠳᠥᠷᠪᠡᠯᠵᠢᠨ ᠮᠧᠲᠷ ᠳᠡᠪᠢᠰᠴᠦ᠂ ᠭᠠᠵᠠᠷ ᠳᠣᠣᠷᠠᠬᠢ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠵᠡᠷᠭᠡ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠤᠷᠤᠭᠰᠢᠲᠠᠶ ᠶᠠᠪᠤᠭᠳᠠᠵᠤ᠂ ᠬᠤᠲᠠ ᠲᠣᠭᠤᠷᠢᠭ ᠤᠨ ᠰᠠᠭᠤᠷᠢ | ᠲᠦᠬᠦᠭᠡᠷᠦᠮᠵᠢ ᠠᠯᠬᠤᠮ ᠠᠯᠬᠤᠮ ᠢᠶᠠᠷ ᠰᠠᠶᠢᠵᠢᠷᠠᠪᠠ᠃ | ᠰᠠᠭᠤᠷᠢ ᠪᠠᠲᠤᠯᠠᠭ᠎ᠠ ᠶᠢ ᠨᠡᠩ ᠪᠠᠲᠤ ᠪᠠᠬᠢ ᠪᠣᠯᠭᠠᠪᠠ᠃ ᠤᠯᠤᠰ ᠤᠨ ᠵᠠᠮ 305 ᠱᠤᠭᠤᠮ ᠤᠨ ᠳ᠋ᠠ ᠾᠧᠢ | ᠱᠠᠨ ᠠᠴᠠ ᠶᠠᠩᠴᠠᠩ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠰᠤᠳᠤᠯᠤᠨ ᠨᠠᠶᠢᠷᠠᠭᠤᠯᠤᠨ ᠵᠣᠬᠢᠶᠠᠵᠤ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ 22.1 | ᠺᠢᠯᠦᠮᠧᠲᠷ ᠰᠢᠨ᠎ᠡ ᠪᠠᠷ ᠪᠠᠶᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠰᠡᠯᠪᠢᠨ ᠵᠠᠰᠠᠵᠤ ᠠᠷᠠᠴᠢᠯᠠᠨ | ᠬᠠᠮᠠᠭᠠᠯᠠᠬᠤ ᠢᠨᠵᠧᠨᠧᠷᠢᠩ ᠢ 44.9 ᠺᠢᠯᠦᠮᠧᠲᠷ ᠬᠡᠷᠡᠭᠵᠢᠭᠦᠯᠵᠦ᠂ ᠪᠥᠬᠦ ᠬᠤᠰᠢᠭᠤᠨ ᠤ ᠤᠯᠤᠰ ᠮᠤᠵᠢ ᠶᠢᠨ | ᠭᠤᠣᠯ ᠱᠤᠭᠤᠮ ᠤᠨ ᠰᠢᠯᠢᠳᠡᠭ ᠵᠠᠮ ᠤᠨ ᠨᠣᠷᠮ᠎ᠠ ᠶᠢ 98% ᠳᠤ ᠬᠦᠷᠭᠡᠵᠦ᠂ ᠤᠯᠤᠰ ᠤᠨ ᠲᠠᠰ ᠤᠨ ︽ᠳᠥᠷᠪᠡᠨ | ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠷ ᠪᠠᠶᠢᠭᠤᠯᠪᠠ᠃ | LXB ᠤᠰᠤ ᠬᠠᠩᠭᠠᠬᠤ ᠰᠠᠯᠪᠤᠷᠢ ᠱᠤᠭᠤᠮ ᠤᠨ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ᠂ | ᠨᠠᠷᠢᠳ ᠤᠨ ᠭᠤᠣᠯ ᠢ ᠵᠠᠰᠠᠬᠤ ᠢᠨᠵᠧᠨᠧᠷᠢᠩ ᠢ ᠦᠨᠳᠦᠰᠦᠨ ᠳᠡᠭᠡᠨ ᠳᠠᠭᠤᠰᠭᠠᠪᠠ᠃ ᠬᠦᠳᠡᠭᠡ ᠲᠣᠰᠬᠤᠨ ᠤ | ᠴᠠᠬᠢᠯᠭᠠᠨ ᠤ ᠲᠣᠣᠷ ᠢ ᠥᠭᠡᠷᠡᠴᠢᠯᠡᠬᠦ ᠢᠨᠵᠧᠨᠧᠷᠢᠩ ᠢ 78 ᠬᠡᠷᠡᠭᠵᠢᠭᠦᠯᠵᠦ᠂ ᠪᠦᠬᠦ ᠬᠤᠰᠢᠭᠤᠨ ᠤ ᠴᠠᠬᠢᠯᠭᠠᠨ | ᠬᠠᠩᠭᠠᠬᠤ ᠨᠠᠶᠢᠳᠠᠪᠤᠷᠢᠲᠤ ᠨᠤᠷᠮ᠎ᠠ 99.83 % ᠳᠤ ᠬᠦᠷᠪᠡ᠃ 5G ᠶᠢᠨ ᠰᠦᠯᠵᠢᠶ᠎ᠡ 98% ᠶᠢᠨ ᠵᠠᠰᠠᠭ | ᠵᠠᠬᠢᠷᠭᠠᠨ ᠤ ᠲᠣᠰᠬᠤᠨ ᠳᠤ ᠪᠦᠷᠬᠦᠪᠡ᠃ | ᠬᠠᠮᠢᠶᠠᠷᠤᠯᠲᠠ ᠶᠢᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠬᠤᠲᠠ ᠲᠣᠭᠤᠷᠢᠭ ᠤᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ 750 ᠲᠡᠷᠭᠡ ᠵᠣᠭᠰᠣᠭᠠᠬᠤ | ᠪᠠᠶᠢᠷᠢ ᠶᠢ ᠨᠡᠮᠡᠨ ᠪᠠᠶᠢᠭᠤᠯᠵᠤ᠂ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ ᠶᠢ 90% ᠳᠤ ᠬᠦᠷᠦᠭᠦᠯᠵᠦ᠂ ︽ | ᠤᠯᠠᠭᠠᠨ ᠬᠠᠷ᠎ᠠ ᠰᠠᠮᠪᠠᠷ᠎ᠠ︾ ᠶᠢᠨ ᠲᠦᠷᠢᠮ ᠢ ᠠᠳᠠᠯ ᠠᠬᠤᠶ ᠶᠢᠨ ᠬᠠᠮᠢᠶᠠᠷᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ ᠰᠢᠨ ᠬᠤᠢ ᠬᠤᠲᠠ ᠲᠣᠭᠤᠷᠢᠭ ᠤᠨ | ᠨᠡᠶᠢᠲᠡ ᠶᠢᠨ ᠵᠣᠷᠯᠣᠩ ᠵᠢᠴᠢ ᠠᠮᠢᠳᠤᠷᠠᠯ ᠤᠨ ᠬᠤᠭ ᠨᠣᠪᠰᠢ ᠳᠠᠮᠵᠢᠭᠤᠯᠬᠤ ᠥᠷᠲᠡᠭᠡ᠂ ᠬᠤᠭ ᠨᠣᠪᠰᠢ ᠰᠢᠲᠠᠭᠠᠬᠤ | ᠢᠯᠴᠢ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ᠃ ᠡᠷᠤᠢ ᠬᠤᠷᠤᠢ ᠦᠭᠡᠢ | ᠪᠠᠶᠢᠳᠠᠯ ᠢ ᠦᠷᠭᠦᠯᠵᠢᠯᠡᠨ ᠵᠠᠰᠠᠵᠤ᠂ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ 4600 ᠲᠡᠭᠰᠢ ᠳᠥᠷᠪᠡᠯᠵᠢᠨ | ᠮᠧᠲᠷ ᠨᠤᠷᠠᠭᠠᠵᠤ᠂ ᠥᠪᠡᠰᠦᠪᠡᠨ ᠪᠠᠷᠢᠭᠰᠠᠨ ᠭᠡᠷ ᠪᠠᠶᠢᠰᠢᠩ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠲᠤᠰᠬᠠᠶ ᠠᠵᠢᠯᠯᠠᠭ᠎ᠠ ᠳᠤ ᠨᠡᠶᠢᠲᠡ 22.3 ᠲᠦᠮᠡᠨ ᠠᠰᠠᠭᠤᠳᠠᠯ ᠢ ᠬᠠᠷᠭᠤᠭᠤᠯᠤᠨ ᠪᠠᠶᠢᠴᠠᠭᠠᠪᠠ᠃ | ︵ᠲᠠᠪᠤ︶ ᠪᠣᠬᠢᠷᠳᠦᠯ ᠦᠭᠡᠢ ᠣᠶᠢᠯᠠᠭᠠᠭᠳᠠᠬᠤᠨ ᠨᠢ ᠠᠮᠢ ᠠᠬᠤᠢ ᠶᠢᠨ ᠰᠠᠭᠤᠷᠢ ᠦᠩᠬᠡ ᠶᠢ ᠵᠤᠵᠠᠭᠠᠳᠬᠠᠪᠠ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠣᠪᠤᠶᠢᠮ᠎ᠠ ᠠᠮᠵᠢᠯᠲᠠ ᠣᠯᠪᠠ᠃ 12 ᠲᠦᠮᠡᠨ ᠮᠦ | ᠣᠶᠢᠵᠢᠭᠤᠯᠤᠯᠲᠠ ᠶᠢ ᠪᠡᠶᠡᠯᠡᠭᠦᠯᠵᠦ᠂ 2 ᠲᠦᠮᠡᠨ ᠮᠦ ᠬᠥᠮᠦᠨ ᠤ ᠬᠦᠴᠦ ᠪᠠᠷ ᠡᠪᠡᠰᠦ ᠲᠠᠷᠢᠵᠤ᠂ | ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ 20 ᠲᠣᠰᠬᠤᠨ ᠢ ᠨᠣᠭᠤᠭᠠᠷᠠᠭᠤᠯᠵᠤ᠂ ᠣᠶ ᠰᠢᠭᠤᠶ ᠨᠤᠲᠤᠭ | ᠪᠡᠯᠴᠢᠭᠡᠷ ᠤᠨ ᠬᠤᠤᠷ ᠬᠥᠨᠥᠭᠡᠯ ᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ 10.22 ᠲᠦᠮᠡᠨ ᠮᠦ | ᠥᠷᠨᠢᠭᠦᠯᠵᠦ᠂ ᠮᠠᠨ ᠤ ᠬᠤᠰᠢᠭᠤ ᠤᠯᠠᠭᠠᠨᠬᠠᠳᠠ ᠬᠤᠲᠠ ᠶᠢᠨ ᠴᠣᠷ ᠤᠨ ᠭᠠᠭᠴᠠ ︽ᠥᠪᠡᠷᠲᠡᠭᠡᠨ ᠵᠠᠰᠠᠬᠤ | ᠣᠷᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠲᠤᠷᠰᠢᠯᠲᠠ ᠶᠢᠨ ᠨᠢᠭᠡᠴᠢ︾ ᠪᠠᠷ ᠵᠢᠭᠰᠠᠭᠠᠭᠳᠠᠵᠤ᠂ | ᠪᠠᠶᠢᠰᠡ ᠶᠢᠨ ᠬᠤᠷᠢᠶ᠎ᠠ ᠪᠠᠯᠭᠠᠰᠤᠨ ᠳᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠶᠠᠩ ᠪᠠᠯᠭᠠᠰᠤ︾ | ᠶᠢᠨ ᠴᠣᠯᠠ ᠭᠥᠷᠳᠡᠪᠡ᠃ ᠣᠢ ᠰᠢᠭᠤᠢ ᠶᠢᠨ ᠨᠡᠭᠦᠷᠡᠰᠦᠲᠥ᠋ᠷᠥᠭᠴᠢ ᠶᠢ ᠬᠤᠷᠠᠭᠤᠯᠬᠤ② ᠂ ᠤᠢ ᠰᠢᠭᠤᠢ ᠪᠠ | ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠴᠤ ᠨᠡᠭᠡᠭᠡᠨ ᠬᠥᠭᠵᠢᠭᠦᠯᠬᠦ | ᠠᠵᠢᠯᠯᠠᠭᠠᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠬᠤ ᠶᠢ ᠢᠳᠡᠪᠬᠢᠲᠡᠢ ᠪᠠᠷ ᠠᠬᠢᠭᠤᠯᠪᠠ᠃ | ᠣᠷᠴᠢᠨ ᠠᠬᠤᠢ ᠶᠢᠨ ᠬᠠᠮᠠᠭᠠᠯᠠᠯᠲᠠ ᠦᠨᠡᠨᠬᠦᠦ ᠴᠢᠩᠭᠠᠷᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ | ᠨᠣᠷᠮ᠎ᠠ 97.8% ᠳᠤ ᠬᠦᠷᠴᠡᠢ᠃ ᠭᠤᠤᠯ ᠮᠦᠷᠡᠨ ᠤ ᠲᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠦ᠂ | 54 ᠭᠤᠤᠯ ᠮᠦᠷᠡᠨ ᠤ ᠵᠠᠭᠠᠭ ᠲᠤᠭᠳᠠᠭᠠᠬᠤ ᠠᠵᠢᠯ ᠢ ᠪᠡᠶᠡᠯᠡᠬᠦᠯᠵᠦ᠂ ᠬᠤᠰᠢᠭᠤᠨ ᠤ ᠤᠰᠤᠨ ᠠᠰᠢᠭᠯᠠᠯᠳᠠ ᠶᠢᠨ | ᠲᠤᠪᠴᠢᠶ᠎ᠠ ᠪᠦᠬᠦ ᠤᠯᠤᠰ ᠤᠨ ᠬᠦᠷᠦᠰᠦ ᠰᠢᠷᠤᠢ ᠶᠢ ᠬᠠᠮᠠᠭᠠᠯᠠᠬᠤ ᠠᠵᠢᠯ ᠤᠨ ᠲᠡᠷᠢᠬᠦᠨ ᠤ ᠬᠠᠮᠳᠤ ᠪᠠᠷ | ᠦᠨᠡᠯᠡᠭᠳᠡᠪᠡ᠃ ᠠᠶᠢᠯ ᠲᠣᠰᠬᠤᠨ ᠭᠤᠤᠯ ᠮᠥᠷᠡᠨ ᠨᠠᠭᠤᠷ ᠴᠥᠭᠦᠷᠥᠮ ᠢ ᠴᠡᠭᠴᠡᠯᠡᠨ ᠵᠠᠰᠠᠬᠤ ᠬᠠᠪᠤᠷ ᠤᠨ | ᠤᠯᠠᠷᠢᠯ ᠤᠨ ᠠᠵᠢᠯᠯᠠᠭ᠎ᠠ ᠳᠤ ᠨᠡᠶᠢᠲᠡ 23.16 ᠲᠦᠮᠡᠨ ᠲᠣᠨ ᠬᠤᠭ ᠨᠣᠪᠰᠢ ᠶᠢ ᠴᠡᠪᠡᠷᠯᠡᠪᠡ᠃ ᠠᠭᠠᠷ ᠤᠨ | ᠴᠢᠨᠠᠷ ᠰᠠᠶᠢᠲᠠᠢ ᠡᠳᠦᠷ ᠤᠨ ᠲᠤᠭ᠎ᠠ ᠶᠢᠨ ᠬᠠᠷᠢᠴᠠᠯ 94.5% ᠳᠤ ᠬᠦᠷᠴᠦ᠂ ᠮᠠᠨ ᠤ ᠬᠤᠰᠢᠭᠤ ︽ᠳᠤᠮᠳᠠᠳᠤ | ᠤᠯᠤᠰ ᠤᠨ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠤᠨ ᠢᠷᠠᠭᠤ ᠠᠯᠳᠠᠷ ᠤᠨ ᠴᠣᠯᠠ ᠭᠥᠷᠳᠡᠪᠡ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯ ᠦᠷᠭᠦᠯᠵᠢᠯᠡᠨ ᠪᠠᠬᠢᠵᠢᠪᠡ᠃ ︽ | ᠬᠤᠶᠠᠷ ᠦᠨᠳᠦᠷ︾ ᠲᠥᠷᠥᠯ ᠵᠦᠢᠯ③ ᠤᠨ ᠤᠯᠠᠭᠠᠨ ᠱᠣᠭᠤᠮ ᠢ ᠴᠢᠩᠭ᠎ᠠ ᠰᠠᠬᠢᠵᠤ᠂ ᠪᠥᠬᠦ ᠬᠤᠰᠢᠭᠤᠨ ᠤ | ᠨᠢᠭᠡᠴᠢ GDP ᠶᠢᠨ ᠡᠨᠧᠷᠭᠢ ᠶᠢᠨ ᠬᠤᠷᠣᠭᠳᠠᠯ ᠤᠨ ④ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.7 | ᠵᠠᠭᠤᠨ ᠤ ᠴᠡᠭ ᠪᠠᠭᠤᠷᠠᠪᠠ᠃ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠮᠠᠨ ᠤ ᠬᠤᠰᠢᠭᠤ | ᠤᠯᠤᠰ ᠤᠨ ᠲᠠᠪᠤᠳᠤᠭᠠᠷ ᠪᠦᠯᠦᠭ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠬᠦᠷᠦᠭᠰᠡᠨ ᠰᠢᠶᠠᠨ ᠤ ᠨᠡᠷᠡᠰ ᠢᠶᠠᠷ ᠰᠣᠩᠭᠤᠭᠳᠠᠪᠠ᠃ ᠴᠡᠪᠡᠷ ᠡᠨᠧᠷᠭᠢ ᠶᠢ ᠶᠡᠬᠡᠪᠡᠷ ᠬᠥᠭᠵᠢᠭᠦᠯᠵᠦ᠂ | ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ 16.2 ᠲᠦᠮᠡᠨ ᠺᠢᠯᠣᠸᠠᠲ ᠲᠤ ᠬᠦᠷᠴᠦ | ᠂ ᠭᠡᠷᠡᠯ ᠴᠡᠨᠡᠭ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 37.2 ᠲᠦᠮᠡᠨ ᠺᠢᠯᠣᠸᠠᠲ ᠲᠤ ᠬᠦᠷᠴᠦ᠂ ᠰᠢᠨ᠎ᠡ | ᠡᠨᠧᠷᠭᠢ ᠶᠢᠨ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 8881 ᠲᠦᠮᠡᠨ ᠺᠢᠯᠣᠸᠠᠲ ᠴᠠᠭ ᠲᠤ ᠬᠦᠷᠪᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠨᠢ ᠪᠦᠲᠦᠮᠵᠢᠲᠡᠢ ᠰᠠᠶᠢᠵᠢᠷᠠᠪᠠ | ᠪᠠᠲᠤᠯᠠᠭ᠎ᠠ ᠶᠢᠨ ᠰᠢᠰᠲ᠋ᠧᠮ ᠢ ᠨᠠᠩ ᠲᠡᠭᠦᠯᠳᠡᠷᠵᠢᠭᠦᠯᠪᠡ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ 33. | 3 ᠲᠦᠮᠡᠨ ᠬᠥᠮᠥᠨ ᠢ ᠬᠠᠮᠤᠷᠴᠤ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠡᠭᠦᠷᠭᠡ ᠶᠢ ᠪᠡᠶᠡᠯᠡᠭᠦᠯᠦᠭᠰᠡᠨ | ᠨᠣᠷᠮ᠎ᠠ 100% ᠳᠤ ᠬᠦᠷᠪᠡ᠃ ᠬᠤᠲᠠ ᠪᠠᠯᠭᠠᠰᠤᠨ ᠳᠤ 1247 ᠬᠥᠮᠦᠨ ᠳᠤ ᠰᠢᠨ᠎ᠡ ᠪᠠᠷ ᠠᠵᠢᠯ ᠣᠯᠭᠤᠵᠤ᠂ | 11 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠥᠳᠡᠯᠮᠦᠷᠢ ᠬᠦᠴᠦᠨ ᠤ ᠣᠷᠣᠯᠭ᠎ᠠ ᠶᠢ | 22 ᠳ᠋ᠦᠩᠰᠢᠭᠤᠷ ᠲᠥᠭᠦᠷᠢᠭ ᠪᠡᠶᠡᠯᠡᠭᠦᠯᠵᠦ᠂ ︽ᠠᠤᠬᠠᠨ ᠤ ᠨᠠᠷᠢᠮᠤ ᠶᠢᠨ ᠲᠠᠷᠢᠶᠠᠯᠠᠩ ᠤᠨ ᠮᠡᠷᠭᠡᠵᠢᠯ ᠤᠨ | ᠠᠵᠢᠯᠴᠢᠨ︾᠂ ︽ᠠᠤᠬᠠᠨ ᠤ ᠤᠲᠠᠰᠤᠲᠤ ᠠᠵᠢᠯᠴᠢᠨ︾᠂ ︽ᠸᠠᠩ ᠵᠢᠩ ᠠᠮᠤᠷ ᠢ ᠬᠠᠮᠠᠭᠠᠯᠠᠬᠤ︾ ᠨᠢ | ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠯᠮᠦᠷᠢ ᠬᠦᠴᠦᠨ ᠤ ᠨᠠᠷᠠᠲᠤ ᠲᠡᠮᠳᠡᠭ ᠢᠶᠠᠷ ᠲᠣᠭᠲᠠᠭᠠᠭᠳᠠᠪᠠ᠃ | ᠪᠦᠬᠦ ᠵᠢᠯ ᠳᠤ ᠨᠡᠶᠢᠭᠡᠮ ᠤᠨ ᠡᠯ᠎ᠡ ᠲᠥᠷᠥᠯ ᠤᠨ ᠠᠪᠤᠷᠠᠨ ᠲᠤᠰᠠᠯᠠᠬᠤ ᠠᠰᠠᠷᠠᠮᠵᠢ ᠶᠢᠨ ᠪᠡᠯᠡ ᠮᠥᠩᠭᠦ ᠶᠢ 2.4 | ᠳ᠋ᠦᠩᠰᠢᠭᠤᠷ ᠲᠥᠭᠦᠷᠢᠭ ᠲᠠᠷᠬᠠᠭᠠᠪᠠ᠃ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠲᠦᠬᠦᠭᠡᠷᠦᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ | ᠰᠤᠷᠭᠠᠨ ᠬᠦᠮᠦᠵᠢᠯ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠤᠯᠤᠰ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠳᠤ ᠤᠷᠤᠭᠰᠢᠲᠠᠶ | ᠪᠠᠲᠤᠯᠠᠭᠳᠠᠵᠤ᠂ 5 ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠭᠤᠤᠯ ᠴᠣᠭᠴᠠ ᠶᠢᠨ | ᠢᠨᠵᠧᠨᠧᠷᠢᠩ ᠢ ᠪᠡᠶᠡᠯᠡᠭᠦᠯᠪᠡ᠃ ᠰᠤᠷᠭᠠᠭᠤᠯᠢ ᠶᠢᠨ ᠵᠠᠬᠢᠷᠤᠯ ᠤᠨ ᠠᠵᠢᠯ ᠤᠨ ᠪᠠᠶᠢᠷᠢ ᠶᠢ ᠰᠣᠯᠢᠯᠴᠠᠬᠤ᠂ ᠪᠠᠭᠰᠢ ᠶᠢᠨ | ᠠᠵᠢᠯ ᠤᠨ ᠪᠠᠶᠢᠷᠢ ᠶᠢ ᠳᠠᠭᠠᠵᠤ ᠪᠣᠯᠪᠠᠰᠤᠷᠠᠭᠤᠯᠬᠤ ᠲᠣᠭᠲᠠᠴᠠ ᠶᠢ ᠭᠦᠨᠵᠡᠭᠡᠶ ᠬᠡᠷᠡᠭᠵᠢᠭᠦᠯᠵᠦ᠂ ︽ᠬᠤᠶᠠᠷ ᠡᠩᠨᠡᠭᠡ | ︾ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃ ᠳᠤᠮᠳᠠᠳᠤ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠡᠩ ᠤᠨ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ 64. | 48% ᠳᠤ ᠬᠦᠷᠴᠦ᠂ 6.18 ᠵᠠᠭᠤᠨ ᠤ ᠴᠡᠭ ᠳᠡᠭᠡᠭᠰᠢᠯᠡᠪᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠣᠨᠴᠠᠭᠠᠢ ᠰᠤᠷᠭᠠᠨ ᠬᠦᠮᠦᠵᠢᠯ ᠣᠯᠠᠨ | ᠡᠰᠢᠵᠢᠨ ᠬᠦᠭᠵᠢᠪᠡ᠃ ᠰᠢᠨ ᠬᠤᠢ ᠳᠥᠷᠪᠡᠳᠦᠭᠡᠷ ᠪᠠᠭ᠎ᠠ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠲᠡᠰ ᠤᠨ | ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠪᠠᠷ ᠦᠨᠡᠯᠡᠭᠳᠡᠵᠦ᠂ ᠰᠢᠨ ᠬᠤᠢ | ᠬᠤᠶᠠᠳᠤᠭᠠᠷ ᠳᠤᠮᠳᠠᠳᠤ ᠰᠤᠷᠭᠠᠭᠤᠯᠢ ᠪᠦᠬᠦ ᠤᠯᠤᠰ ᠤᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠠᠮᠵᠢᠯᠲᠠ ᠲᠠᠢ | ᠪᠠᠶᠢᠭᠤᠯᠪᠠ᠃ | ᠡᠷᠡᠭᠦᠯ ᠡᠩᠬᠡ ᠠᠤᠬᠠᠨ ᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠴᠠᠭ ᠪᠠ ᠪᠠᠶᠢᠳᠠᠯ ᠢ ᠦᠨᠳᠦᠰᠦᠯᠡᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠠᠷᠠᠳ | ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ | ᠬᠡᠮᠵᠢᠶ᠎ᠡ ᠪᠠᠷ ᠰᠠᠬᠢᠨ ᠬᠠᠮᠠᠭᠠᠯᠠᠵᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠥᠬᠦ ᠶᠠᠪᠤᠴᠠ ᠳᠤ ᠲᠠᠷᠢᠬᠤ | ᠨᠣᠷᠮ᠎ᠠ ᠶᠢ 90% ᠳᠤ ᠬᠦᠷᠭᠡᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ | ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠳᠡᠭᠢᠨ ᠬᠢᠨᠠᠯᠲᠠ ᠶᠢ | ᠤᠷᠤᠭᠰᠢᠲᠠᠶ ᠦᠩᠭᠡᠷᠭᠡᠪᠡ᠃ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ | ᠦᠢᠯᠡᠴᠢᠯᠡᠭᠡ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠭᠤᠤᠯᠳᠠᠯᠭ᠎ᠠ ᠲᠠᠢ ᠬᠥᠮᠦᠰ ᠤᠨ ᠭᠡᠷ᠎ᠡ ᠲᠣᠭᠲᠠᠬᠤ ᠨᠣᠷᠮ᠎ᠠ ᠶᠢ | 78% ᠳᠤ ᠬᠦᠷᠭᠡᠪᠡ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠦᠷᠭᠡᠳᠭᠡᠪᠡ᠃ | ᠠᠷᠠᠳ ᠲᠤ ᠠᠰᠢᠭ ᠬᠦᠷᠲᠡᠭᠡᠬᠦ ᠲᠣᠭᠯᠠᠯᠲᠠ 103 ᠲᠠᠯᠠᠪᠤᠷ ᠤᠳᠠᠭ᠎ᠠ ᠥᠷᠨᠢᠭᠦᠯᠵᠦ᠂ 2 ᠢᠵᠢ ᠣᠷᠣᠨ | ᠨᠤᠲᠤᠭ ᠤᠨ ᠤᠷᠠᠨ ᠰᠠᠶᠢᠬᠠᠨ ᠤ ᠪᠦᠲᠦᠭᠡᠯ ᠢ ᠡᠭᠦᠳᠦᠨ ᠪᠦᠲᠦᠭᠡᠵᠦ᠂ ᠫᠢᠩᠵᠢᠦᠢ ᠵᠦᠴᠦᠭᠡ ︽ᠵᠤᠤ ᠶᠢᠨ ᠲᠠᠩ︾ | ᠨᠢ ᠳᠣᠯᠣᠳᠤᠭᠠᠷ ᠬᠤᠭᠤᠴᠠᠭᠠᠨ ᠤ ᠯᠢᠶᠣᠣᠨᠢᠩ ᠭᠢᠷᠢᠨ ᠬᠠᠷᠠᠮᠦ᠋ᠷᠡᠨ ᠥᠪᠦᠷ ᠮᠣᠩᠭᠤᠯ ᠳᠥᠷᠪᠡᠨ ᠮᠤᠵᠢ | ᠣᠷᠣᠨ ᠤ ᠣᠷᠣᠨ ᠨᠤᠲᠤᠭ ᠤᠨ ᠰᠢ ᠵᠦᠴᠦᠭᠡ ᠶᠢᠨ ᠦᠵᠡᠭᠦᠯᠦᠯᠭᠡ ᠶᠢᠨ ᠲᠣᠭᠯᠠᠯᠲᠠ ᠶᠢᠨ ᠰᠢᠯᠢᠳᠡᠭ | ᠲᠣᠭᠯᠠᠯᠲᠠ ᠶᠢᠨ ᠱᠠᠩᠨᠠᠯ ᠢ ᠭᠥᠷᠳᠡᠪᠡ᠃ ᠣᠯᠠᠨ ᠨᠡᠶᠢᠲᠡ ᠶᠢᠨ ᠰᠣᠶᠣᠯ ᠤᠨ ᠡᠭᠦᠯᠡᠨ ᠲᠠᠪᠴᠠᠩ ᠤᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠲᠥᠷᠥᠯ ᠤᠨ ᠪᠦᠲᠦᠭᠡᠯ ᠢ ᠨᠡᠶᠢᠲᠡ 223 | ᠨᠡᠶᠢᠲᠡᠯᠡᠪᠡ᠃ ᠦ᠋ ᠠᠨ ᠵᠧᠦ ᠶᠢᠨ ᠯᠢᠶᠣᠣ ᠤᠯᠤᠰ ᠤᠨ ᠰᠣᠪᠤᠷᠭ᠎ᠠ ᠶᠢ ᠪᠠᠬᠢᠯᠡᠬᠦ ᠰᠡᠯᠪᠢᠨ ᠵᠠᠰᠠᠬᠤ ᠢᠨᠵᠧᠨᠧᠷᠢᠩ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢᠨ ᠰᠢᠯᠭᠠᠨ ᠪᠠᠶᠢᠴᠠᠭᠠᠯᠲᠠ ᠪᠠᠷ ᠳᠠᠮᠵᠢᠨ ᠳᠡᠯᠭᠡᠨ | ᠦᠵᠡᠭᠦᠯᠬᠦ ᠣᠷᠳᠣᠨ ᠢ ᠨᠡᠭᠡᠭᠡᠨ ᠠᠰᠢᠭᠯᠠᠪᠠ᠃ ᠠᠷᠠᠳ ᠨᠡᠢᠲᠡ ᠶᠢᠨ ᠪᠡᠶ᠎ᠡ ᠮᠠᠬᠠᠪᠤᠳ ᠢ ᠴᠢᠭᠢᠷᠠᠭᠵᠢᠭᠤᠯᠬᠤ | ᠬᠥᠳᠡᠯᠭᠡᠭᠡᠨ ᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠣᠯᠠᠨ ᠲᠦᠮᠡᠨ ᠤ ᠪᠡᠶ᠎ᠡ ᠶᠢᠨ ᠲᠠᠮᠢᠷ ᠪᠣᠯᠣᠨ | ᠤᠷᠤᠯᠳᠤᠭᠠᠨ ᠤ ᠪᠡᠶ᠎ᠡ ᠶᠢᠨ ᠲᠠᠮᠢᠷ ᠪᠥᠬᠦ ᠲᠠᠯ᠎ᠠ ᠪᠠᠷ ᠬᠥᠭᠵᠢᠪᠡ᠃ | ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠲᠣᠭᠲᠠᠭᠤᠨ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠬᠤᠲᠠ ᠶᠢᠨ | ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠴᠡᠭ ᠢ 8 ᠪᠠᠶᠢᠭᠤᠯᠵᠤ᠂ | ᠦᠨᠳᠦᠰᠦᠲᠡᠨ ᠤ ᠪᠦᠯᠬᠦᠮᠳᠡᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠪᠡ᠃ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ | ᠡᠶᠡᠳᠡᠭᠦᠯᠬᠦ ᠨᠣᠷᠮ᠎ᠠ ᠶᠢ 99% ᠳᠤ ᠬᠦᠷᠭᠡᠵᠦ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠤ ᠰᠢᠭᠦᠯᠲᠡ ᠳᠤ | ᠣᠷᠣᠯᠴᠠᠵᠤ ᠵᠠᠷᠭᠤ ᠬᠦᠯᠢᠶᠡᠬᠦ ᠨᠣᠷᠮ᠎ᠠ ᠶᠢ 100% ᠳᠤ ᠬᠦᠷᠭᠡᠪᠡ᠃ ᠨᠡᠶᠢᠭᠡᠮ ᠤᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠪᠥᠭᠡᠳ ᠨᠠᠷᠢᠯᠢᠭ | ᠠᠳᠬᠤᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠠᠮᠤᠷ ᠲᠦᠪᠰᠢᠨ ᠤ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠨ᠎ᠠ᠃ | ︵ᠳᠤᠯᠤᠭ᠎ᠠ︶ ᠲᠤᠰ ᠪᠡᠶ᠎ᠡ ᠶᠢᠨ ᠪᠠᠶᠢᠭᠤᠯᠤᠯᠲᠠ ᠢᠯᠡᠳᠲᠡ ᠠᠮᠵᠢᠯᠲᠠ ᠣᠯᠪᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ | ᠪᠦᠬᠦᠳᠠ ᠬᠤᠷᠠᠯ ᠪᠣᠯᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠨᠠᠮ ᠤᠨ ᠤᠳᠤᠷᠢᠳᠤᠯᠭ᠎ᠠ ᠶᠢ ᠢᠮᠠᠭᠲᠠ ᠵᠠᠰᠠᠭ ᠤᠨ ᠣᠷᠳᠣᠨ ᠤ | ᠠᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠳᠣᠭᠤᠰᠢᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠪᠠ᠃ ᠲᠥᠪ ᠤᠨ | ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠴᠥᠬᠦᠷᠡᠰᠢ ᠦᠭᠡᠢ ᠴᠡᠭᠴᠡᠯᠡᠨ ᠵᠠᠰᠠᠵᠤ᠂ | ᠳᠡᠭᠡᠳᠦ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠲᠠᠢ ᠪᠠᠷᠢᠮᠵᠢᠶᠠᠯᠠᠨ | ᠬᠠᠷᠭᠤᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠪᠠ᠃ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ 4043.98 ᠲᠦᠮᠡᠨ ᠲᠥᠭᠦᠷᠢᠭ ᠤᠨ ᠪᠡᠯᠡ ᠮᠥᠩᠭᠦ ᠶᠢ | ᠠᠷᠪᠢᠯᠠᠵᠤ᠂ 4% ᠶᠢᠨ ᠪᠡᠯᠡ ᠮᠥᠩᠭᠦ ᠶᠢ ᠠᠷᠪᠢᠯᠠᠵᠤ᠂ ︽ᠠᠯᠪᠠᠨ ᠤ ᠭᠤᠷᠪᠠᠨ ᠵᠠᠷᠤᠳᠠᠯ︾ ᠢ 317.43 | ᠲᠦᠮᠡᠨ ᠲᠥᠭᠦᠷᠢᠭ ᠪᠠᠭᠠᠰᠬᠠᠵᠠᠢ᠃ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠢ ᠪᠦᠷᠢᠨᠰᠢᠬᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ | ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ 87 ᠬᠤᠪᠢ | ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ 126 ᠬᠤᠪᠢ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠪᠦᠬᠦᠨ ᠢ ᠭᠦᠢᠴᠡᠳᠬᠡᠨ ᠬᠠᠷᠢᠭᠤᠯᠲᠠ ᠥᠭᠴᠦ᠂ ᠬᠠᠨᠤᠮᠵᠢᠲᠠᠶ ᠨᠣᠷᠮ᠎ᠠ | 100% ᠳᠤ ᠬᠦᠷᠪᠡ᠃ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠣᠯᠠᠨ ᠨᠡᠶᠢᠲᠡ ᠶᠢᠨ ᠡᠬᠢ | ᠪᠠᠶᠠᠯᠢᠭ ᠢ ᠠᠷᠠᠯᠵᠢᠶᠠᠯᠠᠬᠤ᠂ ᠸᠠᠺᠼᠢᠨ ᠬᠤᠳᠠᠯᠳᠤᠨ ᠠᠪᠬᠤ ᠵᠡᠷᠭᠡ ᠬᠦᠷᠢᠶᠡᠨ ᠳᠠᠬᠢ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ︽ | ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢᠨ ᠱᠠᠲᠤᠴᠢ ᠴᠢᠨᠠᠷᠲᠠᠶ ᠬᠠᠷᠠᠯᠲᠠ ᠡᠭᠦᠷᠭᠡ ᠶᠢ ᠪᠡᠶᠡᠯᠡᠭᠦᠯᠪᠡ | ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠨᠠᠰᠤᠨ ᠳᠤ ᠦᠯᠦ | ᠬᠦᠷᠦᠭᠰᠡᠳ ᠢ ᠬᠠᠮᠠᠭᠠᠯᠠᠬᠤ᠂ ᠤᠯᠠᠭᠠᠨ ᠵᠠᠭᠠᠯᠮᠠᠶᠢᠳᠠᠨ ᠤᠨ ᠨᠡᠶᠢᠭᠡᠮᠯᠢᠭ᠂ ᠡᠪ ᠬᠠᠮᠲᠤ ᠵᠠᠯᠠᠭᠤᠴᠤᠳ ᠤᠨ ᠡᠪᠯᠡᠯ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ᠂ ᠨᠠᠰᠤᠵᠢᠯ᠂ ᠨᠢᠭᠦᠯᠡᠰᠦᠩᠭᠦᠢ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ | ᠵᠡᠷᠭᠡ ᠦᠢᠯᠡᠰ ᠲᠣᠭᠲᠠᠭᠤᠨ ᠢᠶᠠᠷ ᠬᠥᠭᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ | ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ ᠭᠠᠵᠠᠷ | ᠬᠥᠳᠡᠯᠦᠯᠲᠡ ᠵᠡᠷᠭᠡ ᠠᠵᠢᠯ ᠰᠢᠨ᠎ᠡ ᠠᠮᠵᠢᠯᠲᠠ ᠣᠯᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠪᠥᠬᠦ ᠬᠤᠰᠢᠭᠤᠨ ᠤ ᠳᠡᠭᠡᠳᠦ | ᠳᠣᠤᠷᠠᠳᠤ ᠱᠠᠲᠤᠨ ᠤ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠬᠦᠴᠢᠷᠳᠡᠯ ᠤᠨ ᠳᠤᠮᠳᠠ ᠠᠮᠵᠢᠯᠲᠠ | ᠣᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ | ᠠᠮᠤᠷ ᠲᠦᠪᠰᠢᠨ ᠪᠠᠶᠢᠯᠭᠠᠬᠤ︾ ᠭᠤᠷᠪᠠᠨ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠣᠯᠠᠨ ᠬᠦᠨᠳᠦ ᠬᠦᠴᠢᠷᠳᠡᠯ ᠥᠷᠢᠰᠥᠯᠳᠦᠭᠡᠨ ᠤ ᠳᠠᠪᠬᠤᠴᠠᠯ ᠤᠨ ᠳᠠᠭᠠᠷᠢᠯᠲᠠ ᠶᠢ ᠲᠤᠯᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠲᠣᠭᠲᠠᠭᠤᠨ ᠤ ᠦᠨᠳᠦᠰᠦᠨ ᠪᠠᠶᠢᠳᠠᠯ ᠪᠠ ᠳᠠᠪᠰᠢᠯᠲᠠ ᠶᠢᠨ ᠰᠠᠶᠢᠨ ᠪᠠᠶᠢᠳᠠᠯ ᠢ | ᠪᠠᠲᠤᠯᠠᠪᠠ᠃ ᠡᠲᠡᠭᠡᠷ ᠠᠮᠵᠢᠯᠲᠠ ᠶᠢ ᠣᠯᠤᠭᠰᠠᠨ ᠨᠢ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ | ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠠᠴᠠ ᠰᠠᠯᠵᠤ ᠴᠢᠳᠠᠬᠤ ᠦᠭᠡᠢ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ | ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ ᠠᠴᠠ ᠰᠠᠯᠵᠤ ᠴᠢᠳᠠᠬᠤ ᠥᠬᠡᠶ᠂ ᠪᠥᠬᠦ ᠬᠤᠰᠢᠭᠤᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠦᠴᠦ ᠬᠥᠯᠥᠰᠥ ᠰᠢᠩᠭᠡᠵᠦ ᠪᠠᠶᠢᠨ᠎ᠠ᠃ ᠠᠳᠡ ᠪᠢ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠰᠢᠭᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ᠂ ᠠᠤᠬᠠᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ | ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠦᠭᠰᠢᠭᠦᠷᠢ ᠶᠢ ᠪᠣᠳᠣᠯᠬᠢᠯᠠᠪᠠᠯ ᠰᠠᠶ᠋ᠢ ᠠᠮᠤᠷ ᠲᠦᠪᠰᠢᠨ ᠪᠠᠶᠢᠵᠤ ᠴᠢᠳᠠᠨ᠎ᠠ᠃ ᠠᠮᠵᠢᠯᠲᠠ ᠪᠠᠨ ᠣᠯᠵᠤ | ᠬᠠᠷᠠᠬᠤ ᠶᠢᠨ ᠬᠠᠮᠲᠤ ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠪᠠᠰᠠ ᠮᠠᠰᠢ ᠣᠯᠠᠨ | ᠬᠦᠴᠢᠷᠲᠡᠯ ᠪᠠ ᠦᠷᠢᠰᠦᠯᠳᠦᠭᠡᠨ ᠲᠤᠯᠭᠠᠷᠠᠵᠤ ᠪᠠᠶᠢᠨ᠎ᠠ᠄ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ | ᠨᠠᠩ ᠬᠤᠷᠴᠠ ᠰᠢᠷᠦᠭᠦᠨ ᠪᠣᠯᠵᠤ᠂ ᠭᠠᠵᠠᠷ ᠰᠢᠷᠣᠶ᠂ ᠪᠡᠯᠡ ᠮᠥᠩᠭᠦ᠂ ᠴᠢᠳᠠᠪᠤᠷᠢᠲᠠᠨ ᠵᠡᠷᠭᠡ ᠬᠦᠴᠦᠨ ᠵᠦᠢᠯ ᠢ | ᠬᠢᠵᠠᠭᠠᠷᠯᠠᠬᠤ ᠲᠠᠯ᠎ᠠ ᠪᠠᠷ ᠲᠣᠪᠤᠶᠢᠮ᠎ᠠ ᠪᠠᠶᠢᠨ᠎ᠠ︔ ᠠᠵᠤ ᠦᠢᠯᠡᠰ ᠤᠨ ᠳᠡᠰ ᠳᠠᠪᠬᠤᠷᠭ᠎ᠠ ᠥᠨᠳᠥᠷ ᠪᠢᠰᠢ᠂ | ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ ᠪᠢᠰᠢ᠂ ᠴᠢᠬᠤᠯᠠ ᠶᠡᠭᠡ ᠲᠥᠷᠥᠯ ᠵᠦᠢᠯ ᠤᠨ ᠨᠥᠭᠡᠴᠡ ᠬᠦᠷᠦᠯᠴᠡᠬᠦ | ᠦᠭᠡᠢ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ᠂ ᠰᠠᠭᠤᠷᠢ ᠲᠥᠬᠦᠭᠡᠷᠦᠮᠵᠢ᠂ ᠣᠯᠠᠨ | ᠨᠡᠶᠢᠲᠡ ᠶᠢᠨ ᠦᠢᠯᠡᠴᠢᠯᠡᠭᠡ ᠪᠠ ᠣᠯᠠᠨ ᠲᠦᠮᠡᠨ ᠤ ᠬᠡᠷᠡᠭᠴᠡᠭᠡ ᠬᠦᠰᠡᠯ ᠡᠷᠡᠮᠡᠯᠵᠡᠯ ᠳᠤ ᠪᠠᠰᠠ ᠵᠥᠷᠢᠶ᠎ᠡ ᠲᠠᠢ︔ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠰᠢᠰᠲ᠋ᠧᠮ ᠲᠡᠭᠦᠯᠳᠡᠷᠵᠢᠭᠡᠳᠦᠶ ᠪᠠᠶᠢᠵᠤ᠂ ᠨᠡᠶᠢᠭᠡᠮ ᠤᠨ ᠵᠠᠰᠠᠯᠲᠠ ᠳᠤ ᠪᠠᠰᠠ ᠵᠠᠷᠢᠮ ᠳᠤᠲᠠᠭᠤᠳᠠᠯ | ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ᠃ ᠡᠭᠦᠨ ᠢ ᠪᠢᠳᠡ ᠡᠷᠬᠡᠪᠰᠢ ᠬᠢᠨᠠᠮᠠᠭᠠᠶ ᠰᠤᠳᠤᠯᠵᠤ᠂ ᠦᠨᠡᠨ | ᠬᠦ ᠰᠢᠢᠳᠪᠦᠷᠢᠯᠡᠬᠦ ᠬᠡᠷᠡᠭᠲᠡᠶ᠃ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ | ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠂ | ᠪᠥᠬᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠳᠣᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ | ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠥᠬᠦ ᠲᠠᠯ᠎ᠠ ᠪᠠᠷ ᠳᠣᠭᠤᠰᠢᠯᠠᠭᠤᠯᠤᠨ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ | ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠠᠩ | ᠰᠠᠶᠢᠲᠤᠷ ᠨᠢᠭᠡᠳᠦᠯᠲᠡᠶ ᠲᠥᠯᠥᠪᠯᠡᠨ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠶ | ᠲᠥᠯᠥᠪᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ | ᠢᠲᠡᠭᠡᠯ ᠢ ᠶᠡᠭᠡ ᠪᠠᠷ ᠬᠥᠭᠵᠢᠭᠡᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠣᠪᠤᠶᠢᠮ᠎ᠠ ᠰᠠᠶᠢᠲᠤᠷ ᠬᠢᠵᠦ᠂ | ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠵᠤ ᠠᠬᠤᠶ ᠶᠢᠨ ᠠᠵᠢᠯᠯᠠᠭᠠᠨ ᠤ | ᠪᠦᠬᠦᠯᠢ ᠴᠣᠭᠴᠠ ᠶᠢᠨ ᠰᠠᠶᠢᠵᠢᠷᠠᠬᠤ ᠶᠢ ᠠᠬᠢᠭᠤᠯᠤᠨ᠂ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ | ᠬᠡᠮᠵᠢᠶ᠎ᠡ ᠶᠢᠨ ᠵᠦᠶ ᠵᠣᠬᠢᠰᠲᠠᠶ ᠨᠡᠮᠡᠭᠳᠡᠯ ᠢ ᠪᠡᠶᠡᠯᠡᠭᠦᠯᠦᠨ᠎ᠡ᠃ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠪᠠᠷ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 5% ᠪᠠᠷ ᠨᠡᠮᠡᠭᠳᠡᠭᠦᠯᠦᠨ᠎ᠡ︔ 500 ᠲᠦᠮᠡᠨ ᠲᠥᠭᠦᠷᠢᠭ ᠠᠴᠠ ᠳᠡᠭᠡᠭᠰᠢᠬᠢ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 15% ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 6.5% ᠪᠠᠷ ᠨᠡᠮᠡᠭᠳᠡᠭᠦᠯᠦᠨ᠎ᠡ︔ ᠬᠤᠲᠠ ᠬᠥᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ | 6.5% ᠪᠠ 7.5% ᠠᠴᠠ ᠳᠡᠭᠡᠭᠰᠢ ᠨᠡᠮᠡᠭᠳᠡᠭᠦᠯᠦᠨ᠎ᠡ᠃ | ︵ᠨᠢᠭᠡ︶ ᠪᠦᠲᠦᠴᠡ ᠶᠢ ᠲᠣᠬᠢᠷᠠᠭᠤᠯᠤᠨ ᠰᠢᠯᠢᠲᠡᠭᠵᠢᠭᠦᠯᠬᠦ ᠶᠢ ᠪᠠᠷᠢᠮᠳᠠᠯᠠᠵᠤ᠂ ᠣᠳᠣ ᠦᠶ᠎ᠡ ᠶᠢᠨ ᠠᠵᠤ | ᠦᠢᠯᠡᠰ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ | ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤ ᠪᠤᠳᠠᠭᠠᠨ ᠤ ᠤᠨᠠᠯᠲᠠ ᠶᠢ 20 | ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠮᠠᠯ ᠠᠵᠤ ᠠᠬᠤᠶ ᠬᠡᠷ ᠤᠨ | ᠲᠡᠵᠢᠭᠡᠪᠦᠷᠢ ᠶᠢᠨ ᠲᠤᠭ᠎ᠠ ᠶᠢ 300 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠭᠤᠣᠯᠯᠠᠬᠤ ᠠᠵᠤ | ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠨᠠᠷᠢᠮᠤ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ 5 ᠲᠦᠮᠡᠨ ᠮᠦ ᠬᠥᠭᠵᠢᠭᠦᠯᠵᠦ᠂ ᠠᠤᠬᠠᠨ ᠤ ᠨᠠᠷᠢᠮᠤ ᠶᠢᠨ ᠠᠵᠤ ᠦᠢᠯᠡᠰ ᠤᠨ ᠬᠦᠷᠢᠶᠡᠯᠡᠩ ᠪᠠ ᠣᠶᠤᠨᠴᠢ | ᠲᠠᠷᠢᠶᠠᠯᠠᠩ ᠤᠨ ᠲᠣᠮᠣ ᠳ᠋ᠠᠶᠢᠲ᠋ᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠠᠤᠬᠠᠨ ᠤ ᠨᠠᠷᠢᠮᠤ ᠶᠢᠨ ᠪᠠᠷᠢᠮᠵᠢᠶᠠᠵᠢᠭᠤᠯᠤᠭᠰᠠᠨ ᠰᠢᠰᠲ᠋ᠧᠮ ᠢ ᠪᠠᠶᠢᠭᠤᠯᠤᠨ᠎ᠠ᠃ ᠠᠯᠠᠰᠢᠨ ᠦᠬᠡᠷ ᠢ ᠥᠷᠭᠡᠳᠬᠡᠨ | ᠦᠷᠡᠵᠢᠭᠦᠯᠬᠦ ᠨᠡᠮᠡᠭᠳᠡᠯ ᠢ ᠠᠬᠢᠭᠤᠯᠵᠤ᠂ ᠵᠢᠯ ᠤᠨ ᠳᠣᠲᠣᠷ᠎ᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠶ | ᠭᠠᠴᠠᠭ᠎ᠠ ᠲᠣᠰᠬᠤᠨ ᠢ 16 ᠬᠥᠭᠵᠢᠭᠦᠯᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ 10 ᠵᠢᠵᠢᠭ ᠲᠣᠭᠤᠷᠢᠭ ᠢ | ᠰᠢᠨ᠎ᠡ ᠪᠠᠷ ᠪᠠᠶᠢᠭᠤᠯᠵᠤ᠂ 3 ᠲᠦᠮᠡᠨ ᠠᠯᠠᠰᠢᠨ ᠦᠬᠡᠷ ᠨᠡᠮᠡᠭᠳᠡᠭᠦᠯᠦᠨ᠎ᠡ᠃ ᠪᠠᠷᠢᠮᠵᠢᠶᠠᠵᠢᠭᠤᠯᠤᠭᠰᠠᠨ | ᠲᠥᠬᠦᠭᠡᠷᠦᠮᠵᠢᠲᠦ ᠲᠠᠷᠢᠶᠠᠯᠠᠩ ᠢ 5000 ᠮᠥ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠣᠶᠤᠨᠴᠢ | ᠲᠥᠬᠦᠭᠡᠷᠦᠮᠵᠢᠲᠦ ᠲᠠᠷᠢᠶᠠᠯᠠᠩ ᠢ 60% ᠠᠴᠠ ᠳᠡᠭᠡᠭᠰᠢ ᠳᠤ ᠬᠦᠷᠦᠭᠦᠯᠬᠦ ᠶᠢ ᠠᠬᠢᠭᠤᠯᠤᠨ᠎ᠠ᠃ ᠰᠦ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠵᠤ᠂ 2 ᠲᠦᠮᠡᠨ ᠰᠠᠭᠠᠯᠢ ᠶᠢᠨ ᠦᠨᠢᠶ᠎ᠡ ᠶᠢᠨ ᠰᠠᠭᠤᠷᠢᠨ | ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠠᠯᠠᠰᠢᠨ ᠬᠤᠨᠢ᠂ ᠢᠳᠡᠰᠢᠨ | ᠨᠤᠭᠤᠰᠤ᠂ ᠢᠳᠡᠰᠢᠨ ᠮᠥᠭᠦ᠂ ᠴᠢᠴᠠᠷᠭᠠᠨ᠎ᠠ ᠵᠡᠷᠭᠡ ᠣᠨᠴᠠᠯᠢᠭᠲᠤ ᠠᠵᠤ ᠦᠢᠯᠡᠰ ᠢ ᠲᠣᠭᠲᠠᠭᠤᠨ ᠢᠶᠠᠷ | ᠬᠥᠭᠵᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠷᠡᠭᠴᠡᠭᠡ ᠶᠢᠨ | ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ | ᠬᠡᠷᠡᠭᠯᠡᠭᠰᠡᠨ ᠠᠰᠠᠭᠤᠳᠠᠯ ᠢ ᠪᠠᠶᠢᠩᠭᠤᠵᠢᠭᠤᠯᠤᠨ ᠴᠡᠭᠴᠡᠯᠡᠨ ᠵᠠᠰᠠᠵᠤ᠂ ︽ᠠᠮᠤ ᠪᠤᠳᠠᠭ᠎ᠠ ᠶᠢ ᠭᠠᠵᠠᠷ ᠰᠢᠷᠣᠶ ᠳᠤ | ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠵᠦ᠂ 19 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠨ᠎ᠠ᠃ | ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠤᠯᠤᠰ ᠤᠨ ᠨᠠᠷᠢᠮᠤ ᠶᠢᠨ ᠵᠢᠯ ᠤᠨ ᠵᠣᠯ | ᠲᠣᠬᠢᠶᠠᠯ ᠢ ᠡᠵᠡᠮᠳᠡᠨ᠂ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠤᠬᠠᠨ ᠤ ᠨᠠᠷᠢᠮᠤ ᠶᠢᠨ | ᠨᠠᠷᠠᠲᠤ ᠲᠡᠮᠳᠡᠭᠲᠦ ᠶᠢᠨ ᠠᠮᠵᠢᠯᠲᠠ ᠲᠠᠢ ᠵᠠᠭᠪᠤᠷ ᠢ ᠬᠠᠭᠤᠯᠪᠤᠷᠢᠯᠠᠵᠤ᠂ ᠨᠠᠩ ᠣᠯᠠᠨ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ︽ᠤᠯᠠᠭᠠᠨᠬᠠᠳᠠ ᠶᠢᠨ ᠦᠨᠦᠷ ᠠᠮᠲᠠ︾᠂ ︽ᠥᠪᠥᠷ ᠮᠣᠩᠭᠤᠯ ᠤᠨ ᠦᠨᠦᠷ ᠠᠮᠲᠠ︾ | ᠶᠢᠨ ᠨᠠᠷᠠᠲᠤ ᠲᠡᠮᠳᠡᠭᠲᠦ ᠶᠢᠨ ᠰᠢᠰᠲ᠋ᠧᠮ ᠳᠤ ᠣᠷᠣᠭᠤᠯᠬᠤ ᠶᠢ ᠠᠬᠢᠭᠤᠯᠤᠨ᠎ᠠ᠃ ︽ᠦᠷ᠎ᠡ ᠶᠢᠨ ᠢᠨᠵᠧᠨᠧᠷᠢᠩ︾ ᠢ | ᠭᠦᠨᠵᠡᠭᠡᠶ ᠬᠡᠷᠡᠭᠵᠢᠭᠦᠯᠵᠦ᠂ ᠪᠥᠸᠧ ᠶᠤᠸᠠᠨ ᠡᠭᠦᠯᠳᠡᠷ ᠤᠨ ᠦᠬᠡᠷ ᠤᠨ ᠥᠷᠲᠡᠭᠡ᠂ ᠰᠠᠶᠢᠨ ᠡᠭᠦᠯᠳᠡᠷ ᠢ | ᠦᠷᠡᠵᠢᠭᠦᠯᠦᠨ ᠳᠡᠯᠭᠡᠷᠡᠭᠦᠯᠬᠦ ᠲᠥᠪ᠂ ᠲᠠᠷᠢᠶᠠᠯᠠᠩ ᠤᠨ ᠥᠪ ᠤᠨ ᠬᠠᠮᠠᠭᠠᠯᠠᠯᠲᠠ ᠶᠢᠨ ᠲᠥᠪ ᠵᠡᠷᠭᠡ ᠲᠠᠪᠴᠠᠩ ᠳᠤ | ᠲᠦᠰᠢᠭᠯᠡᠨ᠂ ᠦᠷ᠎ᠡ ᠶᠢᠨ ᠡᠬᠢ ᠪᠠᠶᠠᠯᠢᠭ ᠢ ᠢᠳᠡᠪᠬᠢᠲᠡᠶ ᠪᠠᠷ ᠡᠭᠦᠳᠦᠨ ᠪᠦᠲᠦᠭᠡᠵᠦ᠂ ᠰᠢᠨ᠎ᠡ ᠡᠭᠦᠯᠳᠡᠷ ᠢ | ᠪᠤᠶᠢᠵᠢᠭᠤᠯᠬᠤ ᠠᠵᠢᠯ ᠢ ᠥᠷᠨᠢᠭᠦᠯᠵᠦ᠂ ᠤᠯᠤᠰ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠡᠭᠡ | ᠲᠠᠯ᠎ᠠ ᠳᠤ ᠲᠦᠷᠭᠡᠪᠴᠢᠯᠡᠨ ᠠᠭᠤᠰᠤᠯᠴᠠᠭᠤᠯᠤᠨ᠎ᠠ᠃ | ᠠᠵᠤ ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ ᠶᠢ ᠪᠠᠲᠤᠳᠬᠠᠨ᠎ᠠ᠃ ︽ᠠᠵᠤ ᠦᠢᠯᠡᠳᠪᠦᠷᠢ ᠪᠠᠷ | ᠬᠤᠰᠢᠭᠤ ᠪᠠᠨ ᠬᠦᠴᠦᠷᠬᠡᠭᠵᠢᠭᠦᠯᠬᠦ︾ ᠬᠠᠷᠠᠯᠲᠠ ᠶᠢ ᠪᠠᠲᠤ ᠪᠠᠬᠢ ᠪᠣᠶ ᠪᠣᠯᠭᠠᠵᠤ᠂ 3000 ᠲᠦᠮᠡᠨ | ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ 16 ᠲᠥᠷᠥᠯ ᠵᠦᠢᠯ ᠢ ᠬᠡᠷᠡᠭᠵᠢᠭᠦᠯᠦᠨ᠎ᠡ | ᠃ ᠰᠠᠭᠤᠷᠢ ᠶᠢ ᠴᠢᠩᠭᠠᠳᠬᠠᠵᠤ᠂ ᠴᠤᠭᠯᠠᠷᠠᠬᠤ ᠶᠢ ᠠᠬᠢᠭᠤᠯᠵᠤ᠂ ᠦᠢᠯᠡᠳᠬᠦ ᠦᠢᠯᠡᠰ ᠤᠨ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠵᠤ᠂ ᠤᠯᠠᠭᠠᠨᠬᠠᠳᠠ ᠶᠢᠨ ᠯᠥᠩ ᠵᠤ᠋ ᠲᠣᠷᠮᠤᠰᠯᠠᠬᠤ ᠲᠠᠪᠠᠭ᠂ ᠬᠤᠸᠠ ᠷᠦᠢ ᠰᠠᠯᠬᠢᠨ | ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ᠂ ᠯᠦᠩ ᠲᠠᠢ ᠳ᠋ᠢ ᠳᠠᠷᠤᠯᠲᠠᠲᠤ ᠬᠤᠭᠤᠯᠠᠶ᠂ ᠰᠢᠩ | ᠬᠥ᠋ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠬᠡᠯᠪᠡᠷᠢ ᠶᠢᠨ ᠴᠠᠬᠢᠭᠤᠷ ᠤᠨ ᠮᠠᠲ᠋ᠧᠷᠢᠶᠠᠯ ᠤᠨ ᠠᠵᠤ ᠦᠢᠯᠡᠰ ᠤᠨ | ᠬᠦᠷᠢᠶᠡᠯᠡᠩ ᠵᠡᠷᠭᠡ ᠳᠠᠪᠠᠭᠤᠯᠢᠭ ᠲᠥᠷᠥᠯ ᠵᠦᠢᠯ ᠤᠨ ᠲᠣᠭᠤᠷᠢᠨ ᠳᠤ᠂ ᠳᠡᠭᠡᠳᠦ ᠳᠣᠤᠷᠠᠳᠤ ᠤᠷᠤᠰᠬᠠᠯ ᠤᠨ ᠢᠵᠢ | ᠪᠥᠷᠢᠳᠦᠭᠦᠯᠬᠦ ᠠᠵᠤ ᠦᠢᠯᠡᠰ ᠢ ᠣᠷᠣᠭᠤᠯᠤᠨ ᠠᠪᠴᠢᠷᠠᠵᠤ᠂ ᠦᠢᠯᠡᠳᠬᠦ ᠦᠢᠯᠡᠰ ᠤᠨ ᠠᠵᠤ ᠦᠢᠯᠡᠰ ᠤᠨ | ᠰᠦᠷᠦᠭᠵᠢᠯ ᠢ ᠠᠯᠬᠤᠮ ᠠᠯᠬᠤᠮ ᠢᠶᠠᠷ ᠪᠣᠶ ᠪᠣᠯᠭᠠᠨ᠎ᠠ᠃ ᠸᠠᠨ ᠬᠤᠸᠠ ᠴᠢᠳᠬᠤᠮᠠᠯ ᠲᠣᠨᠤᠭ ᠤᠨ ᠮᠡᠷᠭᠡᠵᠢᠯ ᠤᠨ | ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠤᠯᠠᠭᠠᠨᠬᠠᠳᠠ᠂ | ᠲᠦᠩᠯᠢᠶᠣᠤ ᠶᠢᠨ ᠡᠮᠦᠨ᠎ᠡ ᠬᠡᠰᠡᠭ ᠤᠨ ᠪᠣᠯᠣᠳ ᠲᠡᠮᠦᠷ ᠤᠨ ᠠᠵᠤ ᠦᠢᠯᠡᠰ ᠤᠨ ᠪᠦᠰᠡ ᠳᠤ ᠢᠳᠡᠪᠬᠢᠲᠡᠶ ᠪᠠᠷ | ᠠᠭᠤᠰᠤᠯᠴᠠᠨ᠎ᠠ᠃ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠰᠢᠨ᠎ᠡ ᠡᠨᠧᠷᠭᠢ ᠶᠢᠨ | ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ | ᠠᠮᠵᠢᠨ᠂ ᠬᠤᠷᠴᠠ ᠴᠠᠬᠢᠯᠭᠠᠨ ᠠᠤᠬᠠᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ ᠪᠣᠬᠢᠷᠳᠤᠯ ᠦᠭᠡᠢ | ᠴᠠᠬᠢᠯᠭᠠᠨ ᠬᠠᠩᠭᠠᠬᠤ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠳᠤᠮᠳᠠᠳᠤ | ᠤᠯᠤᠰ ᠤᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ | ᠴᠡᠨᠡᠭ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ᠂ | ᠤᠯᠤᠰ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠤᠨ ᠴᠠᠬᠢᠯᠭᠠᠨ ᠬᠦᠴᠦᠨ ᠤ ᠰᠢᠨ᠎ᠡ ᠡᠨᠧᠷᠭᠢ ᠶᠢᠨ | ᠰᠢᠩᠭᠡᠭᠡᠨ ᠠᠪᠬᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ | ᠤᠭᠰᠠᠷᠠᠬᠤ ᠬᠡᠮᠵᠢᠶ᠎ᠡ ᠶᠢ 60 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠬᠦ ᠶᠢ ᠬᠦᠴᠦᠯᠡᠨ ᠠᠬᠢᠭᠤᠯᠤᠨ᠎ᠠ᠃ | ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠵᠦ᠂ ᠳᠠᠯᠳᠠ ᠬᠦᠴᠦᠨ ᠢ ᠠᠭᠤᠳᠠᠯᠤᠨ᠂ ᠠᠭᠤᠷᠬᠠᠶ ᠶᠢᠨ | ᠦᠢᠯᠡᠰ ᠤᠨ ᠠᠵᠤ ᠠᠬᠤᠶ ᠶᠢᠨ ᠬᠤᠪᠢ ᠨᠡᠮᠡᠷᠢ ᠶᠢᠨ ᠨᠣᠷᠮ᠎ᠠ ᠶᠢ ᠳᠡᠭᠡᠭᠰᠢᠯᠡᠭᠦᠯᠵᠦ᠂ ᠵᠢᠶ ᠯᠦᠩ ᠠᠭᠤᠷᠬᠠᠶ ᠶᠢᠨ | ᠦᠢᠯᠡᠰ᠂ ᠶᠢᠨ ᠲᠣᠣ ᠺᠣᠮᠫᠠᠨᠢ ᠵᠡᠷᠭᠡ ᠠᠭᠤᠷᠬᠠᠶ ᠶᠢᠨ ᠦᠢᠯᠡᠰ ᠤᠨ ᠠᠵᠤ ᠠᠬᠤᠶᠢᠯᠠᠯ ᠤᠨ ᠠᠭᠤᠷᠬᠠᠶ ᠬᠠᠶᠢᠬᠤ | ᠬᠠᠳᠠᠭᠠᠯᠠᠬᠤ ᠪᠠ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠶᠢ ᠳᠡᠮᠵᠢᠵᠦ᠂ ᠨᠠᠩ ᠶᠡᠭᠡ | ᠰᠢᠪᠲᠤᠯᠤᠯᠲᠠ ᠲᠠᠢ ᠪᠣᠯᠬᠤ ᠶᠢ ᠪᠡᠶᠡᠯᠡᠭᠦᠯᠦᠨ᠎ᠡ᠃ ᠦᠯᠡᠳᠡᠭᠳᠡᠯ ᠬᠦᠳᠡᠷ ᠢ ᠡᠭᠡᠭᠦᠯᠦᠨ ᠬᠤᠷᠢᠶᠠᠵᠤ ᠠᠰᠢᠭᠯᠠᠬᠤ ᠶᠢ | ᠴᠢᠩᠭᠠᠷᠠᠭᠤᠯᠵᠤ᠂ ᠪᠣᠬᠢᠷᠲᠤᠯ ᠦᠭᠡᠶ ᠣᠷᠴᠢᠯ ᠠᠵᠤ ᠠᠬᠤᠶ ᠶᠢ ᠬᠥᠭᠵᠢᠭᠦᠯᠦᠨ᠎ᠡ᠃ ︽ᠲᠣᠮᠣ ᠠᠭᠤᠷᠬᠠᠶ ᠶᠢ | ᠶᠡᠬᠡᠪᠡᠷ ᠨᠡᠭᠡᠭᠡᠨ ᠬᠥᠭᠵᠢᠭᠦᠯᠬᠦ᠂ ᠪᠣᠬᠢᠷᠲᠤᠯ ᠥᠬᠡᠶ ᠪᠠᠶᠢᠬᠤ ᠶᠢ ᠤᠷᠢᠳᠠᠪᠠᠷ ᠬᠡᠷᠡᠭᠵᠢᠭᠦᠯᠬᠦ︾ ᠶᠢ ᠪᠠᠷᠢᠮᠲᠠᠯᠠᠵᠤ᠂ | ᠲᠣᠮᠣ ᠠᠵᠤ ᠠᠬᠤᠶᠢᠯᠠᠯ ᠲᠣᠮᠣ ᠪᠦᠯᠦᠭᠯᠡᠯ ᠢ ᠣᠷᠣᠭᠤᠯᠤᠨ ᠠᠪᠴᠢᠷᠠᠵᠤ᠂ ᠬᠠᠷ᠎ᠠ ᠲᠤᠭᠤᠯᠭ᠎ᠠ ᠴᠠᠶᠢᠷ᠂ ᠸᠣᠯᠹᠷᠠᠮ | ᠮᠤᠯᠢᠪᠳᠧᠨ᠂ ᠲᠣᠰᠣᠨ ᠵᠠᠨᠠᠷ ᠴᠢᠯᠠᠭᠤᠯᠢᠭ᠂ ᠴᠠᠬᠢᠭᠤᠷ ᠴᠢᠯᠠᠭᠤ ᠵᠡᠷᠭᠡ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠢᠳᠡᠪᠬᠢᠲᠡᠶ ᠠᠬᠢᠭᠤᠯᠵᠤ᠂ ᠮᠠᠨᠢᠬᠠᠨ ᠤ ᠬᠠᠷ᠎ᠠ ᠲᠤᠭᠤᠯᠭ᠎ᠠ | ᠴᠠᠶᠢᠷ ᠤᠨ ᠠᠭᠤᠷᠬᠠᠶ ᠶᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠳᠥᠯᠭᠢᠨ ᠠᠬᠢᠭᠤᠯᠵᠤ᠂ ᠰᠠᠯᠪᠤᠷᠢ ᠶᠢᠨ | ᠸᠣᠯᠹᠷᠠᠮ ᠤᠨ ᠮᠤᠯᠢᠪᠳᠧᠨ ᠤ ᠠᠭᠤᠷᠬᠠᠶ ᠶᠢ ᠲᠥᠷᠥᠯ ᠵᠦᠢᠯ ᠲᠣᠭᠲᠠᠭᠠᠨ ᠬᠢᠨᠠᠨ ᠵᠥᠪᠰᠢᠶᠡᠷᠡᠬᠦ ᠶᠢ ᠪᠡᠶᠡᠯᠡᠭᠦᠯᠦᠨ᠎ᠡ᠃ | ᠲᠣᠭᠲᠠᠴᠠ ᠪᠠᠶᠢᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠶ ᠶᠢ ᠭᠦᠨᠵᠡᠭᠡᠶ | ᠡᠳ᠋ᠰᠢᠭᠦᠯᠬᠦ ᠠᠵᠤ ᠦᠢᠯᠡᠰ ᠢ ᠠᠯᠬᠤᠮ ᠠᠯᠬᠤᠮ ᠢᠶᠠᠷ ᠪᠤᠵᠠᠭᠠᠶᠢᠷᠠᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ | ᠥᠷᠭᠡᠳᠬᠡᠨ᠂ ᠱᠢ ᠶᠤᠸᠠᠢ ᠲᠤᠲᠤᠷᠭ᠎ᠠ ᠶᠢᠨ ᠲᠠᠷᠢᠶ᠎ᠠ᠂ ᠱᠠ ᠮᠥᠸᠧ ᡁᠢ ᠬᠤᠸᠠ᠂ ᠬᠦᠶ ᠯᠢᠦ ᠮᠠᠯ ᠠᠵᠤ ᠠᠬᠤᠶ | ᠂ ᠸᠡᠢ ᠨᠢ ᠬᠤᠣ ᠵᠡᠷᠭᠡ ᠠᠵᠤ ᠠᠬᠤᠶᠢᠯᠠᠯ ᠤᠨ ᠨᠠᠩ ᠣᠯᠠᠨ ᠳᠣᠤᠷᠠᠳᠤ ᠤᠷᠤᠰᠬᠠᠯ ᠤᠨ ᠦᠢᠯᠡᠳᠬᠦᠨ ᠰᠤᠳᠤᠯᠤᠨ | ᠨᠡᠭᠡᠭᠡᠬᠦ ᠶᠢ ᠳᠡᠮᠵᠢᠵᠦ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠂ ︽ᠨᠡᠷ᠎ᠡ ᠠᠰᠢᠭ ᠢ ᠵᠡᠷᠭᠡᠪᠡᠷ ᠨᠡᠮᠡᠭᠳᠡᠭᠦᠯᠬᠦ︾ ᠶᠢ | ᠪᠡᠶᠡᠯᠡᠭᠦᠯᠦᠨ᠎ᠡ᠃ ᠲᠠᠪᠴᠠᠩ ᠢ ᠰᠢᠯᠢᠳᠡᠭᠵᠢᠭᠦᠯᠵᠦ᠂ ᠲᠤᠯᠭᠠᠭᠤᠷᠢᠯᠠᠯ ᠢ ᠴᠢᠩᠭᠠᠳᠬᠠᠵᠤ᠂ ᠬᠦᠷᠢᠶᠡᠯᠡᠩ | ᠲᠣᠭᠤᠷᠢᠭ ᠤᠨ ᠳᠠᠭᠠᠭᠠᠴᠠ ᠶᠢ ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠶᠢ | ᠴᠢᠩᠭᠠᠳᠬᠠᠵᠤ᠂ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠣᠢ ᠶᠢ ᠰᠤᠯᠠᠯᠠᠵᠤ ᠭᠠᠷᠭᠠᠬᠤ ᠪᠠ ᠲᠠᠬᠢᠨ ᠨᠡᠭᠡᠭᠡᠨ | ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠨᠡᠩ ᠤᠯᠠᠨ ︽ᠪᠠᠷᠢᠮᠵᠢᠶᠠᠲᠤ ᠭᠠᠵᠠᠷ︾ ᠢ ᠡᠭᠦᠳᠴᠦ᠂ ᠭᠠᠵᠠᠷ | ᠰᠢᠷᠣᠢ ᠶᠢ ᠲᠣᠬᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠢᠯ ᠤᠨ ᠳᠣᠲᠣᠷ᠎ᠠ 10 ᠲᠦᠮᠡᠨ ᠲᠡᠭᠰᠢ | ᠳᠥᠷᠪᠡᠯᠵᠢᠨ ᠮᠧᠲᠷ ᠠᠴᠠ ᠳᠡᠭᠡᠭᠰᠢ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠰᠢᠨ᠎ᠡ ᠪᠠᠷ | ᠪᠠᠶᠢᠭᠤᠯᠬᠤ ᠪᠠ ᠠᠮᠢᠳᠤᠯᠢᠭ ᠪᠣᠯᠭᠠᠨ᠎ᠠ᠃ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ | ᠬᠤᠰᠢᠭᠤᠨ ᠤ ᠬᠡᠷᠡᠭᠯᠡᠭᠡᠨ ᠤ ᠳᠠᠯᠳᠠ ᠬᠦᠴᠦᠨ ᠢ ᠭᠦᠢᠴᠡᠳ ᠠᠭᠤᠳᠠᠯᠵᠤ᠂ ᠬᠤᠳᠠᠯᠳᠤᠭᠠᠴᠢᠨ ᠤ ᠣᠯᠠᠨ | ᠬᠡᠯᠪᠡᠷᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ | ᠥᠷᠨᠢᠭᠦᠯᠬᠦ ᠶᠢ ᠵᠣᠷᠢᠭᠵᠢᠭᠤᠯᠵᠤ᠂ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠦᠨ᠎ᠡ᠃ ︽ᠳᠤᠮᠳᠠᠳᠤ ᠤᠯᠤᠰ ᠤᠨ | ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠤᠨ ᠢᠷᠠᠭᠤ ᠠᠯᠳᠠᠷ ᠤᠨ ᠴᠣᠯᠠ ᠶᠢᠨ ᠳᠠᠪᠠᠭᠤᠯᠢᠭ ᠢ | ᠪᠠᠳᠠᠷᠠᠭᠤᠯᠵᠤ᠂ ᠨᠠᠷᠢᠳ ᠤᠨ ᠭᠤᠣᠯ᠂ ᠱᠠᠨ ᠸᠠᠨ ᠽᠢ ᠤᠰᠤᠨ ᠴᠥᠭᠦᠷᠥᠮ᠂ ᠴᠢᠨᠠᠷ ᠰᠠᠶᠢᠲᠠᠶ ᠬᠠᠯᠠᠭᠤᠨ ᠷᠠᠰᠢᠶᠠᠨ | ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠴᠣᠭᠴᠠ ᠵᠡᠷᠭᠡ ᠡᠬᠢ ᠪᠠᠶᠠᠯᠢᠭ ᠲᠤ ᠲᠦᠰᠢᠭᠯᠡᠨ᠂ | ᠴᠡᠭ ᠢᠶᠠᠷ ᠤᠲᠠᠰᠤ ᠬᠤᠯᠪᠣᠵᠤ᠂ ᠲᠡᠭᠦᠬᠦ᠂ ᠰᠡᠯᠡᠭᠦᠴᠡᠬᠦ᠂ ᠲᠣᠭᠤᠷᠢᠨ ᠦᠵᠡᠬᠦ᠂ ᠵᠢᠭᠤᠯᠴᠢᠯᠠᠯ᠂ ᠢᠳᠡᠭᠡᠨ | ᠤᠮᠳᠠᠭᠠᠨ ᠢ ᠨᠢᠭᠡ ᠴᠣᠭᠴᠠᠵᠢᠭᠤᠯᠤᠭᠰᠠᠨ ︽ᠵᠢᠭᠤᠯᠴᠢᠯᠠᠯ︾ ᠤᠨ ᠠᠵᠤ ᠦᠢᠯᠡᠰ ᠤᠨ ᠪᠦᠰᠡ ᠶᠢ ᠪᠠᠶᠢᠭᠤᠯᠵᠤ᠂ | ᠣᠶᠢᠷ᠎ᠠ ᠲᠡᠭᠦᠷᠭᠡ ᠶᠢᠨ ᠵᠢᠭᠤᠯᠴᠢᠯᠠᠯ᠂ ᠰᠡᠯᠡᠭᠦᠴᠡᠯ ᠤᠨ ᠵᠢᠭᠤᠯᠴᠢᠯᠠᠯ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ | ᠲᠠᠰ ᠳᠡᠪᠰᠢᠭᠦᠯᠬᠦ ᠶᠢ ᠠᠬᠢᠭᠤᠯᠤᠨ᠎ᠠ᠃ ︽ᠲᠡᠦᠬᠡᠨ ᠠᠴᠠ ᠡᠮᠦᠨᠡᠬᠢ ᠰᠣᠶᠣᠯ ᠤᠨ ᠰᠤᠳᠤᠯᠤᠨ ᠰᠤᠷᠤᠯᠴᠠᠬᠤ | ᠵᠢᠭᠤᠯᠴᠢᠯᠠᠯ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠪᠥᠬᠦ ᠬᠤᠰᠢᠭᠤᠨ ᠤ ᠲᠡᠦᠬᠡ | ᠰᠣᠶᠣᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠣᠶᠣᠯ ᠤᠨ ᠣᠶᠢᠯᠠᠭᠠᠯᠲᠠ ᠪᠠᠷ ᠣᠨᠴᠠᠯᠢᠭ ᠪᠣᠯᠭᠠᠭᠰᠠᠨ | ᠰᠤᠳᠤᠯᠤᠨ ᠰᠤᠷᠤᠯᠴᠠᠬᠤ ᠵᠢᠭᠤᠯᠴᠢᠯᠠᠯ ᠤᠨ ᠪᠦᠰᠡ ᠶᠢ ᠪᠣᠶ ᠪᠣᠯᠭᠠᠨ᠎ᠠ᠃ ᠬᠤᠲᠠ ᠬᠥᠳᠡᠭᠡ ᠶᠢᠨ ᠪᠠᠷᠠᠭᠠᠨ ᠤ | ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠣᠤᠷ ᠴᠡᠭ ᠤᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠨ᠂ ᠰᠠᠭᠠᠳ ᠥᠬᠡᠶ ᠨᠡᠪᠲᠡᠷᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠬᠦᠴᠦᠯᠡᠵᠦ᠂ ᠲᠡᠮᠦᠷᠯᠢᠭ | ᠮᠠᠰᠢᠨ ᠴᠠᠬᠢᠯᠭᠠᠨ ᠭᠡᠷ ᠤᠨ ᠡᠳ᠋ᠯᠡᠯ ᠤᠨ ᠬᠤᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠶᠢᠨ ᠬᠤᠶ ᠸᠠᠨ ᠵᠢᠶᠠ ᠠᠷᠠᠯᠵᠢᠶ᠎ᠠ ᠬᠤᠳᠠᠯᠳᠤᠭᠠᠨ ᠤ ᠶᠡᠷᠦᠩᠬᠡᠶ ᠴᠣᠭᠴᠠ ᠶᠢ | ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ ᠤ ᠰᠢᠨ᠎ᠡ | ᠵᠠᠭᠪᠤᠷ ᠢ ᠳᠡᠯᠭᠡᠷᠡᠭᠦᠯᠵᠦ᠂ ᠦᠢᠯᠡᠳᠪᠦᠷᠢᠯᠡᠵᠦ ᠪᠣᠷᠣᠯᠠᠭᠤᠯᠬᠤ ᠰᠢᠨ᠎ᠡ ᠡᠵᠡᠩᠨᠡᠯᠲᠡ ᠶᠢᠨ ᠪᠠᠶᠢᠳᠠᠯ ᠢ | ᠪᠠᠶᠠᠯᠢᠭᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠳᠡᠭᠡᠭᠰᠢᠯᠡᠬᠦ ᠶᠢ 30% ᠣᠷᠴᠢᠮ ᠨᠡᠮᠡᠭᠳᠡᠭᠦᠯᠬᠦ ᠪᠠᠷ | ᠴᠢᠷᠮᠠᠶᠢᠨ᠎ᠠ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠪᠤᠶᠢᠵᠢᠭᠤᠯᠬᠤ ᠶᠢ ᠴᠢᠩᠭᠠᠳᠬᠠᠵᠤ᠂ 7 ᠠᠷᠠᠯᠵᠢᠶᠠᠨ ᠤ | ᠨᠢᠭᠡᠴᠢ ᠶᠢᠨ ᠳᠡᠭᠡᠳᠦ ᠬᠢᠵᠠᠭᠠᠷ ᠢ ᠨᠢᠭᠡᠳᠬᠡᠬᠦ ᠳᠤ ᠣᠷᠣᠭᠤᠯᠬᠤ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯᠴᠢᠨ ᠲᠠᠷᠢᠶᠠᠴᠢᠨ ᠪᠠ ᠳᠤᠮᠳᠠ ᠵᠢᠵᠢᠭ | ᠪᠢᠴᠢᠯ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠶᠠᠷ ᠲᠤ᠂ ᠪᠡᠯᠡ ᠣᠷᠣᠭᠤᠯᠤᠯᠲᠠ ᠶᠢ ᠥᠷᠭᠡᠳᠬᠡᠬᠦ ᠶᠢ ᠪᠠᠷᠢᠮᠲᠠᠯᠠᠵᠤ᠂ ᠬᠥᠭᠵᠢᠯᠲᠡ ᠶᠢᠨ ᠳᠣᠲᠣᠭᠠᠳᠤ | ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠷᠠᠭᠤᠯᠤᠨ᠎ᠠ | ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ︽ᠲᠦᠷᠦᠯ ᠵᠦᠢᠯ ᠢᠶᠠᠷ | ᠭᠤᠣᠯ ᠪᠣᠯᠭᠠᠬᠤ︾ ᠤᠢᠢᠯᠠᠭᠠᠭᠳᠠᠬᠤᠨ ᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠪᠣᠭᠤᠮᠲᠠ | ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ ᠪᠡᠭᠡᠵᠢᠩ ᠲᠢᠶᠠᠨᠵᠢᠨ ᠡᡁᠧᠪᠸᠢ᠂ ᠪᠦᠸᠧᠬᠠᠢ ᠲᠠᠩᠭᠢᠰ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠵᠡᠷᠭᠡ | ᠭᠠᠵᠠᠷ ᠣᠷᠣᠨ ᠢ ᠴᠢᠩᠭ᠎ᠠ ᠠᠩᠬᠠᠷᠴᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠳᠠᠪᠠᠭᠤᠯᠢᠭ ᠡᠬᠢ | ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠵᠡᠷᠭᠡ ᠬᠦᠷᠢᠶ᠎ᠡ ᠳᠤ | ᠠᠩᠬᠠᠷᠤᠯ ᠢᠶᠠᠨ ᠲᠥᠪᠯᠡᠷᠡᠭᠦᠯᠵᠦ᠂ ︽ᠶᠡᠭᠡ︾ ᠶᠢ ᠠᠳᠬᠤᠬᠤ ᠳᠤ ︽ᠪᠠᠭ᠎ᠠ︾ ᠶᠢ ᠲᠠᠯᠪᠢᠬᠤ ᠦᠭᠡᠢ᠂ ︽ᠰᠢᠨ᠎ᠡ︾ | ᠶᠢ ᠪᠠᠭ᠋ᠠᠷᠬᠠᠬᠤ ᠠᠴᠠ ᠬᠠᠯᠠᠰᠢᠷᠠᠬᠤ ᠦᠭᠡᠢ ᠪᠠᠶᠢᠬᠤ ᠶᠢ ᠪᠠᠷᠢᠮᠲᠠᠯᠠᠵᠤ᠂ ᠠᠷᠠᠯᠵᠢᠶᠠᠴᠢᠨ ᠢᠶᠠᠷ ᠠᠷᠠᠯᠵᠢᠶᠠᠴᠢᠨ | ᠤᠷᠢᠬᠤ᠂ ᠡᠬᠢ ᠪᠠᠶᠠᠯᠢᠭ ᠢᠶᠠᠷ ᠠᠷᠠᠯᠵᠢᠶᠠᠴᠢᠨ ᠤᠷᠢᠬᠤ᠂ ᠬᠤᠳᠠᠯᠳᠤᠭᠠᠴᠢᠳ ᠤᠨ ᠡᠪᠯᠡᠯ ᠤᠨ ᠠᠷᠠᠯᠵᠢᠶᠠᠴᠢᠨ | ᠤᠷᠢᠬᠤ ᠶᠢ ᠶᠡᠬᠡᠪᠡᠷ ᠥᠷᠨᠢᠭᠦᠯᠵᠦ᠂ ᠪᠦᠬᠦ ᠠᠷᠠᠳ ᠢᠶᠠᠷ ᠢᠶᠠᠨ ᠠᠷᠠᠯᠵᠢᠶᠠᠴᠢᠨ ᠤᠷᠢᠬᠤ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠨ᠎ᠠ᠃ ᠪᠥᠬᠦ ᠵᠢᠯ ᠳᠤ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠨᠠᠶᠢᠳᠠᠪᠤᠷᠢᠵᠢᠭᠤᠯᠬᠤ | ᠲᠥᠷᠥᠯ ᠵᠦᠢᠯ ᠢ 35 ᠠᠴᠠ ᠳᠡᠭᠡᠭᠰᠢ ᠪᠣᠯᠭᠠᠬᠤ ᠪᠠᠷ ᠲᠥᠯᠥᠪᠯᠡᠵᠦ᠂ ᠡᠭᠦᠨ ᠳᠤ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ ᠢ 15 ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠪᠣᠳᠠᠲᠠᠶᠢᠵᠢᠭᠤᠯᠤᠭᠰᠠᠨ ᠪᠡᠯᠡ | ᠮᠥᠩᠭᠦ ᠶᠢ 25 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠨ᠎ᠠ᠃ | ᠲᠦᠷᠦᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠢᠪᠲᠤᠯᠤᠨ᠎ᠠ᠃ ᠪᠥᠬᠦ ᠵᠢᠯ ᠳᠤ 1000 | ᠲᠦᠮᠡᠨ ᠲᠥᠭᠦᠷᠢᠭ ᠠᠴᠠ ᠳᠡᠭᠡᠭᠰᠢᠬᠢ 124 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠪᠠᠷ | ᠲᠥᠯᠥᠪᠯᠡᠵᠦ᠂ ᠵᠢᠯ ᠤᠨ ᠳᠣᠲᠣᠷ᠎ᠠ 80.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ | ᠃ ︽ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠠᠬᠢᠴᠠ ᠶᠢ ᠠᠳᠬᠤᠬᠤ᠂ ᠦᠷᠭᠦᠯᠵᠢᠯᠡᠨ ᠪᠠᠶᠢᠭᠤᠯᠬᠤ ᠲᠥᠷᠥᠯ | ᠵᠦᠢᠯ ᠤᠨ ᠠᠰᠢᠭᠯᠠᠯᠲᠠ ᠳᠤ ᠣᠷᠣᠬᠤ ᠶᠢ ᠠᠳᠬᠤᠬᠤ᠂ ᠡᠵᠡᠩᠨᠡᠯᠲᠡ ᠶᠢᠨ ᠲᠥᠷᠥᠯ ᠵᠦᠢᠯ ᠤᠨ ᠦᠢᠯᠡᠴᠢᠯᠡᠭᠡ ᠶᠢ | ᠠᠳᠬᠤᠬᠤ︾ ᠵᠠᠷᠴᠢᠮ ᠶᠣᠰᠣᠭᠠᠷ᠂ ᠱᠠᠯᠠᠪᠳᠠᠭᠤᠯᠤᠨ ᠰᠢᠢᠳᠪᠦᠷᠢᠯᠡᠭᠦᠯᠵᠦ ᠭᠦᠢᠴᠡᠳᠬᠡᠬᠦ ᠶᠢ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠤ ᠳᠣᠭᠤᠰᠢᠯᠠᠭᠤᠯᠵᠤ᠂ ᠠᠵᠢᠯ ᠳᠤ ᠳᠠᠷᠤᠯᠲᠠ ᠥᠭᠬᠦ᠂ | ᠭᠠᠷᠳᠠᠮ ᠢ ᠲᠦᠷᠭᠡᠳᠬᠡᠬᠦ᠂ ᠠᠵᠤ ᠠᠬᠤᠶᠢᠯᠠᠯ ᠳᠤ ᠬᠦᠴᠦᠯᠡᠬᠦ ᠶᠢ ᠪᠡᠶᠡᠯᠡᠭᠦᠯᠦᠨ᠎ᠡ᠃ ︽ᠨᠢᠭᠡ ᠲᠥᠪ᠂ ᠬᠤᠶᠠᠷ | ᠲᠤᠰᠬᠠᠶ ᠠᠩᠭᠢ︾ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠷᠥᠯ ᠵᠦᠢᠯ ᠢ 500 ᠠᠴᠠ ᠳᠡᠭᠡᠭᠰᠢ ᠬᠥᠳᠡᠯᠦᠩᠭᠦᠶ ᠪᠠᠷ ᠨᠥᠭᠡᠴᠡᠯᠡᠨ᠎ᠡ᠃ ︽ᠪᠢ ᠠᠵᠤ | ᠠᠬᠤᠶᠢᠯᠠᠯ ᠳᠤ ᠵᠠᠬ᠎ᠠ ᠳᠡᠯᠭᠡᠭᠦᠷ ᠡᠷᠢᠵᠦ ᠥᠭᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠦᠢᠯᠡᠳᠪᠦᠷᠢᠯᠡᠯ ᠤᠨ ᠠᠵᠤ ᠠᠬᠤᠶᠢᠯᠠᠯ ᠤᠨ ᠬᠦᠴᠢᠷᠳᠡᠯ ᠢ ᠢᠳᠡᠪᠬᠢᠲᠡᠢ ᠰᠢᠢᠳᠪᠦᠷᠢᠯᠡᠨ᠎ᠡ᠃ | ᠳᠡᠭᠡᠭᠰᠢ ᠵᠠᠯᠭᠠᠯᠳᠤᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠤᠯᠤᠰ᠂ ᠣᠷᠤᠨ᠂ | ᠬᠤᠲᠠ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ | ᠪᠣᠳᠣᠯᠭ᠎ᠠ ᠶᠢᠨ ᠴᠣᠩᠬᠤᠪᠴᠢ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠰᠠᠭᠤᠷᠢ ᠲᠥᠬᠦᠭᠡᠷᠦᠮᠵᠢ᠂ ᠠᠵᠤ | ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠦᠢᠯᠡᠰ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠲᠥᠪ ᠤᠨ ᠲᠥᠰᠦᠪ ᠤᠨ | ᠳᠣᠲᠣᠷᠠᠬᠢ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ | ᠨᠡᠭᠡᠭᠡᠨ ᠬᠥᠭᠵᠢᠭᠦᠯᠬᠦ ᠴᠢᠨᠠᠷᠲᠠᠶ ᠮᠥᠩᠭᠦᠨ ᠭᠦᠢᠯᠭᠡᠭᠡᠨ ᠤ ᠪᠠᠭᠠᠵᠢ ᠶᠢᠨ ᠪᠠᠯᠠ ᠮᠥᠩᠭᠦ ᠶᠢᠨ ᠣᠷᠣᠭᠤᠯᠤᠯᠲᠠ ᠶᠢᠨ | ᠬᠠᠨᠳᠤᠰᠢ ᠶᠢ ᠭᠦᠨᠵᠡᠭᠡᠶ ᠰᠤᠳᠤᠯᠵᠤ᠂ ᠨᠠᠩ ᠣᠯᠠᠨ ᠲᠥᠷᠥᠯ ᠵᠦᠢᠯ ᠢ ᠳᠡᠭᠡᠳᠦ ᠱᠠᠲᠤᠨ ᠤ ᠲᠥᠷᠥᠯ ᠵᠦᠢᠯ ᠳᠤ | ᠣᠷᠣᠭᠤᠯᠬᠤ ᠶᠢ ᠠᠬᠢᠭᠤᠯᠤᠨ᠎ᠠ᠃ ᠵᠢᠯ ᠤᠨ ᠳᠣᠲᠣᠷ᠎ᠠ ᠳᠡᠭᠡᠳᠦ ᠱᠠᠲᠤᠨ ᠤ ᠡᠯ᠎ᠡ ᠲᠥᠷᠥᠯ ᠤᠨ ᠪᠡᠯᠡ ᠮᠥᠩᠭᠦ ᠶᠢ | 43 ᠳ᠋ᠦᠩᠰᠢᠭᠤᠷ ᠲᠥᠭᠦᠷᠢᠭ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 3.5 ᠳ᠋ᠦᠩᠰᠢᠭᠤᠷ | ᠲᠥᠭᠦᠷᠢᠭ ᠠᠴᠠ ᠳᠡᠭᠡᠭᠰᠢ ᠴᠢᠷᠮᠠᠶᠢᠨ ᠣᠯᠤᠨ᠎ᠠ᠃ | ︵ᠭᠤᠷᠪᠠ︶ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠠᠬᠢᠭᠤᠯᠤᠨ᠎ᠠ | ᠭᠤᠤᠯᠳᠠᠯᠭ᠎ᠠ ᠲᠠᠢ ᠬᠥᠮᠦᠰ ᠢ ᠬᠢᠨᠠᠨ ᠬᠡᠮᠵᠢᠬᠦ ᠶᠢ ᠴᠢᠩᠭᠠᠳᠬᠠᠨ᠎ᠠ᠃ ︽ᠳᠥᠷᠪᠡ ᠶᠢ ᠥᠯᠥ ᠬᠠᠶᠠᠬᠤ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠬᠤᠶᠠᠷ ᠲᠤ ᠵᠣᠪᠠᠭ᠋ᠤ ᠥᠬᠡᠶ᠂ | ᠭᠤᠷᠪᠠ ᠶᠢ ᠪᠠᠲᠤᠯᠠᠬᠤ︾᠂ ᠠᠮᠤᠷ ᠲᠦᠪᠰᠢᠨ ᠢᠶᠠᠷ ᠤᠤᠭᠤᠬᠤ ᠤᠰᠤ ᠪᠠ ᠣᠨᠳᠣᠤ ᠭᠠᠵᠠᠷ ᠲᠤ ᠨᠡᠭᠦᠯᠭᠡᠬᠦ ᠵᠡᠷᠭᠡ | ᠳᠤᠲᠠᠭᠤᠳᠠᠯ ᠢ ᠬᠥᠳᠡᠯᠦᠩᠭᠦᠶ ᠪᠠᠷ ᠨᠥᠬᠦᠪᠥᠷᠢᠯᠡᠨ᠎ᠡ᠃ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠪᠠ ᠡᠳᠦᠷ | ᠲᠤᠲᠤᠮ ᠤᠨ ᠬᠢᠨᠠᠨ ᠬᠡᠮᠵᠢᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ 5490 ᠠᠶᠤᠯ | ᠲᠦᠭᠰᠢᠭᠦᠷᠢ ᠲᠠᠢ ᠬᠥᠮᠦᠰ ᠪᠠ ᠰᠢᠨ᠎ᠡ ᠪᠠᠷ ᠣᠷᠣᠭᠤᠯᠤᠭᠰᠠᠨ ᠬᠢᠨᠠᠨ ᠰᠢᠯᠭᠠᠬᠤ ᠡᠲᠡᠭᠡᠳ ᠲᠤ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ ᠣᠨᠤᠪᠴᠢᠲᠠᠢ ᠪᠠᠷ ᠨᠠᠶᠢᠳᠠᠪᠤᠷᠢᠵᠢᠭᠤᠯᠵᠤ᠂ ᠪᠠᠭᠲᠠᠭᠠᠪᠠᠰᠤ ᠵᠣᠬᠢᠬᠤ ᠶᠢ ᠨᠢ | ᠪᠦᠬᠦᠨ ᠢ ᠪᠠᠭᠲᠠᠭᠠᠵᠤ᠂ ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠴᠤ᠂ ᠪᠠᠲᠤᠯᠠᠪᠠᠰᠤ ᠵᠣᠬᠢᠬᠤ ᠶᠢ ᠨᠢ | ᠪᠦᠬᠦᠨ ᠢ ᠪᠠᠲᠤᠯᠠᠨ᠎ᠠ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠡᠯ᠎ᠡ ᠱᠠᠲᠤᠨ ᠤ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ | ᠪᠡᠶᠡᠯᠡᠭᠦᠯᠦᠨ᠎ᠡ᠃ | ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠤᠨ᠎ᠠ᠃ ᠲᠥᠪ ᠤᠨ ᠰᠢᠭᠤᠳ | ᠬᠠᠷᠢᠶ᠎ᠠ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠵᠢᠯ ᠤᠨ ᠳᠣᠲᠣᠷ᠎ᠠ ᠬᠠᠪᠰᠤᠷᠤᠨ ᠲᠡᠳᠬᠦᠬᠦ ᠪᠡᠯᠡ ᠮᠥᠩᠭᠦ ᠶᠢ 8000 | ᠲᠦᠮᠡᠨ ᠲᠥᠭᠦᠷᠢᠭ ᠠᠴᠠ ᠳᠡᠭᠡᠭᠰᠢ ᠴᠢᠷᠮᠠᠶᠢᠨ ᠣᠯᠤᠨ᠎ᠠ᠃ 3.4 ᠳ᠋ᠦᠩᠰᠢᠭᠤᠷ ᠲᠥᠭᠦᠷᠢᠭ ᠤᠨ ᠪᠡᠯᠡ ᠮᠥᠩᠭᠦ | ᠣᠷᠣᠭᠤᠯᠬᠤ ᠪᠠᠷ ᠲᠥᠯᠥᠪᠯᠡᠵᠦ᠂ ᠡᠭᠦᠨ ᠳᠤ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢᠨ | 70% ᠠᠴᠠ ᠳᠡᠭᠡᠭᠰᠢᠬᠢ ᠶᠢ ᠡᠵᠡᠯᠡᠵᠦ᠂ ᠭᠠᠴᠠᠭ᠎ᠠ ᠲᠣᠰᠬᠤᠨ ᠤ ᠲᠠᠷᠢᠵᠤ ᠲᠡᠵᠢᠭᠡᠨ ᠦᠷᠡᠵᠢᠭᠦᠯᠬᠦ ᠰᠠᠭᠤᠷᠢᠨ | ᠭᠠᠵᠠᠷ ᠤᠨ ᠲᠥᠷᠥᠯ ᠵᠦᠢᠯ ᠢ ᠶᠡᠬᠡᠪᠡᠷ ᠬᠥᠭᠵᠢᠭᠦᠯᠬᠦ ᠶᠢ ᠳᠡᠮᠵᠢᠵᠦ᠂ ᠪᠡᠯᠡ ᠮᠥᠩᠭᠦ ᠶᠢᠨ ᠠᠵᠤ ᠦᠢᠯᠡᠰ ᠤᠨ | ᠬᠥᠭᠵᠢᠯᠲᠡ ᠶᠢ ᠨᠡᠩ ᠰᠠᠶᠢᠨ ᠠᠬᠢᠭᠤᠯᠵᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ | ᠨᠡᠮᠡᠷᠢᠯᠡᠨ᠎ᠡ᠃ ᠬᠥᠲᠥᠴᠢ ᠠᠵᠤ ᠠᠬᠤᠶᠢᠯᠠᠯ ᠤᠨ ᠳᠠᠶᠢᠴᠢᠯᠠᠯᠲᠠ ᠳᠤ ᠲᠦᠰᠢᠭᠯᠡᠨ᠂ ᠨᠠᠷᠢᠳ ᠤᠨ ᠭᠤᠤᠯ ᠤᠨ | ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠢᠶᠠᠷ ᠵᠢᠯᠣᠭᠤᠳᠣᠯᠭ᠎ᠠ ᠪᠣᠯᠭᠠᠵᠤ᠂ | 50 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ | ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ | ᠲᠠᠰ ᠤᠨ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠤ ᠠᠵᠠ | ᠲᠣᠬᠢᠶᠠᠯ ᠢ ᠡᠵᠡᠮᠳᠡᠵᠦ᠂ 20 ᠺᠢᠯᠦᠮᠧᠲᠷ ᠪᠠᠶᠢᠭᠠᠯᠢᠯᠢᠭ ᠲᠣᠰᠬᠤᠨ ᠢ ᠬᠠᠲᠠᠭᠤᠷᠠᠭᠤᠯᠤᠭᠰᠠᠨ ᠵᠠᠮ ᠢ ᠰᠢᠨ᠎ᠡ ᠪᠠᠷ | ᠪᠠᠶᠢᠭᠤᠯᠵᠤ᠂ 34 ᠺᠢᠯᠦᠮᠧᠲᠷ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠵᠦ᠂ 15 ᠬᠡᠰᠡᠭ | ᠵᠠᠮ ᠥᠩᠭᠡᠷᠡᠬᠦ ᠬᠥᠭᠦᠷᠭᠡ ᠶᠢᠨ ᠭᠤᠯᠳᠤᠩ ᠢ ᠰᠡᠯᠪᠢᠨ ᠵᠠᠰᠠᠵᠤ᠂ ᠵᠠᠮ ᠨᠡᠪᠲᠡᠷᠡᠯᠭᠡ ᠶᠢᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ | ᠴᠢᠳᠠᠮᠵᠢ ᠶᠢ ᠪᠠᠳᠠᠷᠠᠭᠤᠯᠵᠤ᠂ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠦᠨ᠎ᠡ᠃ 2000 ᠠᠷᠢᠭᠤᠨ ᠴᠡᠪᠡᠷ ᠵᠣᠷᠯᠣᠩ ᠢ ᠰᠢᠨ᠎ᠡ ᠪᠠᠷ ᠥᠭᠡᠷᠡᠴᠢᠯᠡᠨ | ᠪᠠᠶᠢᠭᠤᠯᠵᠤ᠂ 21 ᠠᠶᠤᠯᠭᠦᠶ ᠤᠤᠭᠤᠬᠤ ᠤᠰᠤᠨ ᠤ ᠢᠨᠵᠧᠨᠧᠷᠢᠩ᠂ ᠬᠥᠳᠡᠭᠡ ᠲᠣᠰᠬᠤᠨ ᠤ ᠴᠠᠬᠢᠯᠭᠠᠨ ᠲᠣᠤᠷ ᠢ | ᠥᠭᠡᠷᠡᠴᠢᠯᠡᠬᠦ ᠢᠨᠵᠧᠨᠧᠷᠢᠩ ᠢ 92 ᠬᠡᠷᠡᠭᠵᠢᠭᠦᠯᠵᠦ᠂ 5G ᠶᠢᠨ ᠰᠠᠭᠤᠷᠢ ᠥᠷᠲᠡᠭᠡ ᠶᠢ 30 ᠪᠠᠶᠢᠷᠢᠰᠢᠭᠤᠯᠤᠨ᠎ᠠ᠃ | ᠬᠥᠳᠡᠭᠡ ᠲᠣᠰᠬᠤᠨ ᠤ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ︽ᠲᠠᠪᠤ ᠶᠢ ᠵᠠᠰᠠᠬᠤ ᠶᠢ ᠠᠭᠤᠰᠤᠯᠴᠠᠭᠤᠯᠬᠤ | ︾ ᠵᠠᠰᠠᠯᠲᠠ ᠶᠢᠨ ᠵᠠᠭᠪᠤᠷ ᠢ ᠳᠡᠯᠭᠡᠷᠡᠭᠦᠯᠵᠦ᠂ ᠵᠠᠩ ᠳᠠᠳᠬᠠᠯ ᠢ ᠥᠭᠡᠷᠡᠴᠢᠯᠡᠵᠦ᠂ ᠰᠢᠨ᠎ᠡ ᠰᠤᠷᠲᠠᠯ ᠢ ᠪᠤᠢ ᠪᠣᠯᠭᠠᠵᠤ᠂ | ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠲᠦᠷᠪᠡ︶ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠠᠭᠤᠯᠠ ᠤᠰᠤ ᠤᠢ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠠᠬᠢᠭᠤᠯᠵᠤ᠂ 1 ᠲᠦᠮᠡᠨ ᠮᠦ ᠰᠡᠶᠢᠷᠡᠭᠵᠢᠭᠰᠡᠨ ᠣᠢ ᠶᠢᠨ ᠬᠦᠢ ᠶᠢ | ᠥᠭᠡᠷᠡᠴᠢᠯᠡᠬᠦ ᠰᠣᠳᠣᠨ ᠢᠨᠵᠧᠨᠧᠷᠢᠩ ᠢ ᠬᠡᠷᠡᠭᠵᠢᠭᠦᠯᠵᠦ᠂ 10.2 ᠲᠦᠮᠡᠨ ᠮᠦ ᠣᠶᠢᠵᠢᠭᠤᠯᠤᠯᠲᠠ ᠶᠢ ᠥᠷᠨᠢᠭᠦᠯᠵᠦ | ᠂ 11 ᠭᠤᠣᠯᠳᠠᠯᠭ᠎ᠠ ᠲᠠᠢ ᠵᠢᠱᠢᠶ᠎ᠡ ᠦᠵᠡᠭᠦᠯᠬᠦ ᠲᠣᠰᠬᠤᠨ ᠤ ᠨᠣᠭᠤᠭᠠᠷᠠᠭᠤᠯᠤᠯᠲᠠ ᠶᠢ ᠪᠡᠶᠡᠯᠡᠭᠦᠯᠦᠨ᠎ᠡ᠃ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠢᠯ ᠤᠨ ᠳᠣᠲᠣᠷ᠎ᠠ | 2 ᠪᠣᠬᠢᠷᠲᠤᠯ ᠥᠬᠡᠶ ᠠᠭᠤᠷᠬᠠᠶ ᠶᠢ ᠪᠥᠲᠥᠭᠡᠨ ᠪᠠᠶᠢᠭᠤᠯᠤᠨ᠎ᠠ᠃ ᠭᠤᠣᠯ ᠤᠨ ᠵᠠᠮ ᠤᠨ ᠵᠠᠰᠠᠯᠲᠠ ᠶᠢ ᠴᠢᠩᠭᠠᠳᠬᠠᠵᠤ | ᠂ 7 ᠳᠤᠮᠳᠠ ᠪᠠᠭ᠎ᠠ ᠭᠤᠣᠯ ᠮᠥᠷᠡᠨ ᠢ ᠵᠠᠰᠠᠬᠤ ᠢᠨᠵᠧᠨᠧᠷᠢᠩ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢ | ᠪᠡᠶᠡᠯᠡᠭᠦᠯᠵᠦ᠂ ᠭᠤᠣᠯ ᠤᠨ ᠵᠠᠮ ᠤᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ᠠᠮᠢ ᠠᠬᠤᠢ ᠶᠢᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠬᠤᠶᠠᠳᠤᠭᠠᠷ ᠡᠭᠡᠯᠵᠢ ᠶᠢᠨ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠥᠭᠴᠦ | ᠰᠢᠢᠳᠪᠦᠷᠢᠯᠡᠭᠦᠯᠦᠭᠰᠡᠨ ᠬᠡᠷᠡᠭ ᠪᠠ ᠬᠠᠷᠢᠭᠤ ᠲᠤᠰᠬᠠᠭᠰᠠᠨ ᠠᠰᠠᠭᠤᠳᠠᠯ ᠢ ᠦᠷᠭᠦᠯᠵᠢᠯᠡᠨ ᠳᠠᠭᠠᠵᠤ᠂ ᠡᠷᠡᠰ | ᠴᠡᠭᠴᠡᠯᠡᠨ ᠰᠠᠶᠢᠵᠢᠷᠠᠭᠤᠯᠤᠨ᠎ᠠ᠃ ᠣᠶ ᠰᠢᠭᠤᠶ ᠶᠢᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠳᠠᠷᠤᠭ᠎ᠠ ᠶᠢᠨ ᠳᠦᠷᠢᠮ ᠤᠨ ᠲᠤᠷᠰᠢᠯᠲᠠ ᠶᠢᠨ ᠨᠢᠭᠡᠴᠢ︾ ᠶᠢᠨ | ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠨ᠎ᠠ᠃ ᠡᠯ᠎ᠡ ᠱᠠᠲᠤᠨ ᠤ ᠭᠤᠤᠯ ᠮᠥᠷᠡᠨ ᠤ ᠳᠠᠷᠤᠭ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠷᠦᠢ ᠬᠤᠷᠤᠢ | ᠦᠭᠡᠢ︾ ᠪᠠᠶᠢᠬᠤ ᠶᠢ ᠪᠠᠶᠢᠩᠭᠤᠵᠢᠭᠤᠯᠤᠨ ᠴᠡᠭᠴᠡᠯᠡᠨ ᠵᠠᠰᠠᠨ᠎ᠠ᠃ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ | ᠬᠠᠤᠯᠢ ᠬᠡᠷᠡᠭᠵᠢᠭᠦᠯᠬᠦ ᠰᠢᠰᠲ᠋ᠧᠮ ᠢ ᠰᠢᠯᠤᠭᠤᠳᠬᠠᠵᠤ᠂ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ | ᠲᠠᠪᠴᠠᠩ ᠢ ᠲᠡᠭᠦᠯᠳᠡᠷᠵᠢᠭᠦᠯᠵᠦ᠂ ᠠᠮᠢ ᠠᠬᠤᠶ ᠣᠷᠴᠢᠨ ᠲᠣᠭᠤᠷᠢᠨ ᠢ ᠡᠪᠳᠡᠭᠰᠡᠨ ᠡᠯ᠎ᠡ ᠲᠥᠷᠥᠯ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠭᠠᠷ ᠮᠠᠨᠳᠠᠯ ᠤᠨ | ᠪᠣᠬᠢᠷᠲᠤᠯ᠂ ᠣᠯᠠᠨ ᠡᠬᠢᠲᠦ ᠪᠣᠬᠢᠷᠲᠤᠯ ᠪᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠦᠴᠦᠲᠡᠶ | ᠠᠳᠬᠤᠵᠤ᠂ ᠲᠩᠷᠢ ᠨᠢ ᠴᠡᠯᠮᠡᠭ ᠤᠰᠤ ᠨᠢ ᠲᠤᠩᠭᠠᠯᠠᠭ ᠬᠥᠷᠥᠰᠥ ᠶᠢ ᠴᠢᠨᠠᠷ ᠰᠠᠶᠢᠲᠠᠶ ᠪᠠᠶᠢᠬᠤ ᠶᠢ ᠬᠥᠭᠵᠢᠯᠲᠡ ᠶᠢᠨ | ᠢᠯᠡ ᠲᠣᠳᠣ ᠰᠠᠭᠤᠷᠢ ᠥᠩᠭᠡ ᠪᠣᠯᠭᠠᠨ᠎ᠠ᠃ | ᠪᠤᠬᠢᠷᠲᠤᠯ ᠦᠭᠡᠢ ᠦᠵᠡᠯᠲᠡ ᠶᠢ ᠢᠳᠡᠪᠬᠢᠲᠡᠶ ᠪᠠᠷ ᠦᠢᠯᠡᠳᠦᠯᠭᠡᠵᠢᠭᠦᠯᠦᠨ᠎ᠡ᠃ ︽ᠨᠡᠭᠦᠷᠡᠰᠦᠲᠥ᠋ᠷᠥᠭᠴᠢ ᠶᠢ | ᠭᠠᠳᠠᠭᠰᠢᠭᠤᠯᠤᠯᠲᠠ ᠶᠢ ᠣᠷᠭᠢᠯ ᠳᠤ ᠬᠦᠷᠭᠡᠬᠦ︾ ︽ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ︾ ᠤᠨ | ᠬᠠᠷᠠᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠡᠪ | ᠳᠠᠭᠤᠷᠢᠶᠠᠯ ᠢ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠂ ᠠᠵᠤ ᠦᠢᠯᠡᠰ ᠤᠨ ᠵᠥᠪᠰᠢᠶᠡᠷᠡᠨ ᠣᠷᠣᠭᠤᠯᠬᠤ | ᠪᠠᠷᠢᠮᠵᠢᠶ᠎ᠠ ᠶᠢ ᠴᠢᠩᠭ᠎ᠠ ᠰᠠᠬᠢᠨ᠎ᠠ᠃ ︽ᠤᠰᠤ ᠪᠠᠷ ᠤᠨᠠᠯᠲᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ | ᠶᠠᠪᠤᠭᠳᠠᠭᠤᠯᠬᠤ︾ ᠶᠢ ᠪᠠᠷᠢᠮᠲᠠᠯᠠᠵᠤ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠥᠷᠨᠢᠭᠦᠯᠵᠦ᠂ | ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ | ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ | ᠪᠠᠭᠠᠰᠬᠠᠬᠤ ᠶᠢ ᠠᠬᠢᠭᠤᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠵᠢᠷᠤᠮᠵᠢᠯ ᠲᠠᠢ | ᠪᠥᠭᠡᠳ ᠡᠮᠬᠢ ᠵᠢᠷᠤᠮ ᠲᠠᠢ ᠪᠠᠷ ᠣᠶ ᠶᠢᠨ ᠬᠤᠷᠮᠣᠶ ᠶᠢᠨ ᠠᠵᠤ ᠠᠬᠤᠶ ᠶᠢ ᠬᠥᠭᠵᠢᠭᠦᠯᠵᠦ᠂ | ᠨᠡᠭᠦᠷᠡᠰᠦᠲᠥ᠋ᠷᠥᠭᠴᠢ ᠶᠢᠨ ᠬᠤᠷᠠᠮᠠᠯ ᠢ ᠨᠡᠭᠡᠭᠡᠨ ᠬᠥᠭᠵᠢᠭᠦᠯᠬᠦ ᠶᠢ ᠢᠳᠡᠪᠬᠢᠲᠡᠶ ᠠᠬᠢᠭᠤᠯᠵᠤ᠂ ︽ᠭᠤᠷᠪᠠᠨ ᠦᠷ᠎ᠡ | ᠠᠰᠢᠭ ᠢ ᠨᠢᠭᠡᠳᠬᠡᠬᠦ︾ ᠶᠢ ᠪᠡᠶᠡᠯᠡᠭᠦᠯᠦᠨ᠎ᠡ᠃ ᠠᠷᠪᠢᠲᠠᠢ ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠦᠬᠦ | ᠠᠷᠠᠳ ᠤᠨ ᠣᠷᠴᠢᠨ ᠠᠬᠤᠢ ᠶᠢ ᠬᠠᠮᠠᠭᠠᠯᠠᠬᠤ ᠦᠵᠡᠯ ᠤᠬᠠᠮᠰᠠᠷ᠂ ᠠᠮᠢ ᠠᠬᠤᠢ ᠶᠢᠨ ᠦᠵᠡᠯ ᠤᠬᠠᠮᠰᠠᠷ ᠢ | ᠴᠢᠩᠭᠠᠷᠠᠭᠤᠯᠤᠨ᠎ᠠ᠃ | ︵ᠲᠠᠪᠤ︶ ᠰᠠᠭᠤᠷᠢ ᠶᠢ ᠪᠠᠲᠤᠳᠬᠠᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠤᠲᠠ ᠶᠢᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ | ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠨ᠎ᠠ᠃ ︽ᠭᠤᠷᠪᠠᠨ ᠣᠷᠣᠨ ᠭᠤᠷᠪᠠᠨ | ᠱᠤᠭᠤᠮ︾ ᠢ ᠪᠠᠲᠤ ᠰᠠᠬᠢᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠯ ᠢ ᠰᠢᠨᠵᠢᠯᠡᠬᠦ | ᠤᠬᠠᠭᠠᠨᠴᠢ ᠪᠠᠷ ᠵᠦᠶ ᠵᠣᠬᠢᠰᠲᠠᠶ ᠰᠢᠯᠢᠳᠡᠭᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠴᠢᠨᠠᠷ ᠰᠠᠶᠢᠲᠠᠶ ᠪᠡᠶᠡᠯᠡᠭᠦᠯᠵᠦ᠂ ︽ᠲᠤᠭ᠎ᠠ︾᠂ ︽ᠱᠤᠭᠤᠮ︾ | ᠂ ︽ᠵᠢᠷᠤᠭ︾ ᠤᠨ ᠵᠣᠬᠢᠴᠠᠯᠳᠤᠯ ᠨᠢᠭᠡᠳᠦᠯᠲᠡᠶ ᠪᠠᠶᠢᠬᠤ ᠶᠢ ᠠᠬᠢᠭᠤᠯᠤᠨ᠎ᠠ᠃ ᠣᠷᠣᠨ ᠪᠦᠰᠡ ᠶᠢᠨ ᠴᠢᠳᠠᠮᠵᠢ᠂ | ᠠᠵᠤ ᠦᠢᠯᠡᠰ ᠤᠨ ᠬᠥᠭᠵᠢᠯᠲᠡ᠂ ᠡᠬᠢ ᠪᠠᠶᠠᠯᠢᠭ ᠤᠨ ᠳᠠᠪᠠᠭᠤᠯᠢᠭ ᠵᠡᠷᠭᠡ ᠬᠦᠴᠦᠨ ᠵᠦᠢᠯ ᠢ ᠶᠡᠷᠦᠩᠬᠡᠶᠢᠯᠡᠨ | ᠪᠣᠳᠣᠯᠬᠢᠯᠠᠵᠤ᠂ ᠨᠢᠭᠡᠳᠦᠯᠲᠡᠶ ᠲᠥᠯᠥᠪᠵᠢᠭᠦᠯᠦᠨ᠂ ᠲᠥᠷᠥᠯ ᠬᠤᠪᠢᠶᠠᠨ ᠬᠠᠮᠢᠶᠠᠷᠤᠨ ᠡᠵᠡᠮᠳᠡᠵᠦ᠂ ︽ᠣᠯᠠᠨ | ᠲᠥᠯᠥᠪᠵᠢᠭᠦᠯᠭᠡ ᠶᠢ ᠨᠢᠭᠡᠳᠬᠡᠬᠦ︾ ᠶᠢ ᠠᠬᠢᠭᠤᠯᠤᠨ᠎ᠠ᠃ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ | ᠬᠥᠳᠡᠭᠡ ᠲᠣᠰᠬᠤᠨ ᠢᠶᠠᠷ ᠬᠤᠳᠠ ᠶᠢ ᠠᠬᠢᠭᠤᠯᠬᠤ ᠶᠢ ᠪᠠᠷᠢᠮᠲᠠᠯᠠᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ | ᠡᠭᠦᠳᠬᠦ ᠶᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢ ᠬᠤᠯᠪᠣᠯᠳᠤᠭᠤᠯᠬᠤ᠂ ᠲᠦᠷᠢᠮ ᠲᠦᠷᠦ ᠶᠢᠨ | ᠪᠤᠳᠤᠯᠭ᠎ᠠ ᠶᠢ ᠨᠡᠪᠲᠡᠷᠡᠭᠦᠯᠬᠦ ᠶᠢ ᠠᠬᠢᠭᠤᠯᠤᠨ᠎ᠠ᠃ | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠬᠠᠩᠭᠠᠯᠭ᠎ᠠ ᠬᠡᠷᠡᠭᠴᠡᠭᠡ ᠶᠢᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ᠂ ᠬᠡᠷ ᠪᠠᠶᠢᠰᠢᠩ ᠪᠣᠷᠣᠯᠠᠭᠤᠯᠬᠤ | ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠰᠠᠶᠢᠵᠢᠷᠠᠯᠲᠠ ᠶᠢ ᠲᠦᠷᠭᠡᠳᠬᠡᠨ᠎ᠡ᠃ ᠣᠷᠣᠨ ᠰᠠᠭᠤᠴᠠ ᠶᠢᠨ ᠨᠥᠬᠦᠴᠡᠯ ᠢ | ᠰᠠᠶᠢᠵᠢᠷᠠᠭᠤᠯᠵᠤ᠂ 10.15 ᠲᠦᠮᠡᠨ ᠲᠡᠭᠰᠢ ᠳᠥᠷᠪᠡᠯᠵᠢᠨ ᠮᠧᠲᠷ ᠬᠠᠭᠤᠴᠢᠨ ᠰᠠᠭᠤᠭᠠᠯᠢ ᠲᠣᠭᠤᠷᠢᠭ ᠢ | ᠥᠭᠡᠷᠡᠴᠢᠯᠡᠨ ᠰᠠᠶᠢᠵᠢᠷᠠᠭᠤᠯᠬᠤ ᠶᠢ ᠬᠡᠷᠡᠭᠵᠢᠭᠦᠯᠦᠨ᠎ᠡ᠃ ᠭᠠᠵᠠᠷ ᠳᠣᠣᠷᠠᠬᠢ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠤᠯᠤᠰ ᠤᠨ 305 ᠱᠤᠭᠤᠮ ᠤᠨ | ᠳ᠋ᠠ ᠾᠧᠢ ᠱᠠᠨ ᠠᠴᠠ ᠶᠠᠩᠴᠠᠩ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠦᠷᠦᠯ ᠵᠦᠢᠯ ᠢ ᠵᠢᠯ ᠤᠨ ᠳᠣᠲᠣᠷ᠎ᠠ ᠡᠬᠢᠯᠡᠭᠦᠯᠬᠦ ᠪᠠᠷ ᠴᠢᠷᠮᠠᠶᠢᠨ᠎ᠠ᠃ ᠤᠰᠤ ᠬᠠᠩᠭᠠᠬᠤ ᠮᠡᠳᠡᠭᠡ ᠵᠠᠩᠭᠢᠵᠢᠯᠲᠠ ᠶᠢᠨ | ᠰᠢᠰᠲ᠋ᠧᠮ ᠵᠢᠴᠢ ᠬᠤᠭᠤᠯᠠᠶ ᠶᠢᠨ ᠲᠣᠤᠷ ᠤᠨ ᠲᠥᠬᠦᠭᠡᠷᠦᠮᠵᠢ ᠶᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ | ᠬᠤᠲᠠ ᠶᠢᠨ ᠲᠣᠭᠤᠷᠢᠭ ᠤᠨ ᠰᠢᠲᠠᠮᠠᠬᠠᠶ ᠬᠡᠶ ᠶᠢᠨ ᠬᠤᠭᠤᠯᠠᠶ ᠶᠢ 2 ᠺᠢᠯᠦᠮᠧᠲᠷ ᠰᠢᠨᠡᠳᠬᠡᠵᠦ᠂ ᠢᠯᠴᠢ ᠬᠠᠩᠭᠠᠬᠤ | ᠬᠤᠭᠤᠯᠠᠶ ᠶᠢᠨ ᠱᠤᠭᠤᠮ ᠢ 5 ᠺᠢᠯᠦᠮᠧᠲᠷ ᠰᠢᠨ᠎ᠡ ᠪᠠᠷ ᠪᠠᠶᠢᠭᠤᠯᠵᠤ᠂ ᠤᠰᠤ ᠬᠠᠩᠭᠠᠬᠤ᠂ ᠢᠯᠴᠢ ᠬᠠᠩᠭᠠᠬᠤ᠂ | ᠰᠢᠲᠠᠮᠠᠬᠠᠶ ᠬᠡᠶ ᠬᠠᠩᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠡᠭᠡᠳᠦ ᠱᠠᠲᠤᠨ ᠤ ᠪᠡᠯᠡ | ᠮᠥᠩᠭᠦ ᠶᠢ ᠢᠳᠡᠪᠬᠢᠲᠡᠢ ᠲᠡᠮᠡᠴᠡᠨ ᠣᠯᠵᠤ᠂ ᠪᠠᠶᠢᠰᠢᠩ ᠭᠡᠷ ᠤᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠲᠦᠷᠭᠡᠨ ᠨᠥᠬᠦᠪᠦᠷᠢᠯᠡᠨ᠎ᠡ᠃ | ᠬᠠᠮᠢᠶᠠᠷᠤᠯᠲᠠ ᠶᠢᠨ ᠦᠢᠯᠡᠳᠦᠯ ᠴᠢᠳᠠᠪᠬᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠲᠣᠭᠤᠷᠢᠭ ᠲᠤ | ᠳᠤᠷ᠎ᠠ ᠪᠠᠷ ᠢᠶᠠᠨ ᠪᠠᠶᠢᠭᠤᠯᠬᠤ᠂ ᠲᠣᠭᠲᠠᠭᠠᠯ ᠠᠴᠠ ᠵᠥᠷᠢᠴᠡᠨ ᠳᠤᠷ᠎ᠠ ᠪᠠᠷ ᠢᠶᠠᠨ ᠲᠠᠯᠪᠢᠬᠤ᠂ ᠵᠠᠮ ᠡᠵᠡᠯᠡᠨ ᠡᠵᠡᠩᠨᠡᠬᠦ | ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ︽ᠠᠳᠠᠯ ᠠᠬᠤᠶ ᠲᠦᠷᠦᠭᠦᠯᠡᠬᠦ᠂ ᠨᠠᠮ ᠤᠨ | ᠭᠡᠰᠢᠭᠦᠨ ᠳᠠᠭᠠᠭᠤᠯᠤᠨ᠂ ᠰᠠᠭᠤᠭᠠᠯᠢ ᠠᠷᠠᠳ ᠣᠷᠣᠯᠴᠠᠬᠤ᠂ ᠢᠳᠡᠪᠬᠢᠲᠡᠶ ᠪᠠᠷ ᠵᠥᠪᠳᠡᠯᠴᠡᠬᠦ︾ ᠬᠠᠮᠢᠶᠠᠷᠤᠯᠲᠠ ᠶᠢᠨ | ᠵᠠᠭᠪᠤᠷ ᠲᠤ ᠰᠢᠨ᠎ᠡ ᠶᠢ ᠡᠭᠦᠳᠴᠦ᠂ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠤᠯᠠᠨ ᠨᠡᠶᠢᠲᠡ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠡᠮᠬᠢ ᠳᠢᠭᠯᠢᠮ ᠢ | ᠵᠢᠷᠤᠮᠵᠢᠭᠤᠯᠵᠤ᠂ ᠤᠶᠤᠨᠲᠤ ᠨᠡᠶᠢᠭᠡᠮ ᠲᠣᠭᠤᠷᠢᠭ᠂ ᠴᠡᠪᠡᠷ ᠴᠢᠭᠡᠴᠢ ᠢᠨᠵᠧᠨᠧᠷᠢᠩ ᠵᠡᠷᠭᠡ ᠲᠠᠪᠴᠠᠩ ᠤᠨ ᠪᠦᠳᠦᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠬᠤ ᠢᠯᠴᠢ | ᠴᠠᠬᠢᠯᠭᠠᠨ᠂ ᠬᠤᠭᠤᠯᠠᠨ ᠭᠡᠷ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ᠂ ᠪᠠᠷᠢᠯᠭ᠎ᠠ ᠶᠢᠨ ᠬᠤᠭ | ᠨᠣᠪᠰᠢ ᠶᠢ ᠪᠤᠯᠠᠬᠤ ᠵᠡᠷᠭᠡ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠠᠬᠢᠭᠤᠯᠵᠤ᠂ | ᠬᠤᠳᠠ ᠶᠢᠨ ᠬᠠᠮᠢᠶᠠᠷᠤᠯᠲᠠ ᠶᠢᠨ ᠤᠶᠤᠨᠴᠢᠯᠠᠭᠰᠠᠨ᠂ ᠨᠠᠷᠢᠯᠢᠬᠵᠢᠭᠰᠠᠨ ᠲᠦᠪᠰᠢᠨ ᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠲᠥᠪ ᠭᠤᠣᠯᠴᠢ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠵᠤ ᠠᠬᠤᠢ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠨ᠎ᠠ | ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠭᠤᠷᠪᠠ ᠶᠢ | ᠬᠤᠪᠢᠷᠠᠭᠤᠯᠬᠤ︾ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ 3 ᠲᠤᠷᠰᠢᠯᠲᠠ ᠶᠢᠨ ᠴᠡᠭ ᠤᠨ | ᠲᠣᠰᠬᠤᠨ ᠢ ᠤᠷᠢᠳᠠᠪᠠᠷ ᠬᠡᠷᠡᠭᠵᠢᠭᠦᠯᠦᠨ ᠤᠷᠢᠳᠠᠪᠠᠷ ᠲᠤᠷᠰᠢᠵᠤ᠂ ︽ᠭᠤᠷᠪᠠ ᠶᠢ ᠨᠢᠭᠡ ᠴᠤᠭᠴᠠᠵᠢᠭᠤᠯᠬᠤ︾ | ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ 40 ᠶᠢᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ 4 ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠥᠨᠳᠥᠷ ᠪᠦᠲᠦᠮᠵᠢᠲᠡᠶ | ᠡᠵᠡᠩᠨᠡᠯᠲᠡ ᠶᠢ ᠦᠨᠡᠨᠬᠦ ᠪᠠᠲᠤᠯᠠᠨ᠎ᠠ᠃ ᠡᠬᠢ ᠰᠤᠷᠪᠤᠯᠵᠢ ᠶᠢ ᠨᠡᠭᠡᠭᠡᠬᠦ ᠪᠠ ᠠᠷᠪᠢᠯᠠᠬᠤ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ᠂ ᠴᠢᠰᠤ ᠶᠡᠭᠦᠯᠡᠬᠦ ᠪᠠ ᠴᠢᠰᠤ ᠪᠦᠲᠦᠭᠡᠬᠦ ᠶᠢ ᠵᠡᠷᠭᠡ ᠪᠠᠷ ᠴᠢᠬᠤᠯᠠᠴᠢᠯᠠᠵᠤ᠂ | ᠭᠠᠶᠢᠯᠢ ᠰᠦᠢᠳᠬᠡᠯ ᠲᠠᠲᠠᠪᠤᠷᠢᠯᠠᠨ ᠲᠤᠰᠢᠶᠠᠬᠤ ᠶᠢ ᠴᠢᠩᠭᠠᠳᠬᠠᠵᠤ᠂ ᠵᠠᠷᠤᠯᠭ᠎ᠠ ᠶᠢᠨ ᠬᠠᠮᠢᠶᠠᠷᠤᠯᠲᠠ ᠶᠢ | ᠵᠢᠷᠤᠮᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠵᠦ ᠶᠠᠰᠤ | ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠯᠦᠩ ᠰᠢᠩ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠪᠦᠯᠦᠭᠯᠡᠯ ᠤᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠶᠢ | ᠪᠦᠲᠦᠮᠵᠢᠲᠡᠢ ᠥᠷᠭᠡᠳᠬᠡᠵᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠡᠶᠡᠯᠡᠭᠦᠯᠦᠨ᠎ᠡ᠃ ᠭᠠᠵᠠᠷ ᠰᠢᠷᠣᠶ ᠶᠢᠨ | ᠬᠡᠷᠡᠭᠯᠡᠯᠲᠡ ᠶᠢᠨ ᠴᠢᠳᠠᠮᠵᠢ ᠶᠢ ᠳᠡᠭᠡᠭᠰᠢᠯᠡᠭᠦᠯᠵᠦ᠂ ᠵᠢᠯ ᠤᠨ ᠳᠣᠲᠣᠷ᠎ᠠ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ | 3000 ᠮᠥ ᠬᠤᠯᠪᠣᠭᠳᠠᠭᠤᠯᠬᠤ᠂ ᠲᠠᠷᠢᠶᠠᠨ ᠭᠠᠵᠠᠷ ᠤᠨ ᠡᠵᠡᠯᠡᠬᠦ ᠨᠥᠬᠦᠪᠥᠷᠢ ᠶᠢ 1.5 ᠲᠦᠮᠡᠨ ᠮᠥ | ᠲᠡᠩᠴᠡᠭᠦᠷᠢᠲᠡᠶ ᠪᠠᠶᠢᠯᠭᠠᠬᠤ ᠶᠢ ᠬᠡᠷᠡᠭᠵᠢᠭᠦᠯᠦᠨ᠎ᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠶᠡᠭᠡ ᠪᠠᠷ ᠬᠡᠷᠡᠭᠵᠢᠭᠦᠯᠦᠨ᠎ᠡ᠃ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ 30 ᠵᠤᠷᠪᠤᠰ ᠬᠠᠲᠠᠭᠤ | ᠴᠥᠮ᠎ᠡ ᠶᠢᠨ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠨ ᠭᠦᠢᠴᠡᠳ ᠬᠡᠷᠡᠭᠯᠡᠵᠦ᠂ ᠰᠢᠨ᠎ᠡ ᠬᠠᠭᠤᠴᠢᠨ ᠬᠥᠳᠡᠯᠭᠡᠬᠦ | ᠡᠨᠧᠷᠭᠢ ᠶᠢᠨ ᠰᠣᠯᠢᠭᠳᠠᠯ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ | ᠠᠬᠢᠭᠤᠯᠤᠨ᠎ᠠ᠃ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠢᠨ ᠱᠠᠩᠨᠠᠯ ᠤᠨ ᠳᠥᠷᠥ ᠶᠢᠨ | ᠪᠤᠳᠣᠯᠭ᠎ᠠ ᠶᠢ ᠨᠡᠶᠢᠳᠡᠪᠦᠷᠢᠵᠢᠭᠤᠯᠵᠦ᠂ ᠰᠢᠨᠵᠢᠯᠡᠬᠦ ᠣᠬᠠᠭᠠᠨ ᠮᠡᠷᠭᠡᠵᠢᠯ ᠤᠨ ᠣᠷᠣᠭᠤᠯᠥᠯᠳᠡ ᠶᠢ ᠴᠢᠩᠭᠠᠷᠡᠭᠤᠯᠥᠨ᠂ | ᠠᠵᠦ ᠠᠬᠤᠶᠢᠯᠠᠯ ᠢ ᠬᠦᠳᠦᠯᠥᠨ ᠵᠢᠯᠥᠭᠤᠳᠴᠥ ᠪᠠᠶᠢᠭᠠᠳ ᠦᠪᠡᠷᠳᠡᠭᠡᠨ ᠵᠠᠰᠠᠬᠤ ᠣᠷᠣᠨ ᠤ ᠴᠢᠬᠤᠯᠡ ᠶᠡᠭᠡ | ᠰᠢᠨᠵᠢᠯᠡᠬᠦ ᠣᠬᠠᠭᠠᠨ ᠮᠡᠷᠭᠡᠵᠢᠯ ᠤᠨ ᠲᠣᠰᠬᠠᠢ ᠵᠦᠢᠯ ᠢ ᠢᠳᠡᠪᠬᠢᠳᠡᠢ ᠪᠠᠷ ᠮᠡᠳᠡᠬᠦᠯᠥᠨ᠎ᠠ᠃ ᠪᠥᠬᠦ ᠬᠤᠰᠢᠭᠤᠨ ᠤ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ᠂ ᠤᠯᠤᠰ ᠤᠨ | ᠳᠣᠲᠣᠭᠠᠳᠤ ᠶᠢᠨ ᠨᠠᠷᠠᠲᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠭᠦᠨᠵᠡᠭᠡᠶ | ᠵᠣᠯᠭᠠᠭᠤᠯᠵᠤ᠂ ᠲᠠᠪᠴᠠᠩ ᠤᠨ ᠪᠥᠲᠥᠭᠡᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ᠂ ᠮᠡᠷᠭᠡᠵᠢᠯ ᠤᠨ | ᠵᠢᠯᠣᠭᠤᠳᠣᠯᠭ᠎ᠠ ᠬᠢᠬᠦ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠶᠢ ᠴᠢᠩᠭᠠᠳᠬᠠᠵᠤ᠂ ᠦᠨᠳᠦᠰᠦᠨ | ᠱᠠᠲᠤᠨ ᠳᠤ ᠨᠠᠩ ᠣᠯᠠᠨ ︽ᠮᠡᠷᠭᠡᠵᠢᠯᠲᠡᠨ︾ ᠬᠠᠩᠭᠠᠨ᠎ᠠ᠃ | ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠶᠣᠰᠣ ᠲᠦᠷᠢᠮ ᠢ | ᠰᠠᠬᠢᠵᠤ᠂ ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ︾ ᠢᠯᠡ ᠲᠣᠳᠣ ᠤᠳᠤᠷᠢᠳᠤᠮᠵᠢ ᠶᠢ ᠪᠠᠲᠤ ᠪᠤᠢ | ᠪᠣᠯᠭᠠᠵᠤ᠂ ︽ᠳᠤᠮᠳᠠᠬᠢ ᠲᠦᠭᠵᠢᠷᠡᠯ︾ ᠢ ᠨᠡᠪᠲᠡᠷᠡᠭᠦᠯᠵᠦ᠂ ︽ᠠᠵᠢᠯ ᠶᠠᠪᠤᠳᠠᠯ ᠰᠢᠢᠳᠪᠦᠷᠢᠯᠡᠬᠦ ᠳᠤ ᠬᠦᠴᠢᠷᠳᠡᠯ︾ | ᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ 3.0 ᠬᠡᠪᠯᠡᠯ ᠤᠨ ᠲᠥᠰᠦᠯ ᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡ ᠶᠢ ᠪᠠᠭᠠᠰᠬᠠᠬᠤ︾ | ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠵᠥᠷᠢᠶ᠎ᠡ ᠥᠬᠡᠶ ︽ᠬᠢᠨᠠᠭᠳᠠᠬᠤ ᠶᠢ ᠰᠠᠯᠭᠠᠬᠤ︾ ᠬᠢᠨᠠᠨ ᠵᠥᠪᠰᠢᠶᠡᠷᠡᠬᠦ | ᠵᠠᠭᠪᠤᠷ ᠢ ᠲᠡᠭᠦᠯᠳᠡᠷᠵᠢᠭᠦᠯᠵᠦ᠂ ᠣᠷᠣᠨ ᠪᠦᠰᠡ ᠠᠯᠤᠰᠯᠠᠭᠰᠠᠨ ᠪᠠ ᠨᠢᠭᠡ ᠰᠦᠯᠵᠢᠶ᠎ᠡ ᠪᠠᠷ ᠨᠡᠶᠢᠳᠡᠮ | ᠰᠢᠢᠳᠪᠦᠷᠢᠯᠡᠬᠦ ᠶᠢ ᠢᠳᠡᠪᠬᠢᠲᠡᠶ ᠠᠬᠢᠭᠤᠯᠵᠤ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ | ᠳᠤᠲᠠᠭᠤ ᠭᠦᠶᠦᠯᠭᠡᠨ᠎ᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠵᠢᠯ ᠤᠨ ᠳᠣᠲᠣᠷ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠭᠠᠶᠢᠯᠢ ᠰᠦᠢᠳᠬᠡᠯ ᠢ | 2 ᠳ᠋ᠦᠩᠰᠢᠭᠤᠷ ᠲᠥᠭᠦᠷᠢᠭ ᠠᠴᠠ ᠳᠡᠭᠡᠭᠰᠢ ᠬᠠᠰᠤᠵᠤ ᠬᠡᠯᠲᠦᠷᠢᠭᠦᠯᠦᠨ᠎ᠡ᠃ | ︵ᠳᠤᠯᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠪᠠᠷᠢᠮᠲᠠᠯᠠᠵᠤ᠂ ᠣᠯᠠᠨ ᠨᠡᠶᠢᠲᠡ ᠶᠢᠨ | ᠦᠢᠯᠡᠴᠢᠯᠡᠭᠡᠨ ᠤ ᠳᠤᠲᠠᠭᠤᠳᠠᠯ ᠢ ᠠᠯᠢ ᠴᠢᠳᠠᠬᠤ ᠪᠠᠷ ᠨᠥᠬᠦᠪᠥᠷᠢᠯᠡᠨ᠎ᠡ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠯᠬᠤ ᠳᠤ ᠬᠦᠴᠢᠷᠲᠡᠶ ᠬᠥᠮᠦᠰ᠂ ᠴᠡᠷᠢᠭ ᠠᠴᠠ ᠬᠠᠯᠠᠭᠳᠠᠭᠰᠠᠳ | ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠨ᠎ᠡ᠃ ᠵᠢᠯ ᠤᠨ ᠳᠣᠲᠣᠷ᠎ᠠ 6 | ᠲᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ 1200 | ᠬᠥᠮᠦᠨ ᠠᠴᠠ ᠳᠡᠭᠡᠭᠰᠢ ᠰᠢᠨ᠎ᠡ ᠪᠠᠷ ᠠᠵᠢᠯ ᠣᠯᠭᠤᠵᠤ᠂ ᠬᠤᠰᠢᠭᠤᠨ ᠲᠠᠰ ᠤᠨ 1 ᠵᠠᠬ᠎ᠠ ᠳᠡᠯᠭᠡᠭᠦᠷ ᠢ ᠪᠥᠲᠥᠭᠡᠨ | ᠪᠠᠶᠢᠭᠤᠯᠵᠤ᠂ ᠨᠠᠩ ᠣᠯᠠᠨ ᠠᠮᠢᠳᠤᠯᠢᠭ ᠢᠶᠠᠷ ᠠᠵᠢᠯ ᠤᠯᠬᠤ ᠶᠢ ᠪᠡᠶᠡᠯᠡᠭᠦᠯᠵᠦ᠂ ᠨᠢᠭᠡ ᠴᠦ ᠠᠵᠢᠯ ᠥᠬᠡᠶ ᠬᠡᠷ | ᠪᠦᠯᠢ ᠶᠢ ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨᠬᠦ ᠪᠠᠲᠤᠯᠠᠨ᠎ᠠ᠃ ᠠᠵᠢᠯ ᠣᠯᠭᠤᠵᠣ ᠠᠳᠠᠯ ᠦᠢᠯᠡᠰ | ᠴᠣᠭᠴᠠᠯᠠᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠢ ᠢᠳᠡᠪᠬᠢᠲᠡᠢ ᠥᠷᠨᠢᠭᠦᠯᠦᠨ᠂ ᠰᠢᠨ᠎ᠡ ᠶᠢ ᠡᠭᠦᠳᠬᠦ ᠴᠢᠳᠠᠪᠤᠷᠢᠲᠠᠨ ᠢ 1500 | ᠬᠥᠮᠥᠨ ᠠᠴᠠ ᠳᠤᠲᠠᠭᠤ ᠦᠭᠡᠢ ᠬᠥᠮᠥᠵᠢᠭᠦᠯᠵᠦ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢ | 800 ᠲᠦᠮᠡᠨ ᠲᠥᠭᠦᠷᠢᠭ ᠠᠴᠠ ᠳᠡᠭᠡᠭᠰᠢ ᠲᠠᠯᠪᠢᠨ᠎ᠠ᠃ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠡ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠰᠤᠷᠭᠠᠭᠤᠯᠢ ᠡᠷᠭᠢᠯᠡᠬᠦ | ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠰᠢᠨ ᠾᠦᠢ ᠳᠥᠷᠪᠡᠳᠦᠭᠡᠷ ᠳᠤᠮᠳᠠᠳᠤ ᠰᠤᠷᠭᠠᠭᠤᠯᠢ᠂ ᠰᠢᠨ ᠾᠦᠢ | ᠳᠣᠯᠣᠳᠤᠭᠠᠷ ᠬᠡᠤᠬᠡᠳ ᠤᠨ ᠴᠡᠴᠡᠷᠯᠢᠭ ᠵᠡᠷᠭᠡ 6 ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠢ | ᠪᠠᠶᠢᠭᠤᠯᠤᠨ ᠳᠠᠭᠤᠰᠬᠠᠵᠤ᠂ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ︽ᠰᠤᠷᠭᠠᠭᠤᠯᠢ ᠶᠢᠨ | ᠳᠣᠲᠣᠷ᠎ᠠ ᠪᠠᠨ ᠬᠠᠰᠤᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠰᠤᠷᠭᠠᠭᠤᠯᠢ ᠶᠢᠨ ᠭᠠᠳᠠᠨ᠎ᠠ | ᠬᠠᠰᠤᠬᠤ︾ ᠲᠣᠭᠲᠠᠴᠠ ᠶᠢ ᠲᠡᠭᠦᠯᠳᠡᠷᠵᠢᠭᠦᠯᠦᠨ᠂ ᠪᠠᠭᠰᠢ ᠪᠠ ᠰᠤᠷᠤᠭᠴᠢᠳ ᠢ ︽ᠬᠥᠩᠭᠡᠨ ᠵᠡᠪᠰᠡᠭ ᠢᠶᠠᠷ | ᠪᠠᠶᠢᠯᠳᠤᠭᠠᠨ ᠳᠤ ᠣᠷᠣᠯᠴᠠᠭᠤᠯᠬᠤ︾ ᠶᠢ ᠪᠡᠶᠡᠯᠡᠭᠦᠯᠦᠨ᠎ᠡ᠃ ︽ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ︾ | ᠬᠠᠷᠠᠯᠲᠠ ᠶᠢᠨ ᠲᠣᠭᠤᠷᠢᠨ ᠳᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ | ᠂ ᠥᠷᠭᠡᠨ ᠣᠯᠠᠨ ᠪᠠᠭᠰᠢ ᠠᠵᠢᠯᠲᠠᠨ ᠠᠵᠢᠯᠴᠢᠨ ᠤ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠰᠤᠷᠭᠠᠨ | ᠬᠥᠮᠦᠵᠢᠯ ᠤᠨ ᠦᠢᠯᠡᠰ ᠲᠤ ᠣᠷᠣᠯᠴᠠᠬᠤ ᠶᠢ ᠵᠣᠷᠢᠭᠵᠢᠭᠤᠯᠤᠨ᠎ᠠ᠃ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ | ᠬᠠᠷᠠᠭᠠᠯᠵᠠᠵᠤ᠂ ᠶᠠᠰᠤ ᠴᠢᠨᠠᠷ ᠦᠷ᠎ᠡ ᠪᠦᠲᠦᠮᠵᠢ ᠶᠢ ᠵᠡᠷᠭᠡ ᠪᠠᠷ ᠴᠢᠬᠤᠯᠠᠴᠢᠯᠠᠵᠤ᠂ ᠰᠠᠭᠤᠷᠢ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠣᠯᠠᠨ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠷᠡᠭᠦᠯ ᠡᠩᠬᠡ ᠠᠤᠬᠠᠨ ᠤ | ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠲᠦᠷᠭᠡᠳᠬᠡᠨ᠂ ᠪᠥᠬᠦ ᠲᠠᠯ᠎ᠠ ᠶᠢᠨ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ | ᠡᠷᠡᠭᠦᠯ ᠮᠡᠨᠳᠦ ᠶᠢᠨ ᠦᠢᠯᠡᠴᠢᠯᠡᠭᠡ ᠶᠢ ᠴᠢᠷᠮᠠᠶᠢᠨ ᠬᠠᠩᠭᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ | ᠲᠥᠪ ᠤᠨ ᠶᠡᠷᠦᠩᠬᠡᠶᠢᠯᠡᠭᠰᠡᠨ ᠠᠰᠠᠷ᠂ ᠳᠡᠳ᠋ ᠲᠣᠭᠲᠠᠭᠰᠠᠨ ᠡᠮᠨᠡᠯᠭᠡ ᠶᠢᠨ ᠬᠤᠷᠢᠶ᠎ᠠ ︵ᠳᠦᠷᠪᠡᠯᠵᠢᠨ ᠦᠷᠦᠭᠡ ᠶᠢᠨ | ᠡᠮᠨᠡᠯᠭᠡ ᠶᠢᠨ ᠬᠤᠷᠢᠶ᠎ᠠ︶ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠤᠰᠢᠭᠤᠨ ᠤ | ᠡᠮᠨᠡᠯᠭᠡ ᠶᠢᠨ ᠬᠤᠷᠢᠶ᠎ᠠ ᠶᠢᠨ ᠰᠢᠨ᠎ᠡ ᠭᠠᠵᠠᠷ ᠤᠨ ᠥᠨᠳᠥᠷ ᠪᠦᠲᠦᠮᠵᠢᠲᠡᠶ ᠡᠵᠡᠩᠨᠡᠯᠲᠡ ᠶᠢ ᠠᠬᠢᠭᠤᠯᠤᠨ᠎ᠠ᠃ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ | ᠴᠢᠩᠭᠠᠳᠬᠠᠵᠤ᠂ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠪᠥᠬᠦ | ᠬᠦᠴᠦᠨ ᠢᠶᠠᠷ ᠢᠶᠠᠨ ︽ᠡᠷᠡᠭᠦᠯ ᠮᠡᠨᠳᠦ ᠶᠢ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠬᠦ︾ ᠶᠢ ᠪᠡᠶᠡᠯᠡᠭᠦᠯᠦᠨ᠎ᠡ᠃ | ᠦᠨᠳᠦᠰᠦᠨ ᠱᠠᠲᠤᠨ ᠤ ᠠᠵᠢᠯ ᠤᠨ ᠬᠦᠴᠦᠨ ᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ | ᠬᠤᠰᠢᠭᠤ ᠰᠢᠶᠠᠨ ᠤ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ | ᠣᠷᠣᠯᠴᠠᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠵᠤ᠂ ᠡᠮᠴᠢᠯᠡᠭᠡᠨ ᠤ ᠳᠠᠭᠠᠳᠬᠠᠯ ᠳᠤ | ᠣᠷᠣᠯᠴᠠᠬᠤ ᠨᠣᠷᠮ᠎ᠠ ᠶᠢ 98% ᠠᠴᠠ ᠳᠡᠭᠡᠭᠰᠢ ᠳᠤ ᠬᠦᠷᠦᠭᠦᠯᠦᠨ᠎ᠡ᠃ ᠬᠥᠳᠡᠯᠮᠦᠷᠢᠴᠢᠳ ᠤᠨ ᠴᠠᠯᠢᠩ ᠢ | ᠪᠠᠲᠤᠯᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠠᠯᠢᠩ | ᠥᠷᠢᠲᠦᠬᠦ ᠠᠵᠢᠯᠯᠠᠭ᠎ᠠ ᠶᠢ ᠬᠤᠷᠢᠭᠯᠠᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠰᠤᠲᠠᠨ ᠢ ᠠᠰᠠᠷᠠᠵᠤ | ᠨᠢᠯᠬᠠᠰ ᠢ ᠰᠠᠭᠠᠲᠠᠭᠤᠯᠬᠤ ᠦᠢᠯᠡᠴᠢᠯᠡᠭᠡ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠰᠢᠨ ᠾᠦᠢ | ᠬᠤᠲᠠ ᠲᠣᠭᠤᠷᠢᠭ ᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠦᠨ᠎ᠡ᠃ ᠡᠮᠡᠭᠲᠡᠶᠢᠴᠦᠳ ᠬᠡᠤᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ | ᠬᠠᠮᠠᠭᠠᠯᠠᠵᠤ᠂ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠨ᠂ ᠨᠢᠭᠦᠯᠡᠰᠦᠩᠭᠦᠶ ᠶᠢᠨ | ᠦᠢᠯᠡᠰ ᠤᠨ ᠬᠥᠭᠵᠢᠯᠲᠡ ᠶᠢ ᠳᠡᠮᠵᠢᠵᠦ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ | ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠬᠡᠷᠡᠭᠵᠢᠭᠦᠯᠵᠦ᠂ ᠪᠦᠬᠦ ᠵᠢᠯ ᠳᠤ ᠲᠣᠭᠯᠠᠯᠲᠠ ᠭᠠᠷᠭᠠᠬᠤ ᠠᠵᠢᠯᠯᠠᠭ᠎ᠠ ᠶᠢ 100 ᠲᠠᠯᠠᠪᠠᠢ ᠠᠴᠠ | ᠳᠡᠭᠡᠭᠰᠢ ᠥᠷᠨᠢᠭᠦᠯᠵᠦ᠂ ᠣᠷᠣᠨ ᠨᠤᠲᠤᠭ ᠤᠨ ᠣᠨᠴᠠᠯᠢᠭ ᠲᠠᠢ ᠨᠡᠩ ᠤᠯᠠᠨ ᠤᠳᠬ᠎ᠠ ᠤᠷᠠᠯᠢᠭ ᠤᠨ ᠪᠦᠲᠦᠭᠡᠯ ᠢ | ᠡᠭᠦᠳᠴᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠂ ᠨᠣᠮ ᠤᠨ ᠰᠠᠩ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠭᠦᠯᠵᠦ᠂ ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠬᠡᠷᠡᠭᠯᠡᠬᠦ | ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢ | ᠴᠢᠩᠭᠠᠳᠭᠠᠵᠤ᠂ ᠡᠦ ᠠᠨ ᠵᠧᠦ ᠶᠢᠨ ᠯᠢᠶᠣᠣ ᠤᠯᠤᠰ ᠤᠨ ᠰᠤᠪᠤᠷᠭ᠎ᠠ ᠶᠢᠨ ᠬᠠᠮᠠᠭᠠᠯᠠᠯᠲᠠ ᠶᠢᠨ ᠰᠡᠯᠪᠢᠨ ᠵᠠᠰᠠᠬᠤ | ᠮᠡᠳᠡᠭᠦᠯᠦᠯᠲᠡ ᠶᠢ ᠨᠠᠢᠷᠠᠭᠤᠯᠤᠨ ᠵᠣᠬᠢᠶᠠᠵᠤ᠂ ᠰᠢ ᠳ᠋ᠠ ᠯᠢᠶᠠᠩ ᠤᠨ ᠪᠠᠭᠤᠷᠢ ᠶᠢᠨ ᠬᠠᠭᠤᠴᠢ ᠰᠤᠳᠤᠯᠤᠯ ᠤᠨ | ᠨᠡᠭᠡᠭᠡᠨ ᠠᠰᠢᠭᠯᠠᠯᠲᠠ ᠶᠢ ᠬᠡᠷᠡᠭᠵᠢᠭᠦᠯᠦᠨ᠎ᠡ᠃ ᠪᠡᠶ᠎ᠡ ᠶᠢᠨ ᠲᠠᠮᠢᠷ ᠤᠨ ᠰᠠᠭᠤᠷᠢ ᠲᠦᠬᠦᠭᠡᠷᠦᠮᠵᠢ ᠶᠢ | ᠲᠡᠭᠦᠯᠳᠡᠷᠵᠢᠭᠦᠯᠵᠦ᠂ ᠪᠡᠶ᠎ᠡ ᠶᠢᠨ ᠲᠠᠮᠢᠷ ᠤᠨ ᠬᠦᠷᠢᠶᠡᠯᠡᠩ ᠢ ᠨᠡᠭᠡᠭᠡᠨ ᠬᠡᠷᠡᠭᠯᠡᠬᠦ ᠶᠢ ᠠᠬᠢᠭᠤᠯᠤᠨ᠎ᠠ᠃ ᠬᠤᠶᠠᠳᠤᠭᠠᠷ | ᠬᠤᠭᠤᠴᠠᠭᠠᠨ ᠤ ᠮᠠᠯᠴᠢᠨ ᠲᠠᠷᠢᠶᠠᠴᠢᠨ ᠤ ᠰᠣᠨᠢᠷᠬᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠪᠠᠶᠠᠯᠢᠭ | ᠰᠠᠶᠢᠬᠠᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠭᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ | ᠣᠯᠠᠨ ᠲᠦᠮᠡᠨ ᠤ ᠪᠡᠶ᠎ᠡ ᠶᠢᠨ ᠲᠠᠮᠢᠷ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠨᠠᠢᠮᠠ︶ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠨᠡᠶᠢᠭᠡᠮ ᠤᠨ ᠡᠶ᠎ᠡ ᠵᠣᠬᠢᠴᠠᠯ ᠪᠠ | ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ | ᠪᠦᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠦᠷᠢ ᠲᠦᠯᠦᠬᠦ ᠡᠳ᠋ ᠬᠦᠷᠦᠩᠭᠡ ᠶᠢ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠦᠢ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠵᠤ᠂ ᠬᠢᠨᠠᠨ | ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠡᠯᠡ ᠮᠥᠩᠭᠦ ᠡᠳ᠋ ᠬᠦᠷᠦᠩᠭᠡ ᠶᠢ ᠴᠢᠩᠭ᠎ᠠ ᠬᠠᠮᠢᠶᠠᠷᠴᠤ᠂ | ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ | ᠪᠠᠲᠤ ᠰᠠᠬᠢᠨ᠎ᠠ᠃ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠬᠢ | ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠤᠨ᠂ ︽ᠦᠯᠡᠳᠡᠭᠡᠯ ᠬᠡᠮᠵᠢᠶ᠎ᠡ ᠶᠢ | ᠠᠮᠢᠳᠤᠯᠢᠭᠵᠢᠭᠤᠯᠬᠤ︾ ᠪᠠᠷ ︽ᠬᠥᠭᠵᠢᠯᠲᠡ ᠶᠢᠨ ᠨᠡᠮᠡᠭᠳᠡᠯ ᠤᠨ ᠬᠡᠮᠵᠢᠶ᠎ᠡ︾ ᠶᠢ ᠣᠷᠤᠭᠤᠯᠤᠨ᠎ᠠ᠃ ᠠᠰᠠᠷ ᠢ | ᠳᠤᠰᠢᠶᠠᠬᠤ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠡᠷ ᠪᠠᠶᠢᠰᠢᠩ ᠭᠠᠵᠠᠷ | ᠬᠥᠷᠥᠩᠭᠡ ᠶᠢᠨ ᠬᠦᠷᠢᠶ᠎ᠡ ᠴᠠᠷᠠᠭ᠎ᠠ᠂ ᠣᠷᠣᠨ ᠰᠠᠭᠤᠴᠠ ᠶᠢᠨ ᠪᠤᠰᠤ ᠲᠥᠷᠥᠯ ᠵᠦᠢᠯ ᠤᠨ ᠦᠯᠡᠳᠡᠭᠳᠡᠯ ᠠᠰᠠᠭᠤᠳᠠᠯ ᠢ | ᠯᠠᠪᠳᠠᠭᠤᠨ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠨ᠎ᠡ᠃ | ᠠᠷᠭ᠎ᠠ ᠪᠦᠬᠦᠨ ᠢ ᠰᠦᠪᠡᠭᠴᠢᠯᠡᠨ ᠠᠮᠤᠷ ᠲᠥᠪᠰᠢᠨ ᠢ ᠬᠠᠮᠠᠭᠠᠯᠠᠨ᠎ᠠ᠃ ᠠᠮᠤᠷ ᠠᠮᠤᠭᠤᠯᠠᠩ ᠠᠤᠬᠠᠨ ᠤ | ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠡᠭᠦᠷᠡᠰᠦᠨ ᠤ ᠪᠤᠰᠤ ᠠᠭᠤᠷᠬᠠᠶ᠂ ᠰᠢᠨ᠎ᠡ | ᠬᠡᠯᠪᠡᠷᠢ ᠶᠢᠨ ᠰᠢᠩᠭᠡᠨ ᠪᠡᠶᠡᠲᠦ ᠲᠦᠯᠡᠰᠢ᠂ ᠢᠳᠡᠭᠡᠨ ᠪᠠ ᠡᠮ ᠤᠨ ᠵᠦᠢᠯ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ | ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠤᠨ | ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠬᠤᠪᠢᠶᠠᠨ ᠲᠥᠷᠥᠯ ᠬᠤᠪᠢᠶᠠᠨ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠠᠬᠢᠭᠤᠯᠤᠨ᠎ᠠ᠃ | ᠲᠣᠭᠲᠠᠭᠤᠨ ᠪᠠᠶᠢᠬᠤ ᠶᠢ ᠪᠦᠬᠦ ᠬᠦᠴᠢ ᠪᠠᠷ ᠢᠶᠠᠨ ᠪᠠᠲᠤᠯᠠᠨ᠎ᠠ᠃ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢ ᠪᠠᠲᠤ ᠴᠣᠭᠴᠠᠯᠠᠬᠤ ᠤᠬᠠᠮᠰᠠᠷ ᠤᠨ ᠤᠬᠠᠭᠤᠯᠭ᠎ᠠ ᠬᠥᠮᠦᠵᠢᠯ ᠢ ᠬᠡᠯᠪᠡᠷᠢ ᠲᠠᠢ᠂ ᠲᠦᠷᠦᠭᠳᠡᠯ ᠲᠠᠢ᠂ | ᠪᠦᠲᠦᠮᠵᠢᠲᠡᠢ ᠥᠷᠨᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠰᠤᠷᠤᠯᠴᠠᠨ | ᠲᠣᠯᠢᠯᠠᠵᠤ᠂ ᠲᠣᠣᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ | ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ | ᠨᠡᠪᠲᠡᠷᠡᠭᠦᠯᠦᠨ ᠵᠢᠷᠤᠮᠵᠢᠭᠤᠯᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ | ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠪᠠᠷ ᠴᠢᠷᠮᠠᠶᠢᠨ᠎ᠠ᠃ | ᠡᠭᠦᠨ ᠤ ᠬᠠᠮᠲᠤ᠂ ᠭᠠᠵᠠᠷ ᠬᠥᠳᠡᠯᠦᠯᠲᠡ᠂ ᠴᠠᠭ ᠠᠭᠤᠷ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ | ᠠᠵᠢᠯ ᠢ ᠬᠢᠨᠠᠮᠠᠭᠠᠶ ᠰᠠᠶᠢᠲᠤᠷ ᠬᠢᠵᠦ᠂ ᠠᠵᠢᠯᠴᠢᠨ᠂ ᠵᠠᠯᠠᠭᠤᠴᠤᠳ᠂ ᠡᠮᠡᠭᠲᠡᠶᠢᠴᠦᠳ ᠵᠡᠷᠭᠡ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠬᠤ ᠶᠢ ᠳᠡᠮᠵᠢᠨ᠎ᠡ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠬᠤᠰᠢᠭᠤᠨ ᠤ ᠵᠠᠰᠠᠭ ᠤᠨ ᠣᠷᠳᠣᠨ ᠢᠮᠠᠭᠲᠠ ᠥᠨᠳᠥᠷ ᠭᠠᠵᠠᠷ ᠲᠤ ᠵᠣᠭᠰᠣᠵᠤ᠂ ᠰᠢᠨ᠎ᠡ ᠭᠠᠵᠠᠷ ᠲᠤ | ᠰᠦᠪᠡᠭᠴᠢᠯᠡᠵᠦ᠂ ᠪᠣᠳᠠᠲᠠᠢ ᠠᠵᠢᠯᠯᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠᠷ | ᠶᠡᠷᠦᠩᠬᠡᠶᠢᠯᠡᠨ ᠵᠢᠯᠣᠭᠤᠳᠣᠭᠤᠯᠵᠤ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠵᠦ᠂ ᠡᠭᠦᠷᠭᠡ | ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠰᠢᠨ᠎ᠡ ᠰᠢᠯᠭᠠᠯᠲᠠ ᠳᠤ ᠣᠷᠣᠯᠴᠠᠬᠤ ᠵᠠᠮ ᠳᠡᠭᠡᠷ᠎ᠡ ᠰᠢᠯᠢᠳᠡᠭ | ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃ | ︵ᠨᠢᠭᠡ︶ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠪᠠᠷᠢᠮᠳᠠᠯᠠᠨ᠎ᠠ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠳᠣᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ | ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠨ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ | ᠨᠠᠮ ᠳᠠᠭᠠᠨ ᠬᠠᠷᠢᠴᠠᠯᠠᠰᠢᠭᠦᠶ ᠦᠨᠡᠨᠴᠢ ᠪᠠᠶᠢᠬᠤ ᠶᠢ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶ᠎ᠠ᠂ ᠳᠡᠭᠡᠳᠦ | ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ | ᠵᠦᠢᠯ ᠤᠨ ᠠᠵᠢᠯ ᠤᠨ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ | ᠪᠠᠲᠤᠯᠠᠨ᠎ᠠ᠃ | ︵ᠬᠤᠶᠠᠷ︶ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠪᠣᠳᠠᠲᠠᠢ ᠠᠵᠢᠯᠯᠠᠵᠤ | ᠬᠠᠷᠢᠭᠤᠴᠠᠯᠭ᠎ᠠ ᠡᠭᠦᠷᠭᠡᠯᠡᠬᠦ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ︽ᠪᠢ ᠬᠥᠮᠦᠨ ᠨᠢ ᠬᠦᠷᠬᠦ | ᠦᠭᠡᠢ︾ ︽ᠬᠥᠭᠵᠢᠯᠲᠡ ᠨᠢ ᠪᠠᠴᠢᠮ ᠪᠢᠰᠢ︾ ᠭᠡᠬᠦ ᠦᠵᠡᠯᠲᠡ ᠶᠢ ᠲᠠᠶᠠᠭᠳᠠᠵᠤ᠂ ᠤᠴᠢᠷ ᠶᠠᠪᠤᠳᠠᠯ ᠳᠤ | ᠬᠦᠴᠢᠷ ᠠᠴᠠ ᠵᠠᠶᠢᠯᠠᠬᠤ ᠦᠭᠡᠢ᠂ ᠦᠨᠡᠨ ᠶᠣᠰᠣᠨ ᠤ ᠲᠥᠯᠥᠭᠡ ᠬᠠᠷᠢᠭᠤᠴᠠᠯᠭ᠎ᠠ ᠠᠴᠠ ᠵᠠᠶᠢᠯᠠᠬᠤ ᠦᠭᠡᠢ᠂ | ᠵᠠᠰᠠᠭ ᠤᠨ ᠣᠷᠳᠣᠨ ᠤ ᠰᠢᠰᠲ᠋ᠧᠮ ᠤᠨ ᠭᠦᠢᠴᠡᠳᠬᠡᠬᠦ ᠴᠢᠳᠠᠪᠤᠷᠢ ᠪᠠ ᠨᠠᠶᠢᠳᠠᠪᠤᠷᠢᠵᠢᠭᠤᠯᠬᠤ ᠬᠦᠴᠦᠨ ᠢ | ᠳᠡᠭᠡᠭᠰᠢᠯᠡᠭᠦᠯᠦᠨ᠎ᠡ᠃ ᠲᠥᠷᠥᠯ ᠵᠦᠢᠯᠴᠢᠯᠡᠭᠰᠡᠨ ᠰᠡᠳᠬᠢᠬᠦᠶ ᠶᠢ ᠨᠠᠶᠢᠳᠠᠪᠤᠷᠢᠵᠢᠭᠤᠯᠬᠤ ᠪᠠᠷ ᠠᠵᠤ ᠠᠬᠤᠶ ᠶᠢ | ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ᠲᠥᠷᠥ ᠶᠢᠨ | ᠪᠣᠳᠣᠯᠭ᠎ᠠ ᠶᠢᠨ ︽ᠴᠠᠭ ᠲᠤᠬᠠᠶ ᠳᠤᠨᠢ︾ ᠨᠡᠪᠲᠡᠷᠡᠲᠡᠯ᠎ᠡ ᠬᠡᠷᠡᠭᠯᠡᠵᠦ᠂ ᠬᠥᠭᠵᠢᠯᠲᠡ ᠶᠢᠨ ︽ᠬᠠᠮ ᠠᠷᠭ᠎ᠠ ᠬᠡᠮᠵᠢᠶ᠎ᠡ︾ | ᠶᠢ ᠰᠠᠶᠢᠲᠤᠷ ᠬᠢᠨ᠎ᠠ᠃ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠰᠠᠨᠠᠭᠠᠴᠢᠯᠠᠵᠤ᠂ ᠬᠥᠮᠦᠨ ᠪᠦᠬᠦᠨ | ᠬᠠᠳᠠᠭᠠᠰᠤ ᠬᠠᠳᠠᠬᠤ ᠪᠠ ᠶᠠᠪᠤᠳᠠᠯ ᠪᠦᠬᠦᠨ ᠢ ᠳᠠᠷᠦ᠋ᠢᠬᠠᠨ ᠭᠦᠢᠴᠡᠳᠬᠡᠵᠦ᠂ ᠡᠯ᠎ᠡ ᠱᠠᠲᠤᠨ ᠤ ᠺᠠᠳ᠋ᠷᠴᠤᠳ ᠤᠨ | ᠨᠠᠶᠢᠳᠠᠪᠤᠷᠢᠵᠢᠭᠤᠯᠤᠯᠲᠠ ᠶᠢ ᠠᠳᠬᠤᠬᠤ ᠴᠢᠳᠠᠪᠤᠷᠢ ᠶᠢ ᠨᠡᠮᠡᠭᠳᠡᠭᠦᠯᠦᠨ᠂ ᠦᠢᠯᠡᠳᠦᠯᠭᠡ ᠶᠢᠨ ᠪᠣᠳᠠᠲᠠᠢ ᠠᠵᠢᠯᠯᠠᠬᠤ | ᠳᠤᠮᠳᠠ ᠺᠠᠳ᠋ᠷ ᠢ ᠰᠢᠯᠭᠠᠨ ᠪᠠᠶᠢᠴᠠᠭᠠᠵᠤ᠂ ᠤᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠤ ᠠᠰᠢᠭ | ᠬᠦᠷᠲᠡᠭᠡᠨ᠎ᠡ᠃ | ︵ᠭᠤᠷᠪᠠ︶ ᠬᠠᠤᠯᠢ ᠪᠠᠷ ᠵᠠᠰᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠬᠠᠤᠯᠢ ᠪᠠᠷ ᠲᠣᠭᠲᠠᠭᠠᠭᠰᠠᠨ | ᠡᠷᠬᠡ ᠮᠡᠳᠡᠯ ᠪᠠ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ | ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ | ᠰᠢᠨ᠎ᠡ ᠶᠢ ᠡᠭᠦᠳᠴᠦ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠶ ᠭᠦᠢᠴᠡᠳᠬᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ | ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠴᠤ ᠬᠦᠯᠢᠶᠡᠨ ᠠᠪᠤᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ | ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠵᠢᠯ ᠢᠶᠠᠨ ᠠᠬᠢᠭᠤᠯᠬᠤ ᠶᠢ ᠪᠠᠷᠢᠮᠲᠠᠯᠠᠨ᠂ ᠲᠦᠷᠦᠭᠦᠯᠡᠨ ᠬᠠᠤᠯᠢ ᠶᠣᠰᠣᠭᠠᠷ | ᠵᠠᠰᠠᠭ ᠶᠠᠪᠤᠭᠤᠯᠵᠤ᠂ ᠬᠠᠤᠯᠢ ᠶᠣᠰᠣᠭᠠᠷ ᠠᠵᠢᠯᠯᠠᠵᠤ᠂ ᠪᠦᠬᠦ ᠠᠷᠠᠳ ᠢᠶᠠᠷ ᠢᠶᠠᠨ ᠬᠠᠤᠯᠢ ᠶᠢ ᠬᠦᠨᠳᠦᠳᠬᠡᠬᠦ | ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ | ᠃ | ︵ᠲᠦᠷᠪᠡ︶ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠣᠷᠢᠭ ᠰᠢᠭᠤᠳᠤᠨ ᠪᠢᠴᠢᠭ | ᠮᠠᠲ᠋ᠧᠷᠢᠶᠠᠯ ᠢ ᠰᠠᠯᠭᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠭᠤᠷᠪᠠᠨ ᠠᠷᠪᠢᠨ᠂ ᠭᠤᠷᠪᠠᠨ ᠴᠥᠭᠡᠨ᠂ | ᠭᠤᠷᠪᠠᠨ ᠤᠳᠠᠭᠠᠨ︾ ᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ᠺᠠᠳ᠋ᠷᠴᠤᠳ ᠢ ᠲᠦᠢᠯᠪᠤᠷᠢᠲᠠᠢ | ᠴᠢᠯᠥᠭᠡᠲᠡᠢ ᠲᠠᠯᠪᠢᠵᠤ ᠪᠣᠳᠠᠲᠠᠢ ᠠᠵᠢᠯ ᠬᠢᠯᠭᠡᠨ᠎ᠡ᠃ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠪᠠᠶᠢᠳᠠᠯ ᠢ ᠪᠠᠲᠤᠯᠠᠵᠤ | ᠂ ᠵᠢᠯ ᠤᠨ ᠡᠬᠢᠨ ᠤ ᠬᠠᠷᠠᠯᠲᠠ ᠡᠭᠦᠷᠭᠡ ᠲᠠᠢ ᠬᠠᠷᠢᠴᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ | ᠪᠣᠳᠠᠲᠠᠶᠢᠵᠢᠭᠤᠯᠵᠤ᠂ ᠲᠥᠯᠥᠪᠵᠢᠭᠦᠯᠭᠡ ᠶᠢᠨ ᠵᠢᠷᠤᠭ ᠢ ᠪᠠᠷᠢᠯᠭ᠎ᠠ ᠶᠢᠨ ᠵᠢᠷᠤᠭ ᠪᠣᠯᠭᠠᠵᠤ᠂ ᠴᠠᠭ ᠤᠨ | ᠬᠦᠰᠦᠨᠦᠭᠲᠦ ᠶᠢ ᠶᠠᠪᠤᠴᠠ ᠶᠢᠨ ᠬᠦᠰᠦᠨᠦᠭ ᠪᠣᠯᠭᠠᠵᠤ᠂ ᠵᠥᠪᠬᠡᠨ ᠰᠠᠶᠢᠲᠤᠷ ᠬᠢᠵᠦ ᠠᠷᠭ᠎ᠠ ᠪᠤᠳᠤᠵᠤ᠂ ᠬᠢᠬᠦ | ᠦᠭᠡᠢ ᠪᠣᠯ ᠰᠢᠯᠲᠠᠭ ᠡᠷᠢᠬᠦ ᠦᠭᠡᠢ ᠪᠠᠶᠢᠵᠤ᠂ ᠨᠢᠭᠡ ᠶᠢ ᠲᠣᠭᠲᠠᠭᠠᠵᠤ᠂ ᠨᠢᠭᠡ ᠶᠢ ᠬᠢᠵᠦ᠂ ᠨᠢᠭᠡ ᠶᠢ ᠪᠦᠲᠦᠭᠡᠬᠦ ᠶᠢ | ᠪᠠᠲᠤᠯᠠᠵᠤ᠂ ᠥᠷᠢᠰᠥᠯᠳᠦᠨ ᠤᠷᠤᠭᠰᠢᠯᠠᠬᠤ ᠪᠦᠬᠦ ᠰᠢᠨ᠎ᠡ ᠪᠠᠶᠢᠳᠠᠯ ᠢ ᠲᠦᠷᠭᠡᠨ ᠪᠦᠷᠢᠯᠳᠦᠭᠦᠯᠦᠨ᠎ᠡ ᠃ | ︵ᠲᠠᠪᠤ︶ ᠠᠷᠢᠭᠤᠨ ᠴᠢᠭᠡᠴᠢ ᠪᠠᠶᠢᠬᠤ ᠬᠤᠷᠢᠭ᠎ᠠ ᠱᠤᠭᠤᠮ ᠢ ᠵᠢᠷᠤᠮᠯᠠᠨ᠎ᠠ᠃ ᠠᠷᠠᠳ ᠲᠦᠮᠡᠨ ᠢ | ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨᠴᠢ ᠪᠠᠷ ᠰᠣᠨᠣᠰᠴᠤ᠂ ᠤᠯᠠᠨ | ᠲᠦᠮᠡᠨ ᠤ ᠬᠦᠰᠡᠯ ᠡᠷᠡᠮᠡᠯᠵᠡᠯ ᠢ ᠦᠨᠡᠨ ᠪᠣᠳᠠᠲᠠᠢ ᠪᠠᠷ ᠲᠤᠰᠬᠠᠵᠤ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ | ᠦᠨᠡᠨ ᠰᠡᠳᠬᠢᠯ ᠠᠴᠠ ᠪᠠᠨ ᠬᠠᠯᠠᠮᠵᠢᠯᠠᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ | ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠪᠠᠷ ᠴᠢᠷᠮᠠᠶᠢᠨ᠎ᠠ᠃ ᠨᠠᠮ ᠢ | ᠪᠦᠬᠦ ᠲᠠᠯ᠎ᠠ ᠪᠠᠷ ᠴᠢᠩᠭ᠎ᠠ ᠵᠠᠰᠠᠬᠤ ᠶᠡᠷᠦᠩᠬᠡᠢ ᠱᠠᠭᠠᠷᠳᠠᠯᠭ᠎ᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠤᠨ᠎ᠠ᠃ ᠲᠥᠪ ᠤᠨ ᠨᠠᠢᠮᠠᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ | ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠵᠤ᠂ ᠤᠯᠠᠨ | ᠲᠦᠮᠡᠨ ᠤ ᠳᠡᠷᠭᠡᠳᠡᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠨ᠎ᠠ᠃ | ᠲᠥᠯᠥᠭᠡᠯᠡᠭᠴᠢᠳ ᠡ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ | ᠳᠤᠮᠳᠠᠳᠤ ᠶᠢᠨ ᠮᠠᠶ᠋ᠢᠭ ᠤᠨ ᠣᠳᠣᠬᠢᠴᠢᠯᠠᠭᠰᠠᠨ ᠠᠤᠬᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ |