ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢᠭᠡᠳᠦᠭᠡᠷ ᠤᠯᠠᠷᠢᠯ ᠤᠨ ᠠᠷᠠᠳ ᠤᠨ ᠠᠮᠢᠳᠤᠷᠠᠯ ᠤᠨ ᠪᠠᠯᠠ ᠮᠥᠩᠭᠦ ᠶᠢ ᠲᠠᠷᠬᠠᠭᠠᠪᠠ
ᠨᠡᠶᠢᠲᠡᠯᠡᠭᠰᠡᠨ ᠴᠠᠭ᠄
2023/3/17
   ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ  ᠦᠢᠯᠡᠳᠦᠯ ᠢ ᠴᠢᠩᠭᠠᠷᠠᠭᠤᠯᠤᠨ᠂ ᠨᠢᠭᠡᠳᠦᠭᠡᠷ ᠤᠯᠠᠷᠢᠯ ᠳᠤ ᠡᠳ᠋ ᠤᠨ ᠵᠠᠰᠠᠭ ᠤᠨ ︽ᠪᠦᠬᠦᠨ ᠳᠤ ᠳᠣᠭᠢᠷᠠᠬᠤ ᠺᠠᠷᠲ︾ ᠢᠶᠠᠷ ᠳᠠᠮᠵᠢᠭᠤᠯᠤᠨ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠪᠠᠯᠠ ᠮᠥᠩᠭᠦ ᠶᠢ ᠴᠠᠭ ᠲᠤᠬᠠᠶ ᠳᠤᠨᠢ 5283.91 ᠲᠦᠮᠡᠨ ᠲᠥᠭᠦᠷᠢᠭ ᠲᠠᠷᠬᠠᠭᠠᠭᠰᠠᠨ ᠪᠠᠶᠢᠨ᠎ᠠ᠃ ᠡᠭᠦᠨ ᠳᠤ᠂ 34827 ᠡᠷᠦᠬᠡ ᠶᠢᠨ 42106 ᠬᠥᠮᠦᠨ ᠳᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ 3722.54 ᠲᠦᠮᠡᠨ ᠲᠥᠭᠦᠷᠢᠭ ᠲᠠᠷᠬᠠᠭᠠᠪᠠ︔ 3091 ᠣᠨᠴᠠ ᠬᠦᠴᠢᠷᠳᠡᠯ ᠲᠠᠢ ᠬᠥᠮᠦᠰ ᠲᠤ 766 ᠲᠦᠮᠡᠨ ᠲᠥᠭᠦᠷᠢᠭ ᠤᠨ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠮᠥᠩᠭᠦ ᠵᠢᠴᠢ ᠠᠰᠠᠷᠠᠨ ᠰᠤᠪᠢᠯᠠᠬᠤ ᠨᠥᠬᠦᠪᠥᠷᠢ ᠶᠢᠨ ᠪᠠᠯᠠ ᠮᠥᠩᠭᠦ ᠣᠯᠭᠤᠪᠠ︔ ᠪᠦᠬᠦᠯᠢ 80 ᠨᠠᠰᠤ ᠵᠢᠴᠢ ᠲᠡᠭᠦᠨ ᠠᠴᠠ ᠳᠡᠭᠡᠭᠰᠢᠬᠢ 10917 ᠨᠠᠰᠤᠲᠠᠶᠢᠴᠤᠳ ᠲᠤ 335.65 ᠲᠦᠮᠡᠨ ᠲᠥᠭᠦᠷᠢᠭ ᠤᠨ ᠥᠨᠳᠥᠷ ᠨᠠᠰᠤᠨ ᠤ ᠨᠡᠮᠡᠭᠦᠷᠢ ᠣᠯᠭᠤᠪᠠ︔ ᠠᠵᠤ ᠠᠬᠤᠶ ᠶᠢᠨ ᠬᠦᠴᠢᠷᠳᠡᠯ ᠲᠠᠢ 13634 ᠨᠠᠰᠤᠲᠠᠶᠢᠴᠤᠳ ᠲᠤ 205.54 ᠲᠦᠮᠡᠨ ᠲᠥᠭᠦᠷᠢᠭ ᠤᠨ ᠨᠠᠰᠤᠵᠢᠯ ᠤᠨ ᠠᠰᠠᠷᠠᠮᠵᠢ ᠶᠢᠨ  ᠦᠢᠯᠡᠴᠢᠯᠡᠭᠡᠨ ᠤ ᠨᠥᠬᠦᠪᠥᠷᠢ ᠣᠯᠭᠤᠪᠠ︔ 216 ᠬᠥᠮᠦᠨ ᠢ ᠲᠦᠷ ᠴᠠᠭ ᠠᠪᠤᠷᠠᠨ ᠲᠤᠰᠠᠯᠠᠵᠤ᠂ 88.2 ᠲᠦᠮᠡᠨ ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠯᠲᠠ ᠶᠢᠨ ᠮᠥᠩᠭᠦ ᠲᠠᠷᠬᠠᠭᠠᠪᠠ︔ 165.98 ᠲᠦᠮᠡᠨ ᠲᠥᠭᠦᠷᠢᠭ ᠤᠨ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠶᠢ ᠲᠠᠷᠬᠠᠭᠠᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠬᠦᠴᠦᠯᠡᠨ ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号