ᠱᠠᠨ ᠰᠢ ᠮᠤᠵᠢ ᠶᠢᠨ ᠳ᠋ᠠᠲ᠋ᠦ᠋ᠩ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠮᠠᠨ ᠤ ᠬᠤᠰᠢᠭᠤᠨ ᠳᠤ ᠢᠷᠡᠵᠦ ᠡᠯᠳᠡᠪ ᠠᠮᠤ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/17
 
   3 ᠰᠠᠷ᠎ᠠ ᠶᠢᠨ 16 ᠤ ᠡᠳᠦᠷ᠂ ᠱᠠᠨ ᠰᠢ ᠮᠤᠵᠢ ᠶᠢᠨ ᠳ᠋ᠠᠲ᠋ᠦ᠋ᠩ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠶᠢᠨ ᠳᠡᠳ᠋ ᠳᠠᠷᠤᠭ᠎ᠠ ᠮᠠ ᠵᠦᠩ ᠵᠡᠷᠭᠡ 7 ᠬᠥᠮᠦᠨ ᠮᠠᠨ ᠤ ᠬᠤᠰᠢᠭᠤᠨ ᠳᠤ ᠢᠷᠡᠵᠦ ᠡᠯᠳᠡᠪ ᠠᠮᠤ ᠪᠤᠳᠠᠭᠠᠨ ᠤ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ  ᠪᠣᠯᠵᠤ ᠪᠠᠶᠢᠴᠠᠭᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠢᠨ ᠬᠤᠶ ᠪᠠᠯᠭᠠᠰᠤᠨ ᠤ  ᠹᠧᠩ ᠱᠧᠩ ᠳ᠋ᠢᠶᠠᠨ ᠲᠣᠰᠬᠤᠨ ᠤ ᠬᠥᠲᠥᠯ ᠢ ᠱᠠᠲᠤ ᠪᠣᠯᠭᠠᠨ ᠥᠭᠡᠷᠡᠴᠢᠯᠡᠬᠦ ᠲᠥᠷᠥᠯ ᠵᠦᠢᠯ ᠤᠨ ᠲᠣᠭᠤᠷᠢᠭ᠂  ᠨᠦᠩ ᠭᠧᠩ ᠨᠠᠷᠢᠮᠤ  ᠶᠢᠨ ᠪᠦᠯᠦᠭᠯᠡᠯ᠂ ᠤᠶᠤᠨᠲᠤ ᠲᠠᠷᠢᠶᠠᠯᠠᠩ ᠤᠨ ᠲᠣᠮᠣ ᠳ᠋ᠠᠶᠢᠲ᠋ᠠ ᠶᠢᠨ ᠲᠥᠪ᠂ ᠨᠠᠷᠢᠮᠤ ᠶᠢᠨ ᠮᠦᠽᠧᠶ ᠵᠡᠷᠭᠡ ᠳᠤ ᠬᠦᠷᠴᠦ ᠮᠠᠨ ᠤ ᠬᠤᠰᠢᠭᠤᠨ ᠤ ᠡᠯᠳᠡᠪ ᠠᠮᠤ ᠶᠢᠨ ᠠᠵᠤ  ᠦᠢᠯᠡᠰ  ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠣᠳᠣᠬᠠᠨ ᠤ ᠡᠯᠳᠡᠪ ᠠᠮᠤ ᠶᠢᠨ ᠠᠵᠤ  ᠦᠢᠯᠡᠰ  ᠤᠨ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠪᠠ ᠲᠤᠷᠰᠢᠯᠭ᠎ᠠ ᠠᠷᠭ᠎ᠠ ᠬᠢᠳᠡᠯ ᠢᠶᠠᠨ ᠰᠣᠯᠢᠯᠴᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号