ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/2
   
   3 ᠰᠠᠷ᠎ᠠ ᠶᠢᠨ 1 ᠤ ᠡᠳᠦᠷ᠂ ᠪᠦᠭᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠢᠦᠢ ᠯᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃    ᠬᠤᠷᠠᠯ ᠠᠴᠠ ᠪᠦᠭᠦ ᠤᠯᠤᠰ᠂ ᠪᠦᠭᠦ ᠣᠷᠣᠨ᠂ ᠪᠦᠭᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ 2022 ᠣᠨ ᠤ ᠠᠵᠢᠯ ᠢ ᠳ᠋ᠥᠩᠨᠡᠵᠦ᠂ 2023 ᠣᠨ ᠤ ᠪᠦᠭᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠪᠠᠶᠢᠷᠢᠯᠠᠭᠤᠯᠵᠠᠶ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠬᠤᠶᠠᠷ ᠢ ᠲᠣᠭᠲᠠᠭᠠᠬᠤ ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ  ᠦᠢᠯᠡᠳᠦᠯᠭᠡᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ  ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠲᠤᠭ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠠᠤᠬᠠᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠲᠡᠶ ᠦᠵᠡᠯ ᠰᠠᠨᠠᠭᠠᠨ ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ ᠤ ᠳᠡᠮᠵᠢᠯᠭᠡ᠂ ᠣᠶᠤᠨ ᠰᠠᠨᠠᠭᠠᠨ ᠤ ᠬᠥᠳᠡᠯᠭᠡᠬᠦ ᠬᠦᠴᠦᠨ ᠪᠠ ᠰᠣᠶᠣᠯ ᠤᠨ ᠨᠥᠬᠦᠴᠡᠯ ᠢ  ᠬᠠᠩᠭᠠᠬᠤ ᠬᠡᠷᠡᠭᠲᠡᠢ ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠳᠣᠭᠤᠰᠢᠯᠠᠭᠤᠯᠤᠨ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠶᠣᠰᠣ ᠵᠦᠶ ᠶᠢᠨ ᠲᠠᠯ᠎ᠠ ᠪᠠᠷ ᠭᠦᠨᠵᠡᠭᠡᠶ ᠬᠠᠭᠠᠯᠪᠤᠷᠢᠯᠠᠵᠤ᠂ ᠶᠡᠭᠡ ᠰᠤᠷᠤᠯᠴᠠᠯᠭ᠎ᠠ ᠶᠢ ᠪᠣᠳᠠᠲᠠᠶᠢᠵᠢᠭᠤᠯᠵᠤ᠂ ᠣᠯᠠᠨ ᠲᠦᠮᠡᠨ ᠢ ᠰᠠᠯᠭᠠᠬᠤ ᠲᠠᠯ᠎ᠠ ᠪᠠᠷ ᠬᠦᠴᠦᠯᠡᠨ᠂ ᠶᠡᠭᠡ ᠲᠦᠭᠡᠮᠡᠯᠵᠢᠭᠦᠯᠦᠯᠲᠡ ᠶᠢ ᠰᠠᠶᠢᠲᠤᠷ ᠠᠳᠬᠤᠵᠤ᠂ ᠰᠤᠳᠤᠯᠭᠠᠨ ᠤ ᠲᠠᠯ᠎ᠠ ᠪᠠᠷ ᠬᠦᠴᠦᠯᠡᠨ᠂ ᠶᠡᠭᠡ  ᠦᠢᠯᠡᠳᠦᠯᠭᠡᠵᠢᠭᠦᠯᠦᠯᠲᠡ ᠶᠢ ᠠᠬᠢᠭᠤᠯᠬᠤ ᠬᠡᠷᠡᠭᠲᠡᠶ᠃ ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠳᠣᠲᠣᠭᠠᠳᠤ ᠭᠠᠳᠠᠭᠠᠳᠤ ᠶᠢᠨ ᠳᠠᠮᠵᠢᠭᠤᠯᠭ᠎ᠠ ᠶᠢ ᠴᠢᠩᠭᠠᠳᠬᠠᠵᠤ᠂ ᠴᠢᠬᠤᠯᠠ ᠶᠡᠭᠡ ᠭᠤᠣᠯ ᠰᠡᠳᠦᠪᠲᠦ ᠤᠬᠠᠭᠤᠯᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠶᠡᠭᠡ ᠤᠬᠠᠭᠤᠯᠭ᠎ᠠ ᠶᠢᠨ ᠪᠠᠶᠢᠷᠢᠰᠢᠯ ᠢ ᠪᠠᠶᠢᠭᠤᠯᠵᠤ᠂ ᠠᠤᠬᠠᠨ ᠤ ᠦᠯᠢᠭᠡᠷ ᠢ ᠰᠠᠶᠢᠲᠤᠷ ᠶᠠᠷᠢᠵᠤ᠂ ᠬᠥᠭᠵᠢᠯᠲᠡ ᠶᠢᠨ ᠴᠤᠭ ᠵᠢᠪᠬᠤᠭ᠎ᠠ ᠶᠢ ᠬᠥᠭᠵᠢᠭᠡᠬᠦ ᠬᠡᠷᠡᠭᠲᠡᠢ᠃ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠤᠶᠤᠨ ᠤ ᠪᠣᠯᠪᠠᠰᠤᠨ ᠤ ︽ᠵᠢᠷᠭᠤᠭᠠᠨ ᠶᠡᠭᠡ ᠡᠭᠦᠳᠦᠯᠲᠡ︾ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠢᠷᠭᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠰᠣᠶᠣᠯ ᠤᠨ ᠴᠡᠴᠡᠭᠯᠡᠯᠲᠡ ᠬᠥᠭᠵᠢᠯᠲᠡ ᠶᠢ ᠴᠢᠩᠭᠠᠳᠬᠠᠵᠤ᠂ ︽ᠬᠤᠶᠠᠷ ᠢ ᠴᠣᠭᠴᠠᠯᠠᠬᠤ︾ ᠲᠣᠭᠤᠷᠢᠨ ᠳᠤ᠂ ᠨᠡᠩ ᠤᠯᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠰᠣᠶᠣᠯ  ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠶᠤᠯᠭᠦᠢ ᠶᠢ ᠦᠨᠡᠨᠬᠦ ᠬᠠᠮᠠᠭᠠᠯᠠᠬᠤ ᠬᠡᠷᠡᠭᠲᠡᠢ᠃  ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠶᠢ ᠡᠷᠬᠢᠮᠯᠡᠨ᠂ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ᠂ ᠰᠤᠷᠲᠠᠯ ᠢᠶᠠᠨ ᠬᠤᠪᠢᠷᠠᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠪᠤᠢ ᠪᠣᠯᠭᠠᠬᠤ ᠬᠡᠷᠡᠭᠲᠡᠶ᠃    ᠬᠤᠷᠠᠯ ᠤᠨ ᠳᠠᠷᠠᠭ᠎ᠠ᠂ ᠨᠢᠭᠡ ᠡᠳᠦᠷ ᠬᠠᠭᠠᠰ ᠤᠨ ᠬᠤᠭᠤᠴᠠᠭ᠎ᠠ ᠲᠠᠢ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠳᠣᠭᠢᠷᠠᠭᠤᠯᠵᠤ᠂ ᠪᠥᠬᠦ ᠬᠤᠰᠢᠭᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃    ᠪᠥᠬᠦ ᠬᠤᠰᠢᠭᠤᠨ ᠤ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠨᠠᠮ ᠤᠨ ︵ᠠᠵᠤ  ᠦᠢᠯᠡᠳᠪᠦᠷᠢ ︶ ᠬᠤᠷᠢᠶ᠎ᠠ ᠶᠢᠨ ᠳᠡᠳ᠋ ᠱᠦᠵᠢ᠂ ᠤᠬᠠᠭᠤᠯᠬᠤ ᠭᠡᠰᠢᠭᠦᠨ᠂ ᠤᠬᠠᠭᠤᠯᠬᠤ ᠠᠵᠢᠯᠲᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠶᠠᠮᠤᠨ ᠬᠤᠷᠢᠶ᠎ᠠ ᠶᠢᠨ ᠠᠯᠪᠠᠨ ᠬᠡᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂  ᠲᠦᠪ ᠣᠷᠤᠨ ᠬᠤᠲᠠ ᠶᠢᠨ ᠰᠢᠭᠤᠳ ᠬᠠᠷᠢᠶ᠎ᠠ ᠠᠤᠬᠠᠨ ᠳᠤ ᠰᠠᠭᠤᠭ᠎ᠠ ᠡᠯ᠎ᠡ ᠨᠢᠭᠡᠴᠡ᠂ ᠡᠯ᠎ᠡ ᠠᠷᠠᠳ ᠤᠨ ᠪᠦᠯᠬᠦᠮ ᠤᠨ ᠤᠬᠠᠭᠤᠯᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠤᠬᠠᠭᠤᠯᠬᠤ ᠬᠡᠯᠲᠡᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠤᠬᠠᠭᠤᠯᠬᠤ ᠬᠡᠯᠲᠡᠰ ᠤᠨ ᠪᠥᠬᠦ ᠺᠠᠳ᠋ᠷᠴᠤᠳ ᠬᠤᠷᠠᠯ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号