| ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ | ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠦᠭᠦᠳᠡ ᠬᠤᠷᠠᠯ ᠤᠨ ᠠᠯᠪᠠᠨ ᠮᠡᠳᠡᠭᠡ | ︵2023 ᠣᠨ ᠤ 2 ᠰᠠᠷ᠎ᠠ ᠶᠢᠨ 28 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ | | ᠡᠨᠡ ᠤᠳᠠᠭ᠎ᠠ ᠶᠢᠨ ᠪᠦᠭᠦᠳᠡ ᠬᠤᠷᠠᠯ ᠳᠤ ᠲᠥᠪ ᠬᠤᠷᠢᠶᠠᠨ ᠤ ᠭᠡᠰᠢᠭᠦᠨ 203 ᠬᠥᠮᠥᠨ᠂ ᠲᠥᠪ ᠬᠤᠷᠢᠶᠠᠨ ᠤ | ᠣᠷᠣᠯᠠᠭᠴᠢ ᠭᠡᠰᠢᠭᠦᠨ 170 ᠬᠥᠮᠥᠨ ᠣᠷᠣᠯᠴᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ | ᠱᠦᠵᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠣᠷᠣᠯᠴᠠᠪᠠ᠃ | ᠪᠦᠭᠦᠳᠡ ᠬᠤᠷᠠᠯ ᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠡᠷᠭᠢᠯᠡᠪᠡ᠃ ᠲᠥᠪ ᠬᠤᠷᠢᠶᠠᠨ ᠤ | ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃ | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ | ᠪᠦᠭᠦᠳᠡ ᠬᠤᠷᠠᠯ 2023 ᠣᠨ ᠤ 2 ᠰᠠᠷ᠎ᠠ ᠶᠢᠨ 26 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯ ᠢ ᠡᠷᠭᠢᠯᠡᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | ᠪᠦᠭᠦᠳᠡ ᠬᠤᠷᠠᠯ ᠠᠴᠠ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ | ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠨᠠᠮ ᠤᠨ ᠳᠣᠲᠣᠭᠠᠳᠤ ᠭᠠᠳᠠᠭᠠᠳᠤ ᠶᠢᠨ ᠰᠠᠨᠠᠯ ᠢ ᠥᠷᠭᠡᠨ ᠢᠶᠠᠷ ᠬᠤᠷᠢᠶᠠᠵᠤ᠂ ᠲᠠᠭᠢᠨ ᠳᠠᠪᠲᠠᠨ ᠶᠠᠷᠢᠯᠴᠠᠨ | ᠵᠥᠪᠳᠡᠯᠴᠡᠭᠰᠡᠨ ᠰᠠᠭᠤᠷᠢᠨ ᠳᠡᠭᠡᠷ᠎ᠡ ᠳᠤᠷᠠᠳᠤᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠡᠪᠰᠢᠭᠦᠯᠭᠦ ᠪᠠᠷ ᠪᠠᠶᠢᠭ᠎ᠠ ᠲᠦᠷᠦ ᠶᠢᠨ | ᠪᠠᠶᠢᠭᠤᠯᠤᠮᠵᠢ ᠶᠢᠨ ᠤᠳᠤᠷᠢᠳᠬᠤ ᠬᠥᠮᠥᠰ ᠤᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠪᠣᠯᠣᠨ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠤ ᠲᠡᠪᠰᠢᠭᠦᠯᠭᠦ ᠪᠠᠷ | ᠪᠠᠶᠢᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠬᠥᠮᠥᠰ ᠤᠨ ᠵᠢᠱᠢᠭᠳᠡᠭᠴᠢ ᠶᠢᠨ | ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠵᠦ ᠪᠠᠲᠤᠯᠠᠭᠠᠳ᠂ ᠡᠨᠡ ᠬᠤᠶᠠᠷ ᠰᠠᠨᠠᠭᠤᠯᠭ᠎ᠠ ᠶᠢᠨ ᠨᠡᠷᠡᠰ ᠢ ᠲᠤᠰ ᠲᠤᠰ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠳᠤ ᠲᠡᠪᠰᠢᠭᠦᠯᠭᠦ ᠪᠠᠷ | ᠲᠣᠭᠲᠠᠪᠠ᠃ ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ ᠳᠤᠷᠠᠳᠤᠭᠰᠠᠨ ︽ᠨᠠᠮ ᠪᠣᠯᠣᠨ ᠲᠦᠷᠦ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠬᠢᠨᠠᠨ ᠵᠥᠪᠯᠡᠵᠦ ᠪᠠᠲᠤᠯᠠᠪᠠ᠃ ᠰᠢ ᠶᠢᠨ ᠫᠢᠩ ︽ᠨᠠᠮ ᠪᠣᠯᠣᠨ | ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ︵ᠡᠬᠡ ᠨᠣᠣᠷᠠᠭ︶︾ ᠤᠨ ᠲᠤᠬᠠᠢ ᠪᠦᠭᠦᠳᠡ | ᠬᠤᠷᠠᠯ ᠳᠤ ᠲᠣᠳᠣᠷᠬᠠᠶᠢᠯᠠᠯᠲᠠ ᠬᠢᠪᠡ᠃ ᠪᠦᠭᠦᠳᠡ ᠬᠤᠷᠠᠯ ᠠᠴᠠ ︽ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠥᠯ︾ ᠤᠨ ᠬᠡᠰᠡᠭ ᠠᠭᠤᠯᠭ᠎ᠠ ᠶᠢ ᠬᠠᠤᠯᠢ ᠳᠤ ᠲᠣᠭᠲᠠᠭᠠᠭᠰᠠᠨ ᠲᠡᠰ ᠳᠠᠷᠠᠭᠠᠯᠠᠯ ᠶᠣᠰᠣᠭᠠᠷ | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠭᠦ ᠪᠠᠷ ᠵᠥᠪᠰᠢᠶᠡᠷᠡᠪᠡ᠃ | ᠪᠦᠭᠦᠳᠡ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ | ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ᠃ | ᠬᠦᠨᠳᠦ ᠨᠣᠴᠢᠲᠠᠢ ᠲᠦᠪᠡᠭ ᠪᠤᠳᠤᠯᠢᠶᠠᠨᠲᠠᠢ ᠳᠡᠯᠡᠬᠡᠢ ᠶᠢᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠤᠯᠤᠰ | ᠲᠦᠷᠦ ᠶᠢᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠠᠩᠬᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠵᠤ᠂ ᠵᠢᠶᠠᠩ ᠽᠧ ᠮᠢᠨ ᠨᠥᠬᠦᠷ ᠢ ᠶᠡᠭᠡ ᠪᠠᠷ ᠡᠮᠭᠡᠨᠢᠨ ᠭᠠᠰᠢᠭᠤᠳᠠᠵᠤ᠂ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠬᠤᠭᠤᠴᠠᠭ᠎ᠠ ᠰᠣᠯᠢᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ | ᠲᠣᠬᠢᠷᠠᠭᠤᠯᠵᠤ᠂ ᠠᠵᠤ ᠠᠬᠤᠢ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ ᠪᠠ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠢ | ᠦᠨᠡᠨ ᠬᠦ ᠪᠠᠲᠤᠯᠠᠨ ᠰᠠᠶᠢᠵᠢᠷᠠᠭᠤᠯᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠡᠷᠡᠰ | ᠬᠠᠮᠠᠭᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠠᠶᠠᠨ ᠢ | ᠡᠬᠢᠯᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠤᠯᠠᠮ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠠᠵᠢᠯ | ᠰᠢᠨ᠎ᠡ ᠠᠯᠬᠤᠮ ᠢ ᠠᠯᠬᠤᠵᠠᠢ ᠭᠡᠵᠦ ᠰᠠᠨᠠᠯ ᠨᠢᠭᠡᠲᠡᠢ ᠦᠵᠡᠪᠡ᠃ | ᠪᠦᠭᠦᠳᠡ ᠬᠤᠷᠠᠯ ᠠᠴᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠣᠯᠣᠨ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠢ ᠰᠠᠶᠢᠲᠤᠷ ᠬᠤᠷᠠᠯᠳᠤᠭᠤᠯᠬᠤ ᠨᠢ ᠪᠦᠭᠦ | ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠯᠠᠮ ᠴᠢᠨᠠᠭᠰᠢᠳᠠ ᠲᠠᠶᠢᠴᠢᠯᠠᠨ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠳᠤ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠴᠢᠬᠤᠯᠠ ᠡᠭᠦᠷᠭᠡ ᠪᠤᠯᠭᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ᠂ ᠰᠢᠯᠢᠳᠡᠭᠵᠢᠭᠦᠯᠬᠦ ᠬᠠᠮᠵᠢᠯᠴᠠᠭᠤᠯᠬᠤ ᠥᠨᠳᠥᠷ | ᠪᠦᠲᠦᠮᠵᠢᠲᠡᠶ ᠪᠠᠶᠢᠯᠭᠠᠬᠤ ᠶᠢ ᠪᠠᠷᠢᠮᠲᠠᠯᠠᠬᠤ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ | ᠵᠠᠷᠴᠢᠮ ᠶᠣᠰᠣᠭᠠᠷ᠂ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠮ | ᠪᠣᠯᠣᠨ ᠲᠥᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠ ᠶᠢᠨ ᠴᠢᠨᠠᠷᠲᠠᠢ | ᠲᠠᠭᠢᠨ ᠪᠠᠶᠢᠭᠤᠯᠤᠯᠲᠠ ᠶᠢ ᠪᠡᠶᠡᠯᠡᠭᠦᠯᠵᠦ᠂ ᠨᠠᠮ ᠪᠠ ᠤᠯᠤᠰ ᠤᠨ ᠠᠵᠢᠯ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ | ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠥᠭᠡᠳ ᠪᠠᠰᠠ ᠨᠠᠮ | ᠪᠣᠯᠣᠨ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠳᠤ ᠡᠷᠬᠢᠮ ᠨᠠᠨᠳᠢᠨ | ᠲᠤᠷᠰᠢᠯᠭ᠎ᠠ ᠬᠤᠷᠠᠮᠳᠤᠭᠤᠯᠵᠠᠢ ᠭᠡᠵᠦ ᠦᠵᠡᠪᠡ᠃ | ᠪᠦᠭᠦᠳᠠ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠴᠢᠬᠤᠯᠠ ᠪᠠᠶᠢᠷᠢᠯᠠᠭᠤᠯᠤᠯᠲᠠ ᠬᠢᠪᠡ᠂ ᠡᠨᠡ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠭᠡᠳᠤ ᠶᠢᠨ ᠠᠴᠢ ᠬᠤᠯᠪᠣᠭᠳᠠᠯ ᠲᠠᠢ | ᠶᠤᠮ᠃ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠴᠢᠩᠭᠠᠳᠬᠠᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ | ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠤᠳᠤᠷᠢᠳᠤᠮᠵᠢ ᠪᠤᠯᠭᠠᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ︽ᠲᠠᠪᠤ ᠶᠢ ᠨᠢᠭᠡ | ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ︽ᠳᠥᠷᠪᠡᠨ | ᠪᠦᠭᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠲᠠᠢ | ᠵᠣᠬᠢᠴᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠡᠷᠡᠭᠴᠡᠭᠡ ᠳᠤ ᠵᠣᠬᠢᠴᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ | ᠬᠤᠷᠢᠶᠠᠨ ᠤ ᠪᠠᠶᠢᠭᠤᠯᠤᠮᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ᠂ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠪᠠᠶᠢᠭᠤᠯᠤᠮᠵᠢ ᠶᠢ ᠨᠢᠭᠡᠳᠦᠯᠲᠡᠢ ᠲᠥᠯᠥᠪᠵᠢᠭᠦᠯᠵᠦ᠂ ᠲᠥᠪ ᠪᠠ ᠣᠷᠣᠨ ᠨᠤᠲᠤᠭ ᠢ ᠨᠢᠭᠡᠳᠦᠯᠲᠡᠢ ᠲᠥᠯᠥᠪᠵᠢᠭᠦᠯᠵᠦ᠂ | ᠭᠤᠣᠯᠳᠠᠯᠭ᠎ᠠ ᠲᠠᠢ ᠬᠦᠷᠢᠶᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠵᠢᠷᠤᠮᠲᠤ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠶᠢᠨ ᠲᠠᠯ᠎ᠠ ᠪᠠᠷ ᠨᠡᠩ ᠰᠢᠨᠵᠢᠯᠡᠬᠦ ᠤᠬᠠᠭᠠᠨᠴᠢ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢᠨ ᠲᠠᠯ᠎ᠠ | ᠪᠠᠷ ᠨᠡᠩ ᠰᠢᠯᠢᠳᠡᠭᠵᠢᠭᠦᠯᠵᠦ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ ᠨᠡᠩ ᠲᠡᠭᠦᠯᠳᠡᠷᠵᠢᠭᠦᠯᠵᠦ᠂ ᠠᠵᠢᠯᠯᠠᠭᠠᠨ ᠤ | ᠬᠠᠮᠢᠶᠠᠷᠤᠯᠲᠠ ᠶᠢᠨ ᠲᠠᠯ᠎ᠠ ᠪᠠᠷ ᠨᠠᠩ ᠥᠨᠳᠥᠷ ᠪᠦᠲᠦᠮᠵᠢᠲᠡᠶ ᠪᠠᠶᠢᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠪᠦᠭᠦᠳᠡ ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠮ ᠪᠣᠯᠣᠨ ᠤᠯᠤᠰ ᠤᠨ ᠠᠵᠢᠯ | ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠶᠢᠨ ᠥᠨᠳᠥᠷᠴᠡ ᠠᠴᠠ ᠨᠠᠮ ᠪᠣᠯᠣᠨ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠴᠢᠬᠤᠯᠠ ᠴᠢᠨᠠᠷ ᠪᠣᠯᠣᠨ ᠲᠤᠯᠭᠠᠮ ᠴᠢᠨᠠᠷ ᠢ ᠭᠦᠢᠴᠡᠳ ᠲᠠᠨᠢᠵᠤ᠂ ︽ᠬᠤᠶᠠᠷ ᠢ ᠲᠣᠭᠲᠠᠭᠠᠭᠰᠠᠨ︾ | ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢᠨ ᠡᠷᠬᠡ ᠰᠦᠷᠲᠦ ᠴᠢᠨᠠᠷ ᠪᠣᠯᠣᠨ ᠲᠥᠪ ᠴᠢᠩᠭ᠎ᠠ ᠴᠢᠨᠠᠷ ᠢ ᠡᠷᠡᠰ ᠬᠠᠮᠠᠭᠠᠯᠠᠵᠤ᠂ | ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠪᠦᠭᠦᠳᠡ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ | ᠤᠬᠠᠭᠤᠯᠤᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠪᠦᠭᠦ ᠨᠠᠮ ᠤᠨ | ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠠᠴᠢᠶᠠᠯᠠᠪᠤᠷᠢ ᠶᠢ ᠪᠠᠶᠠᠯᠢᠭᠵᠢᠭᠤᠯᠤᠨ᠂ ᠠᠷᠭ᠎ᠠ | ᠪᠠᠷᠢᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠠᠷᠠᠳ ᠤᠯᠠᠨ ᠤ ᠦᠵᠡᠵᠦ ᠰᠣᠨᠢᠷᠬᠠᠬᠤ ᠳᠤᠷᠠᠲᠠᠢ ᠭᠡᠯᠪᠡᠷᠢ ᠪᠠᠷ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠠᠶᠢᠭᠤᠯᠭ᠎ᠠ ᠳᠤ ᠣᠷᠣᠭᠤᠯᠬᠤ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠳᠤ ᠣᠷᠣᠭᠤᠯᠬᠤ᠂ ᠬᠤᠳᠠ ᠬᠥᠳᠡᠭᠡ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ᠂ ᠴᠡᠷᠢᠭ ᠤᠨ ᠬᠤᠸᠠᠷᠠᠨ ᠳᠤ ᠣᠷᠣᠭᠤᠯᠬᠤ᠂ ᠡᠯ᠎ᠡ ᠲᠦᠷᠦᠯ ᠤᠨ ᠰᠢᠨ᠎ᠡ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠪᠠ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠷᠣᠭᠤᠯᠬᠤ᠂ ᠰᠦᠯᠵᠢᠶᠡᠨ ᠤ | ᠦᠷᠳᠡᠭᠡ ᠳᠤ ᠣᠷᠣᠭᠤᠯᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠥᠮᠥᠰ ᠤᠨ | ᠰᠡᠳᠬᠢᠯ ᠳᠤ ᠦᠨᠡᠨ ᠬᠦ ᠬᠠᠳᠠᠩᠰᠢᠭᠤᠯᠬᠤ ᠬᠡᠷᠡᠭᠲᠡᠢ᠃ ᠤᠳᠤᠷᠢᠳᠬᠤ ᠺᠠᠳ᠋ᠷᠴᠤᠳ ᠦᠷᠭᠦᠯᠵᠢᠯᠡᠨ ᠪᠦᠭᠦ ᠲᠠᠯ᠎ᠠ ᠪᠠᠷ | ᠰᠤᠷᠤᠯᠴᠠᠬᠤ᠂ ᠪᠦᠭᠦ ᠲᠠᠯ᠎ᠠ ᠪᠠᠷ ᠡᠵᠡᠮᠰᠢᠬᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠦᠯᠢᠭᠡᠷ ᠳᠠᠭᠤᠷᠢᠶᠠᠯ | ᠪᠣᠯᠵᠤ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠠᠭᠤᠤ ᠶᠡᠭᠡ ᠬᠤᠪᠢᠰᠤᠯᠲᠠ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠣᠨᠣᠯ ᠪᠠ ᠲᠡᠭᠦᠨ ᠤ | ᠳᠤᠮᠳᠠ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠪᠣᠯᠪᠠᠰᠤᠷᠠᠩᠭᠤᠢ ᠡᠵᠡᠮᠰᠢᠵᠦ᠂ ᠰᠢᠨ᠎ᠡ ᠴᠠᠭ | ᠦᠶ᠎ᠡ ᠰᠢᠨ᠎ᠡ ᠠᠶᠠᠨ ᠳᠤ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ᠂ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦᠯᠢ ᠴᠣᠭᠴᠠ ᠪᠠᠷ ᠨᠢ | ᠡᠵᠡᠮᠳᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠲᠥᠰᠥᠯ᠂ ᠪᠣᠳᠠᠲᠠᠢ ᠠᠷᠭ᠎ᠠ ᠬᠡᠮᠵᠢᠶ᠎ᠡ ᠶᠢ ᠲᠤᠰ ᠭᠠᠵᠠᠷ | ᠣᠷᠣᠨ ᠲᠤᠰ ᠰᠠᠯᠠᠭ᠎ᠠ ᠮᠥᠴᠢᠷ ᠤᠨ ᠢᠶᠠᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠰᠠᠶᠢᠲᠤᠷ ᠲᠣᠭᠲᠠᠭᠠᠵᠤ᠂ | ᠰᠠᠶᠢᠲᠤᠷ ᠬᠡᠷᠡᠭᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠦᠵᠡᠪᠡ᠃ | ᠪᠦᠭᠦᠳᠡ ᠬᠤᠷᠠᠯ ᠠᠴᠠ᠂ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠲᠦᠷᠭᠡᠰᠦᠨ ᠬᠥᠭᠵᠢᠵᠦ᠂ ᠳᠡᠯᠡᠬᠡᠢ ᠶᠢᠷᠲᠢᠨᠴᠦ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ | ᠬᠤᠭᠤᠴᠠᠭᠠᠨ ᠳᠤ ᠣᠷᠣᠵᠤ᠂ ᠮᠠᠨ ᠤ ᠤᠯᠤᠰ ᠤᠨ ᠬᠥᠭᠵᠢᠯᠲᠡ ᠨᠢ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠣᠯᠣᠨ | ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠠᠷ ᠣᠷᠣᠰᠢᠵᠤ᠂ ᠲᠤᠬᠳᠠᠭᠠᠯᠳᠤ ᠪᠤᠰᠤ ᠴᠢᠨᠠᠷ ᠵᠢᠱᠢᠬᠦᠶ᠎ᠡ ᠪᠡᠷᠬᠡ ᠬᠦᠴᠦᠨ | ᠵᠦᠢᠯ ᠨᠡᠮᠡᠭᠳᠡᠵᠦ ᠪᠠᠶᠢᠭ᠎ᠠ ᠬᠤᠭᠤᠴᠠᠭᠠᠨ ᠳᠤ ᠣᠷᠣᠵᠠᠢ᠂ ᠡᠷᠬᠡᠪᠰᠢ ᠶᠡᠭᠡ ᠰᠠᠯᠬᠢ ᠰᠢᠷᠦᠭᠦᠨ ᠳᠠᠪᠠᠯᠭᠠᠨ ᠴᠢᠨᠠᠭᠰᠢᠯᠠᠪᠠᠯ | ᠳᠣᠬᠰᠢᠨ ᠳᠠᠪᠠᠯᠭᠠᠨ ᠰᠢᠷᠦᠭᠦᠨ ᠲᠤᠯᠭᠢᠯᠳᠠ ᠶᠢᠨ ᠬᠦᠨᠳᠦ ᠶᠡᠭᠡ ᠰᠢᠯᠭᠠᠯᠲᠠ ᠶᠢ ᠳᠤᠭᠤᠯᠬᠤ ᠪᠠᠷ ᠪᠡᠯᠡᠳᠬᠡᠬᠦ ᠬᠡᠷᠡᠭᠲᠡᠢ᠃ | ᠮᠠᠨ ᠤ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠮᠥᠨ ᠯᠡ ᠴᠥᠭᠡᠨ ᠪᠤᠰᠤ ᠭᠦᠨ ᠳᠠᠪᠬᠤᠷᠭ᠎ᠠ ᠶᠢᠨ | ᠵᠥᠷᠢᠴᠡᠯ ᠳᠤ ᠲᠤᠯᠭᠠᠷᠠᠵᠤ᠂ ᠬᠡᠷᠡᠭᠴᠡᠭᠡ ᠪᠠᠭᠠᠰᠴᠤ᠂ ᠬᠠᠩᠭᠠᠯᠭ᠎ᠠ ᠳᠠᠭᠠᠷᠢᠯᠲᠠ ᠳᠤ ᠤᠴᠠᠷᠠᠵᠤ᠂ ᠵᠢᠱᠢᠯᠲᠡ ᠪᠠᠭᠤᠷᠠᠢ | ᠪᠣᠯᠤᠭᠰᠠᠨ ᠭᠤᠷᠪᠠᠨ ᠳᠠᠪᠬᠤᠷ ᠳᠠᠷᠤᠯᠲᠠ ᠮᠥᠨ ᠯᠡ ᠨᠡᠯᠢᠶᠡᠳ ᠶᠡᠭᠡ ᠪᠠᠶᠢᠵᠤ᠂ ᠠᠵᠤ ᠠᠬᠤᠢ ᠶᠢᠨ ᠰᠡᠷᠭᠦᠯᠲᠡ ᠶᠢᠨ | ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠵᠤ᠂ ᠵᠢᠱᠢᠯᠲᠡ ᠠᠴᠠ ᠳᠠᠪᠠᠭᠰᠠᠨ ᠬᠦᠴᠦᠨ ᠵᠦᠢᠯ ᠨᠦᠭᠦᠳ ᠡᠭᠦᠰᠴᠦ | ᠮᠡᠳᠡᠨ᠎ᠡ᠃ ᠪᠦᠭᠦ ᠨᠠᠮ ᠤᠨ ᠨᠥᠬᠦᠳ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ᠂ ᠪᠠᠶᠢᠯᠳᠤᠬᠤ ᠪᠣᠳᠣᠯᠭ᠎ᠠ ᠶᠢᠨ | ᠰᠡᠷᠭᠡᠭ ᠪᠠᠶᠢᠳᠠᠯ ᠢᠶᠠᠨ ᠪᠠᠲᠤᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠ ᠶᠢ ᠨᠡᠩ ᠰᠠᠶᠢᠨ | ᠨᠢᠭᠡᠳᠦᠯᠲᠡᠢ ᠲᠥᠯᠥᠪᠵᠢᠭᠦᠯᠬᠦ︾ ᠶᠢ ᠪᠡᠶᠡᠯᠡᠭᠦᠯᠵᠦ᠂ ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ | ᠪᠡᠶᠡᠯᠡᠭᠦᠯᠬᠦ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ ᠰᠢᠨ᠎ᠡ ᠱᠠᠲᠤᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠵᠦ᠂ ︽ᠬᠥᠬᠡᠭᠴᠢᠨ ᠲᠦᠷᠦᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠴᠢᠷᠮᠠᠶᠢᠨ ᠥᠷᠭᠡᠳᠬᠡᠵᠦ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ | ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ | ᠡᠷᠭᠢᠯᠡᠭᠦ ᠣᠷᠴᠢᠨ ᠨᠥᠬᠦᠴᠡᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠠᠵᠤ ᠠᠬᠤᠢ ᠮᠥᠩᠭᠦᠨ ᠭᠦᠢᠯᠭᠡᠭᠡᠨ ᠤ | ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠬᠦᠴᠦᠯᠡᠨ ᠴᠢᠩᠭᠠᠳᠬᠠᠵᠤ᠂ ᠠᠵᠢᠯ ᠣᠯᠭᠤᠯᠲᠠ ᠶᠢ ᠤᠷᠢᠳ ᠢᠶᠠᠷ | ᠪᠣᠳᠣᠯᠬᠢᠯᠠᠬᠤ ᠲᠦᠷᠦ ᠶᠢᠨ ᠪᠣᠳᠣᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠦᠴᠢᠷᠳᠡᠯᠲᠡᠢ ᠤᠯᠠᠨ ᠲᠦᠮᠡᠨ ᠤ | ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠵᠤ᠂ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠪᠠᠬᠢᠵᠢᠭᠦᠯᠵᠦ᠂ ᠡᠮ ᠡᠮᠨᠡᠯᠭᠡ | ᠡᠷᠡᠭᠦᠯ ᠬᠠᠮᠠᠭᠠᠯᠠᠯ ᠢᠯᠠᠩᠭᠤᠶ᠎ᠠ ᠬᠤᠳᠠ ᠬᠥᠳᠡᠭᠡ ᠶᠢᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠤᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠦᠷᠡᠵᠢᠯ ᠢ ᠳᠡᠮᠵᠢᠭᠦ ᠲᠦᠷᠦ ᠶᠢᠨ | ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠭᠦ ᠲᠠᠯ᠎ᠠ ᠪᠠᠷ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠪᠦᠭᠦᠳᠠ ᠬᠤᠷᠠᠯ ᠠᠴᠠ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ | ᠂ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠪᠦᠲᠦᠭᠡᠯᠴᠢ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠥᠭᠡᠷᠡᠴᠢᠯᠡᠯᠲᠡ ᠶᠢᠨ ᠰᠢᠰᠲ᠋ᠧᠮ ᠤᠨ ᠬᠤᠷᠠᠮᠳᠤᠯ᠂ ᠬᠠᠮᠵᠢᠯᠴᠠᠨ | ᠥᠨᠳᠥᠷ ᠪᠦᠲᠦᠮᠵᠢᠲᠡᠢ ᠪᠠᠶᠢᠬᠤ ᠶᠢ ᠴᠢᠩᠭᠠᠳᠬᠠᠵᠤ᠂ ᠴᠢᠬᠤᠯᠠ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ | ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ | ᠳᠦᠷᠢᠮ ᠢ ᠲᠡᠭᠦᠯᠳᠡᠷᠵᠢᠭᠦᠯᠵᠦ᠂ ᠣᠲᠣ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠲᠡᠭᠦᠯᠳᠡᠷᠵᠢᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠡᠯ᠎ᠡ ᠬᠦᠷᠢᠶᠡᠨ ᠤ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠥᠰᠥᠪᠯᠡᠬᠦ ᠬᠡᠷᠡᠭᠲᠡᠢ᠃ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ | ᠦᠭᠡᠢ ᠴᠢᠩᠭᠠᠳᠬᠠᠵᠤ᠂ ᠮᠠᠨ ᠤ ᠤᠯᠤᠰ ᠤᠨ ᠪᠠᠶᠢᠭᠤᠯᠤᠯ ᠤᠨ ᠳᠠᠪᠠᠭᠤᠯᠢᠭ ᠢ ᠤᠯᠤᠰ ᠤᠨ ᠵᠠᠰᠠᠯᠲᠠ ᠶᠢᠨ ᠦᠷ᠎ᠡ | ᠪᠦᠲᠦᠮᠵᠢ ᠪᠣᠯᠭᠠᠨ ᠨᠡᠩ ᠰᠠᠶᠢᠲᠤᠷ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠦᠭᠦᠳᠡ ᠬᠤᠷᠠᠯ ᠠᠴᠠ᠂ ᠨᠠᠮ ᠤᠨ ᠪᠠᠶᠢᠭᠤᠯᠤᠯᠲᠠ ᠶᠢᠨ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠨᠠᠮ ᠤᠨ | ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠪᠠᠶᠢᠳᠠᠯ ᠪᠣᠯᠣᠨ ᠡᠷᠡᠰ ᠪᠠᠲᠤ ᠪᠠᠶᠢᠳᠠᠯ ᠢᠶᠠᠨ ᠴᠠᠭ ᠢᠮᠠᠭᠲᠠ | ᠪᠠᠲᠤᠯᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ | ᠭᠦᠨᠵᠡᠭᠡᠶᠢᠷᠡᠨ ᠭᠦᠭᠵᠢᠭᠦ ᠶᠢ ᠠᠬᠢᠭᠤᠯᠬᠤ ᠬᠡᠷᠡᠭᠲᠡᠢ᠃ ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠳᠤ᠂ ᠰᠢᠨᠵᠢᠯᠡᠬᠦ ᠤᠬᠠᠭᠠᠨᠴᠢ ᠪᠠᠷ | ᠲᠥᠯᠥᠪᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠤᠨᠤᠯ ᠤᠨ ᠰᠤᠷᠤᠯᠴᠠᠯᠭ᠎ᠠ ᠪᠠ ᠠᠰᠢᠭᠯᠠᠯᠲᠠ ᠶᠢ ᠴᠢᠩᠭᠠᠳᠬᠠᠵᠤ᠂ | ᠦᠨᠡᠨ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠬᠤᠭᠤᠴᠠᠭ᠎ᠠ ᠰᠣᠯᠢᠭᠰᠠᠨ ᠤ ᠳᠠᠷᠠᠭᠠᠬᠢ ᠤᠳᠤᠷᠢᠳᠬᠤ ᠪᠠᠭ ᠤᠨ | ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ | ᠴᠢᠩᠭ᠎ᠠ ᠬᠡᠷᠡᠭᠵᠢᠭᠦᠯᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠵᠤ᠂ | ᠪᠦᠯᠬᠦᠮᠳᠡᠨ ᠬᠠᠮᠵᠢᠯᠴᠠᠭᠰᠠᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠭᠰᠡᠨ᠂ ᠴᠢᠳᠠᠮᠠᠭᠠᠢ ᠠᠵᠢᠯᠯᠠᠵᠤ ᠠᠮᠵᠢᠯᠲᠠ | ᠣᠯᠬᠤ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠴᠢᠩᠭ᠎ᠠ ᠪᠠᠶᠢᠬᠤ ᠭᠦᠭ ᠠᠶᠠᠰ ᠢᠶᠠᠷ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠬᠤ ᠶᠢ ᠡᠷᠴᠢᠮᠵᠢᠭᠦᠯᠵᠦ᠂ ᠦᠷᠭᠦᠯᠵᠢᠯᠡᠨ ︽ᠲᠦᠷᠪᠡᠨ ᠰᠤᠷᠲᠠᠯ︾ ᠢ ᠭᠦᠨᠵᠡᠭᠡᠶᠢᠷᠡᠭᠦᠯᠦᠨ | ᠵᠠᠰᠠᠵᠤ᠂ ᠪᠠᠶᠢᠴᠠᠭᠠᠨ ᠰᠤᠳᠤᠯᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ | ᠦᠨᠡᠨ ᠬᠦ ᠠᠳᠬᠤᠵᠤ ᠪᠣᠳᠠᠲᠠᠢ ᠠᠵᠢᠯᠯᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠲᠡᠦᠬᠡ ᠪᠠ ᠠᠷᠠᠳ ᠲᠦᠮᠡᠨ ᠤ | ᠰᠢᠯᠭᠠᠯᠲᠠ ᠶᠢ ᠳᠠᠭᠠᠭᠠᠵᠤ ᠳᠡᠶᠢᠯᠭᠦ ᠪᠣᠳᠠᠲᠠᠢ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ | ᠠᠬᠢᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ ᠳᠠᠭᠠᠭᠠᠮᠠᠭᠠᠢ | ᠳᠠᠶᠢᠯᠠᠯᠳᠤᠭᠠᠨ ᠤ ᠢᠯᠠᠯᠲᠠ ᠶᠢ ᠡᠷᠡᠰ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠭᠦᠳᠠ ᠬᠤᠷᠠᠯ ᠠᠴᠠ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ | ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ | ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ | ᠡᠷᠡᠮᠡᠬᠡᠶᠢᠯᠡᠨ ᠤᠷᠤᠭᠰᠢᠯᠠᠵᠤ᠂ ᠬᠠᠲᠠᠭᠤᠵᠢᠯᠲᠠᠢ ᠲᠡᠮᠡᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ | ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠲᠡᠮᠡᠴᠡᠰᠦᠭᠡᠢ ᠭᠡᠵᠦ ᠤᠷᠢᠶᠠᠯᠠᠪᠠ᠃ | | | | |