ᠰᠧ ᠳ᠋ᠤᠤ ᠸᠠᠨ ᠽᠢ ᠪᠠᠯᠭᠠᠰᠤ ︽ABC︾  ᠲᠥᠷᠥᠯ ᠬᠤᠪᠢᠶᠠᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠠᠵᠢᠯ ᠤᠨ ᠠᠷᠭ᠎ᠠ ᠶᠢ ᠬᠠᠶᠢᠨ ᠰᠦᠪᠡᠭᠴᠢᠯᠡᠪᠡ
ᠨᠡᠶᠢᠲᠡᠯᠡᠭᠰᠡᠨ ᠴᠠᠭ᠄
2023/3/20
       ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ︽ᠬᠠᠮᠠᠭᠠᠯᠠᠯᠲᠠ ᠶᠢᠨ ᠲᠣᠣᠷ︾ ᠢ ᠪᠠᠲᠤ ᠪᠠᠬᠢ ᠨᠢᠭᠲᠠ ᠰᠦᠯᠵᠢᠵᠦ᠂ ᠰᠧ ᠳ᠋ᠤᠤ ᠸᠠᠨ ᠽᠢ ᠪᠠᠯᠭᠠᠰᠤ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠭᠰᠡᠨ ᠤᠷᠢᠲᠠᠯ ᠳᠣᠣᠷ᠎ᠠ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ︽ABC︾ ᠲᠦᠷᠦᠯ ᠬᠤᠪᠢᠶᠠᠨ ᠬᠢᠨᠠᠨ ᠬᠡᠮᠵᠢᠬᠦ ᠠᠵᠢᠯ ᠤᠨ ᠠᠷᠭ᠎ᠠ ᠶᠢ ᠰᠦᠪᠡᠭᠴᠢᠯᠡᠵᠦ᠂ ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠰᠠᠶᠢᠲᠤᠷ ᠲᠦᠷᠦᠯ ᠬᠤᠪᠢᠶᠠᠨ ᠤᠯᠠᠨ ᠠᠷᠭ᠎ᠠ ᠵᠠᠮ ᠢᠶᠠᠷ ᠪᠦᠬᠦ ᠲᠠᠯ᠎ᠠ ᠪᠠᠷ ᠥᠷᠨᠢᠭᠦᠯᠵᠦ᠂ ᠲᠠᠬᠢᠨ ᠶᠠᠳᠠᠭᠤᠷᠠᠬᠤ ᠲᠦᠭᠰᠢᠭᠦᠷᠢ ᠶᠢ ᠬᠠᠮᠤᠭ ᠤᠨ ᠲᠦᠷᠦᠭᠦᠨ ᠳᠤ ᠢᠯᠡᠷᠡᠭᠦᠯᠵᠦ᠂ ᠠᠷᠢᠯᠭᠠᠵᠤ᠂ ᠨᠥᠬᠦᠴᠡᠯ ᠳᠤ ᠨᠡᠶᠢᠴᠡᠬᠦ ᠬᠥᠮᠦᠰ ᠢ ᠪᠦᠬᠦᠨ ᠢ ᠬᠦᠯᠢᠶᠡᠨ ᠠᠪᠴᠤ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠶᠢ  ᠪᠠᠲᠤᠯᠠᠨ᠎ᠠ᠃ 2022 ᠣᠨ ᠳᠤ ᠪᠥᠬᠦ ᠪᠠᠯᠭᠠᠰᠤ ᠪᠠᠷ ᠢᠶᠠᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠠᠵᠢᠯ ᠢ ᠨᠡᠶᠢᠲᠡ ᠳᠥᠷᠪᠡ ᠤᠳᠠᠭ᠎ᠠ ᠥᠷᠨᠢᠭᠦᠯᠵᠦ᠂ ᠬᠢᠨᠠᠨ ᠬᠡᠮᠵᠢᠬᠦ ᠡᠷᠦᠬᠡ ᠳᠤ ᠣᠷᠣᠭᠤᠯᠤᠭᠰᠠᠨ 74 ᠡᠷᠦᠬᠡ 162 ᠬᠥᠮᠦᠨ ᠢ ᠢᠯᠭᠠᠨ ᠲᠠᠨᠢᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠬᠦᠨ ᠢ ᠨᠠᠶᠢᠳᠠᠪᠤᠷᠢᠵᠢᠭᠤᠯᠤᠨ ᠂ ᠨᠢᠭᠡ ᠴᠦ ᠬᠥᠮᠦᠨ ᠳᠠᠬᠢᠨ ᠶᠠᠳᠠᠭᠤᠷᠠᠭᠰᠠᠨ ᠥᠬᠡᠶ᠃    ︽ABC︾ ᠲᠦᠷᠦᠯ ᠬᠤᠪᠢᠶᠠᠨ ᠬᠢᠨᠠᠨ ᠬᠡᠮᠵᠢᠬᠦ ᠠᠵᠢᠯ ᠤᠨ ᠠᠷᠭ᠎ᠠ ᠪᠣᠯ ᠪᠤᠢ ᠪᠦᠬᠦᠢ ᠲᠠᠷᠢᠶᠠᠴᠢᠨ ᠡᠷᠦᠬᠡ ᠶᠢ A᠂ B᠂ C ᠭᠤᠷᠪᠠᠨ ᠲᠦᠷᠦᠯ ᠬᠤᠪᠢᠶᠠᠵᠤ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠨ᠎ᠠ᠂ ᠭᠡᠷ ᠪᠦᠯᠢ ᠳᠤ ᠠᠰᠠᠷ ᠪᠠᠶᠢᠰᠢᠩ ᠲᠠᠢ᠂  ᠮᠠᠰᠢᠨ ᠲᠠᠢ᠂ ᠲᠣᠭᠲᠠᠪᠤᠷᠢᠲᠠᠶ ᠣᠷᠣᠯᠭ᠎ᠠ ᠶᠢᠨ ᠨᠥᠬᠦᠴᠡᠯ ᠢᠶᠠᠷ ᠣᠨᠴᠠᠭᠠᠶ ᠰᠠᠶᠢᠨ ᠪᠠᠶᠢᠳᠠᠭ ᠢ C ᠲᠦᠷᠦᠯ ᠬᠤᠪᠢᠶᠠᠨ᠎ᠠ᠃ ᠭᠡᠷ ᠪᠦᠯᠢ ᠶᠢᠨ ᠠᠮᠢᠳᠤᠷᠠᠯ ᠪᠠᠶᠠᠨ ᠴᠢᠨᠡᠭᠡᠯᠢᠭ ᠬᠤᠶᠠᠷ ᠠᠴᠠ ᠳᠡᠭᠡᠭᠰᠢ ᠬᠥᠳᠡᠯᠮᠦᠷᠢ ᠶᠢᠨ ᠬᠦᠴᠦᠨ ᠤ ᠨᠥᠬᠦᠴᠡᠯ ᠢᠶᠠᠷ ᠰᠠᠶᠢᠨ ᠢ ᠨᠢ B ᠲᠦᠷᠦᠯ ᠳᠤ ᠬᠤᠪᠢᠶᠠᠨ᠎ᠠ᠃ ᠪᠤᠰᠤᠳ ᠡᠩ ᠤᠨ ᠬᠡᠷ ᠪᠦᠯᠢ ᠶᠢᠨ ᠨᠥᠬᠦᠴᠡᠯ ᠢ A ᠲᠥᠷᠥᠯ ᠳᠤ ᠬᠤᠪᠢᠶᠠᠬᠤ ᠶᠢᠨ ᠬᠠᠮᠲᠤ᠂ ᠡᠭᠦᠨ ᠢᠶᠠᠷ ᠠᠳᠠᠯᠢ ᠪᠤᠰᠤ ᠭᠤᠤᠯᠳᠠᠯᠭ᠎ᠠ ᠲᠠᠢ ᠬᠢᠨᠠᠨ ᠰᠢᠯᠭᠠᠬᠤ ᠠᠭᠤᠯᠭ᠎ᠠ ᠶᠢ ᠲᠣᠭᠲᠠᠭᠠᠵᠤ᠂ ᠠᠳᠠᠯᠢ ᠪᠤᠰᠤ ᠬᠢᠨᠠᠨ ᠰᠢᠯᠭᠠᠬᠤ ᠠᠷᠭ᠎ᠠ ᠶᠢ ᠬᠡᠷᠡᠭᠯᠡᠨ᠂ ᠬᠢᠨᠠᠨ ᠰᠢᠯᠭᠠᠬᠤ ᠡᠲᠡᠭᠡᠳ ᠤᠨ ︽ᠲᠤᠰᠢᠶᠠᠬᠤ ᠶᠣᠰᠣᠲᠠᠶ ᠶᠢ ᠨᠢ ᠪᠦᠬᠦᠨ ᠢ ᠪᠠᠭᠲᠠᠭᠠᠵᠤ᠂ ᠬᠠᠪᠰᠤᠷᠬᠤ ᠶᠣᠰᠣᠲᠠᠶ ᠶᠢ ᠨᠢ ᠪᠦᠬᠦᠨ ᠢ ᠬᠠᠪᠰᠤᠷᠬᠤ︾ ᠶᠢ ᠦᠨᠡᠨ ᠬᠦ ᠪᠠᠲᠤᠯᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠠᠵᠢᠯ ᠤᠨ ᠬᠥᠳᠡᠯᠦᠩᠭᠦᠶ ᠪᠠᠷ᠂ ᠪᠦᠬᠦᠨ ᠢ ᠬᠠᠮᠤᠷᠬᠤ᠂ ᠪᠠᠶᠢᠩᠭᠤᠵᠢᠭᠤᠯᠬᠤ ᠶᠢ  ᠪᠠᠲᠤᠯᠠᠨ᠎ᠠ᠃    ᠤᠢᠢᠷ᠎ᠠ ᠶᠢᠨ ᠬᠤᠭᠤᠴᠠᠭᠠᠨ ᠳᠤ ᠰᠧ ᠳ᠋ᠤᠤ ᠸᠠᠨ ᠽᠢ ᠪᠠᠯᠭᠠᠰᠤᠨ ᠳᠤ 2023 ᠣᠨ ᠤ ᠨᠢᠭᠡᠳᠦᠭᠡᠷ ᠤᠯᠠᠷᠢᠯ ᠤᠨ ᠬᠢᠨᠠᠨ ᠬᠡᠮᠵᠢᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ ᠪᠤᠢ᠂ ᠪᠦᠬᠦ ᠪᠠᠯᠭᠠᠰᠤ ᠲᠣᠰᠬᠤᠨ ᠤ ᠺᠠᠳ᠋ᠷᠴᠤᠳ ᠢᠶᠠᠷ ᠪᠦᠷᠢᠯᠳᠦᠭᠰᠡᠨ ᠠᠵᠢᠯᠯᠠᠬᠤ ᠠᠩᠬᠢ ︽ABC︾ ᠲᠦᠷᠦᠯ ᠬᠤᠪᠢᠶᠠᠨ ᠬᠢᠨᠠᠨ ᠬᠡᠮᠵᠢᠬᠦ ᠠᠵᠢᠯ ᠤᠨ ᠠᠷᠭ᠎ᠠ ᠶᠢ ᠦᠨᠳᠦᠰᠦᠯᠡᠨ ᠡᠷᠦᠭᠡ ᠳᠤ ᠣᠷᠣᠵᠤ ᠳᠠᠷᠠᠭᠠᠯᠠᠨ ᠪᠠᠶᠢᠴᠠᠭᠠᠵᠤ ᠰᠤᠷᠪᠤᠯᠵᠢᠯᠠᠵᠤ᠂ ᠬᠢᠨᠠᠨ ᠬᠡᠮᠵᠢᠭᠳᠡᠬᠦ ᠡᠲᠡᠭᠡᠳ ᠲᠤ ᠣᠷᠣᠭᠤᠯᠤᠭᠰᠠᠨ ᠦᠭᠡᠢ ᠶᠠᠳᠠᠭᠤ ᠠᠴᠠ ᠠᠩᠭᠢᠵᠢᠷᠠᠭᠰᠠᠨ ᠡᠷᠦᠭᠡ ᠳᠤ᠂ ᠡᠩ ᠤᠨ ᠡᠷᠦᠭᠡ ᠳᠤ ᠲᠠᠬᠢᠨ ᠶᠠᠳᠠᠭᠤᠷᠠᠬᠤ ᠲᠦᠭᠰᠢᠭᠦᠷᠢ ᠲᠠᠢ ᠪᠠᠶᠢᠪᠠᠯ᠂ ᠪᠠᠷᠢᠮᠵᠢᠶ᠎ᠠ ᠪᠣᠯᠤᠨ ᠲᠡᠰ ᠳᠠᠷᠠᠭᠠᠯᠠᠯ ᠢᠶᠠᠷ ᠬᠢᠨᠠᠨ ᠬᠡᠮᠵᠢᠭᠳᠡᠬᠦ ᠡᠲᠡᠭᠡᠳ ᠲᠤ ᠣᠷᠣᠭᠤᠯᠤᠨ᠎ᠠ᠃    ᠡᠭᠦᠨ ᠤ ᠵᠡᠷᠭᠡ ᠳᠤ᠂ ᠣᠯᠠᠨ ᠲᠦᠮᠡᠨ ᠤ ᠡᠳ᠋ᠯᠡᠵᠦ ᠪᠠᠶᠢᠭ᠎ᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠰᠢᠭ ᠭᠥᠷᠳᠡᠬᠦ ᠨᠣᠷᠮ᠎ᠠ ᠶᠢᠨ ᠪᠠᠶᠢᠳᠠᠯ ᠢ ᠨᠠᠩ ᠨᠠᠷᠢᠨ ᠲᠣᠳᠣᠷᠬᠠᠶ ᠡᠵᠡᠮᠰᠢᠬᠦ ᠶᠢᠨ ᠲᠥᠯᠥᠭᠡ᠂ ᠲᠣᠰ ᠤᠳᠠᠭᠠᠨ ᠤ ᠪᠠᠶᠢᠴᠠᠭᠠᠨ ᠰᠢᠯᠭᠠᠬᠤ ᠠᠵᠢᠯ ᠤᠨ ᠳᠤᠮᠳᠠ ᠠᠵᠢᠯᠯᠠᠬᠤ ᠠᠩᠭᠢ ᠪᠠᠰᠠ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠲᠦᠭᠡᠮᠡᠯᠵᠢᠭᠦᠯᠬᠦ ᠲᠥᠷᠥ ᠶᠢᠨ ᠪᠣᠳᠣᠯᠭ᠎ᠠ ᠶᠢᠨ ᠪᠠᠯᠠᠶ ᠴᠡᠭ ᠲᠤ ᠲᠤᠬᠠᠶ ᠶᠢᠨ ᠲᠠᠯᠠᠪᠤᠷ ᠲᠤᠨᠢ ᠬᠠᠷᠢᠭᠤᠯᠲᠠ ᠥᠭᠭᠦᠭᠰᠡᠨ ᠪᠥᠭᠡᠳ ᠣᠯᠠᠨ ᠲᠦᠮᠡᠨ ᠳᠤ ᠨᠠᠮ ᠤᠨ ᠲᠥᠷᠥ ᠶᠢᠨ ᠪᠣᠳᠣᠯᠭ᠎ᠠ ᠴᠢᠭᠯᠡᠯᠲᠡ ᠶᠢ ᠳᠠᠬᠢᠨᠲᠠ ᠤᠬᠠᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ︽ᠬᠠᠮᠠᠭᠠᠯᠠᠯᠲᠠ ᠶᠢᠨ ᠲᠣᠤᠷ︾ ᠢ ᠦᠨᠡᠨ ᠬᠦ ᠪᠠᠲᠤ ᠪᠠᠬᠢ ᠪᠥᠭᠡᠳ ᠨᠢᠭᠲᠠ ᠰᠦᠯᠵᠢᠭᠰᠡᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号