ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠠᠤᠬᠠᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠪᠠᠷ ᠢᠷᠡᠪᠡ
ᠨᠡᠶᠢᠲᠡᠯᠡᠭᠰᠡᠨ ᠴᠠᠭ᠄
2023/3/20
 
   3 ᠰᠠᠷ᠎ᠠ ᠶᠢᠨ 17 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤ ᠰᠢ ᠬᠤᠸᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠢ ᠳᠠᠭᠠᠭᠤᠯᠤᠨ ᠠᠤᠬᠠᠨ ᠬᠤᠰᠢᠭᠤᠨ ᠳᠤ ᠢᠷᠡᠵᠦ ᠰᠢᠭᠦᠬᠦ ᠬᠤᠷᠢᠶᠠᠨ ᠤ ᠵᠠᠭᠠᠯᠳᠤᠯᠭ᠎ᠠ ᠶᠢᠨ ᠢᠷᠡᠯᠲᠡ ᠶᠢ ᠵᠠᠰᠠᠬᠤ ᠠᠵᠢᠯ ᠤᠨ ᠪᠠᠶᠢᠳᠠᠯ ᠢ ᠪᠠᠶᠢᠴᠠᠭᠠᠨ ᠰᠣᠳᠤᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠵᠠᠷᠭᠤ ᠶᠢᠨ ᠦᠢᠯᠡᠴᠢᠯᠡᠭᠡᠨ ᠤ ᠲᠥᠪ᠂ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠲᠥᠪ᠂ ᠠᠵᠤ ᠠᠬᠤᠶᠢᠯᠠᠯ ᠳᠤ ᠬᠤᠯᠪᠣᠭᠳᠠᠭᠰᠠᠨ ᠵᠢᠭᠤᠷᠠᠯᠳᠤᠭᠠᠨ ᠢ ᠡᠶᠡᠳᠡᠭᠦᠯᠬᠦ ᠲᠠᠰᠤᠭ᠂ ᠬᠥᠳᠡᠯᠮᠦᠷᠢ ᠶᠢᠨ ᠮᠠᠷᠭᠤᠯᠳᠤᠭᠠᠨ ᠤ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠲᠠᠰᠤᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠠᠮᠢᠶ᠎ᠠ ᠪᠥᠬᠦᠶ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠵᠠᠭᠠᠯᠳᠤᠯᠭ᠎ᠠ ᠶᠢᠨ ᠢᠷᠡᠯᠲᠡ ᠶᠢ ᠵᠠᠰᠠᠬᠤ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠶᠠᠷᠢᠯᠴᠠᠨ ᠰᠣᠯᠢᠯᠴᠠᠵᠤ᠂ ᠮᠠᠨ ᠤ ᠬᠤᠰᠢᠭᠤᠨ ᠤ ᠵᠠᠭᠠᠯᠳᠤᠯᠭ᠎ᠠ ᠶᠢᠨ ᠢᠷᠡᠯᠲᠡ ᠶᠢ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ᠂ ᠬᠢᠯᠠᠰ ᠴᠡᠭ ᠣᠨᠴᠠᠯᠢᠭ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠠᠵᠢᠯ ᠤᠨ ᠰᠠᠨᠠᠭᠤᠯᠭ᠎ᠠ ᠶᠢ ᠨᠠᠷᠢᠨ ᠣᠶᠢᠯᠠᠭᠠᠪᠠ᠃    ᠭᠤᠤ ᠰᠢ ᠬᠤᠸᠠ ᠠᠤᠬᠠᠨ ᠬᠤᠰᠢᠭᠤᠨ ᠤ ᠵᠠᠭᠠᠯᠳᠤᠯᠭ᠎ᠠ ᠶᠢᠨ ᠢᠷᠡᠯᠲᠡ ᠶᠢ ᠵᠠᠰᠠᠬᠤ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠠᠤᠬᠠᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠪᠣᠯᠤᠨ ᠡᠯ᠎ᠡ  ᠪᠠᠶᠢᠭᠤᠯᠭ᠎ᠠ ᠨᠢᠭᠡᠴᠡ ᠬᠤᠰᠢᠭᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠤᠷ᠎ᠠ᠂ ᠲᠣᠰ ᠪᠡᠶ᠎ᠡ ᠶᠢᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠥᠬᠦ ᠬᠤᠰᠢᠭᠤᠨ ᠤ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠠᠷᠠᠭᠠᠴᠢ ᠶᠢᠨ ᠠᠯᠬᠤᠮ ᠳᠤ᠂ ᠵᠠᠭᠠᠯᠳᠤᠯᠭ᠎ᠠ ᠶᠢᠨ ᠢᠷᠡᠯᠲᠡ ᠶᠢ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠥᠬᠦ ᠬᠤᠰᠢᠭᠤᠨ ᠤ ᠵᠠᠭᠠᠯᠳᠤᠯᠭ᠎ᠠ ᠶᠢᠨ ᠢᠷᠡᠯᠲᠡ ᠶᠢ ᠵᠠᠰᠠᠬᠤ ᠠᠵᠢᠯ ᠢ ᠰᠢᠨ᠎ᠡ ᠦᠷ᠎ᠡ ᠪᠦᠲᠦᠮᠵᠢ ᠲᠠᠢ ᠪᠣᠯᠭᠠᠨ᠎ᠠ᠃ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠲᠠᠬᠢᠨ ᠳᠡᠭᠡᠭᠰᠢᠯᠡᠭᠦᠯᠵᠦ᠂ ᠵᠠᠷᠭᠤ ᠶᠢᠨ ᠢᠷᠡᠯᠳᠡ ᠶᠢ ᠵᠠᠰᠠᠬᠤ ᠨᠢ ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠠᠤᠯᠢ ᠴᠠᠭᠠᠵᠠ ᠶᠢᠨ ᠲᠦᠷᠢᠮ ᠤᠨ ᠴᠢᠬᠤᠯᠠ ᠲᠠᠯ᠎ᠠ ᠪᠣᠯᠤᠭᠰᠠᠨ ᠤ ᠬᠤᠪᠢ ᠳᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠨᠡᠩ ᠥᠨᠳᠥᠷ ᠵᠣᠭᠰᠣᠴᠠ ᠪᠠᠷ ᠵᠠᠷᠭᠤ ᠶᠢᠨ ᠢᠷᠡᠯᠳᠡ ᠶᠢ ᠵᠠᠰᠠᠬᠤ ᠠᠵᠢᠯ ᠢ ᠲᠥᠰᠦᠪᠯᠡᠨ ᠠᠬᠢᠭᠤᠯᠬᠤ ᠬᠡᠷᠡᠭᠲᠡᠢ᠃ ᠬᠤᠶᠠᠷ ᠲᠤ᠂ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠪ ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭᠠᠳᠬᠠᠵᠤ᠂ ᠨᠡᠶᠢᠭᠡᠮ ᠤᠨ ᠲᠤᠷᠰᠢᠯᠭ᠎ᠠ ᠶᠢ ᠴᠢᠬᠤᠯᠠᠴᠢᠯᠠᠨ᠂ ᠵᠠᠭᠠᠯᠳᠤᠬᠤ ᠠᠴᠠ ᠡᠮᠦᠨᠡᠬᠢ ᠲᠤᠰᠬᠠᠶᠢᠵᠢᠭᠰᠠᠨ ᠡᠶᠡᠳᠡᠭᠦᠯᠭᠡ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠭᠤᠷᠪᠠ ᠳᠤ ᠂ ᠨᠡᠶᠢᠲᠡᠯᠢᠭ ᠵᠢᠱᠢᠶ᠎ᠡ ᠶᠢ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂ ᠵᠠᠷᠭᠤ ᠶᠢᠨ ᠢᠷᠡᠯᠳᠡ ᠶᠢ ᠵᠠᠰᠠᠬᠤ ᠨᠡᠶᠢᠲᠡᠯᠢᠭ ᠬᠡᠷᠡᠭ ᠢ ᠨᠠᠷᠢᠨ ᠬᠢᠨᠠᠮᠠᠭᠠᠶ ᠡᠮᠬᠢᠯᠡᠨ ᠲᠢᠭᠯᠡᠬᠦ ᠶᠢᠨ ᠬᠠᠮᠲᠤ ᠬᠤᠷᠢᠶᠠᠩᠭᠤᠶᠢᠯᠠᠨ ᠳ᠋ᠦᠩᠨᠡᠬᠦ ᠪᠠ ᠤᠬᠠᠭᠤᠯᠤᠨ ᠳᠡᠯᠭᠡᠷᠡᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ  ᠪᠠᠳᠠᠷᠠᠭᠤᠯᠬᠤ ᠬᠡᠷᠡᠭᠲᠡᠢ᠃ ᠲᠦᠷᠪᠡ ᠳᠤ᠂ ᠨᠢᠭᠲᠠ ᠬᠠᠮᠵᠢᠯᠴᠠᠵᠤ᠂ ᠡᠯ᠎ᠡ ᠨᠢᠭᠡᠴᠢ ᠨᠦᠭᠦᠳ ᠵᠠᠷᠭᠤ ᠶᠢᠨ ᠢᠷᠡᠯᠳᠡ ᠶᠢ ᠵᠠᠰᠠᠬᠤ ᠰᠢᠨ᠎ᠡ ᠲᠣᠭᠲᠠᠴᠠ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠵᠣᠬᠢᠴᠠᠭᠤᠯᠤᠨ ᠬᠤᠯᠪᠣᠯᠳᠤᠭᠤᠯᠬᠤ ᠶᠢ ᠴᠢᠩᠭᠠᠳᠬᠠᠵᠤ᠂ ᠡᠬᠢ ᠪᠠᠶᠠᠯᠢᠭ ᠤᠨ ᠳᠠᠪᠠᠭᠤᠯᠢᠭ ᠢ ᠡᠮᠬᠢᠯᠡᠨ ᠨᠡᠶᠢᠯᠡᠭᠦᠯᠵᠦ᠂ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠵᠠᠷᠭᠤ ᠶᠢᠨ ᠢᠷᠡᠯᠳᠡ ᠶᠢ ᠵᠠᠰᠠᠬᠤ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠶ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠧ ᠰᠢᠤ ᠯᠢ᠂ ᠳᠡᠳ᠋ ᠡᠷᠬᠢᠯᠡᠭᠴᠢ  ᠹᠧᠩ ᠶᠦᠨ ᠾᠦᠢ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠯᠢᠦ ᠳ᠋ᠡ ᠶᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠮᠢᠶ᠎ᠠ ᠪᠥᠬᠦᠶ ᠵᠥᠪᠯᠡᠯ ᠲᠠᠰᠤᠭ ᠤᠨ ᠬᠠᠷᠢᠭᠤᠴᠠᠯᠭᠠᠲᠠᠨ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号