| 3 ᠰᠠᠷ᠎ᠠ ᠶᠢᠨ 20 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠹᠦ᠋ ᠱᠸᠤ ᠯᠢ ᠨᠡᠷ | ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠱᠧᠩ ᠾᠧ᠂ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ | ᠰᠢᠶᠠ ᠯᠢ ᠮᠢᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠹᠦ᠋ ᠱᠸᠦ ᠯᠢ ᠨᠡᠷ ᠤᠷᠢᠳ ᠬᠤᠵᠢᠳ ᠰᠠᠯᠪᠤᠷᠢ ᠰᠢᠶᠠᠩ ᠤᠨ ᠰᠠᠯᠪᠤᠷᠢ ᠲᠣᠰᠬᠤᠨ ᠳᠤ ᠬᠦᠷᠴᠦ᠂ ᠥᠪᠥᠷ | ᠮᠣᠩᠭᠤᠯ ᠤᠨ ᠤᠯᠠᠭᠠᠨᠬᠠᠳᠠ ᠶᠢᠨ ᠪᠥᠸᠧ ᠶᠤᠸᠠᠨ ᠡᠭᠦᠯᠳᠡᠷ ᠤᠨ ᠦᠬᠡᠷ ᠦᠷᠡᠵᠢᠭᠦᠯᠦᠨ ᠪᠤᠶᠢᠵᠢᠭᠤᠯᠬᠤ ᠬᠢᠵᠠᠭᠠᠷᠲᠤ | ᠺᠣᠮᠫᠠᠨᠢ ᠶᠢᠨ ᠡᠭᠦᠯᠳᠡᠷ ᠤᠨ ᠦᠬᠡᠷ ᠰᠠᠶᠢᠵᠢᠷᠠᠭᠤᠯᠬᠤ ᠥᠷᠲᠡᠭᠡ᠂ ᠤᠯᠠᠭᠠᠨᠬᠠᠳᠠ ᠶᠢᠨ ᠵᠢᠯᠦ᠋ᠩ ᠠᠭᠤᠷᠬᠠᠶ ᠶᠢᠨ | ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠠᠤᠬᠠᠨ ᠬᠤᠰᠢᠭᠤᠨ ᠤ ᠾᠦᠢ ᠯᠦᠩ ᠬᠤᠯᠢᠮᠠᠭ ᠠᠮᠤ | ᠳᠠᠷᠢᠬᠤ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠥᠪᠥᠷ ᠮᠣᠩᠭᠤᠯ ᠤᠨ ᠢᠦᠶ ᠶᠠᠨ ᠲᠠᠩ ᠠᠮᠢᠳᠤ | ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠠᠤᠬᠠᠨ ᠬᠤᠰᠢᠭᠤᠨ ᠤ ᠲᠠᠷᠢᠶᠠᠯᠠᠩ ᠤᠨ | ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢᠨ ︵ᠪᠦᠯᠦᠭᠯᠡᠯ︶ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ | ᠬᠦᠶ ᠯᠢᠦ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤᠬᠠᠶ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠵᠦ ᠰᠢᠨᠵᠢᠯᠡᠨ ᠪᠠᠶᠢᠴᠠᠭᠠᠪᠠ᠃ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠲᠥᠷᠥᠯ ᠵᠦᠢᠯ ᠤᠨ ᠠᠵᠢᠯᠯᠠᠭᠠᠨ ᠤ ᠵᠠᠭᠪᠤᠷ᠂ | ᠬᠥᠭᠵᠢᠯᠲᠡ ᠶᠢᠨ ᠳᠠᠯᠳᠠ ᠬᠦᠴᠦᠨ᠂ ᠨᠡᠶᠢᠭᠡᠮ ᠤᠨ ᠠᠵᠤ ᠠᠬᠤᠶ ᠶᠢᠨ ᠦᠷ᠎ᠡ ᠠᠰᠢᠭ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢᠨ ᠲᠠᠯ᠎ᠠ ᠪᠠᠷ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ ᠹᠦ᠋ ᠱᠸᠤ ᠯᠢ ᠵᠢᠭᠠᠵᠤ | ᠭᠠᠷᠭᠠᠭᠰᠠᠨ ᠨᠢ᠂ ᠠᠤᠬᠠᠨ ᠬᠤᠰᠢᠭᠤ ᠥᠪᠡᠷ ᠤᠨ ᠥᠪᠡᠷᠮᠢᠴᠡ ᠭᠠᠵᠠᠷ ᠵᠦᠶ᠂ ᠠᠭᠤᠷ ᠠᠮᠢᠰᠬᠤᠯ ᠤᠨ | ᠨᠥᠬᠦᠴᠡᠯ ᠳᠡᠭᠡᠨ ᠲᠦᠰᠢᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠠᠪᠠᠭᠤᠯᠢᠭ ᠤᠨᠴᠠᠯᠢᠭᠳᠤ | ᠠᠵᠤ ᠦᠢᠯᠡᠰ ᠢ ᠬᠥᠭᠵᠢᠭᠦᠯᠵᠦ᠂ ᠠᠵᠤ ᠦᠢᠯᠡᠰᠵᠢᠭᠦᠯᠬᠦ᠂ ᠵᠠᠬ᠎ᠠ ᠳᠡᠯᠭᠡᠭᠦᠷᠴᠢᠯᠡᠬᠦ᠂ ᠪᠠᠷᠢᠮᠵᠢᠶᠠᠵᠢᠭᠤᠯᠬᠤ | ᠬᠥᠭᠵᠢᠯᠲᠡ ᠶᠢᠨ ᠵᠠᠷᠴᠢᠮ ᠢ ᠪᠠᠷᠢᠮᠲᠠᠯᠠᠵᠤ᠂ ᠣᠷᠣᠨ ᠪᠦᠰᠡ ᠶᠢᠨ ᠲᠥᠯᠥᠪᠵᠢᠭᠦᠯᠭᠡ ᠪᠠ ᠶᠡᠷᠦᠩᠬᠡᠶ | ᠪᠠᠶᠢᠷᠢᠰᠢᠭᠤᠯᠤᠯᠲᠠ ᠶᠢ ᠰᠠᠶᠢᠲᠤᠷ ᠬᠢᠵᠦ᠂ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠴᠢᠳᠠᠪᠤᠷᠢ ᠶᠢ | ᠴᠢᠩᠭᠠᠳᠬᠠᠨ᠂ ᠬᠥᠲᠥᠴᠢ ᠠᠵᠤ ᠠᠬᠤᠶᠢᠯᠠᠯ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠰᠠᠶᠢᠲᠤᠷ | ᠪᠠᠳᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ᠂ ᠶᠠᠰᠤ ᠴᠢᠨᠠᠷ ᠤᠨ ᠳᠡᠭᠡᠭᠰᠢᠯᠡᠯᠲᠡ ᠶᠢ | ᠠᠬᠢᠭᠤᠯᠵᠤ᠂ ᠵᠠᠰᠠᠭ ᠤᠨ ᠣᠷᠳᠣᠨ ᠴᠤ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ | ᠠᠵᠤ ᠦᠢᠯᠡᠰ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ | ᠠᠬᠤᠶ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ ᠪᠠ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠪᠡᠶᠡᠯᠡᠭᠦᠯᠬᠦ ᠬᠡᠷᠡᠭᠲᠡᠶ ᠭᠡᠪᠡ᠃ | ᠹᠦ᠋ ᠱᠸᠤ ᠯᠢ ᠢᠯᠡᠷᠬᠡᠶᠢᠯᠡᠬᠦ ᠳᠡᠭᠡᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ | ᠬᠤᠷᠳᠤᠴᠠ ᠶᠢ ᠲᠦᠷᠭᠡᠳᠬᠡᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠣᠷᠣᠯᠠᠭᠤᠯᠭ᠎ᠠ ᠶᠢᠨ | ᠠᠷᠭ᠎ᠠ ᠵᠠᠮ ᠢ ᠥᠷᠭᠡᠳᠬᠡᠵᠦ᠂ ᠦᠢᠯᠡᠳᠭᠦᠨ ᠢ ᠨᠠᠷᠢᠯᠢᠭ ᠪᠣᠯᠪᠠᠰᠤᠷᠠᠭᠤᠯᠵᠤ᠂ ᠦᠢᠯᠡᠳᠭᠦᠨ ᠤ ᠨᠡᠮᠡᠯᠲᠡ | ᠥᠷᠲᠡᠭ ᠢ ᠳᠡᠭᠡᠭᠰᠢᠯᠡᠭᠦᠯᠦᠨ᠂ ᠠᠵᠤ ᠦᠢᠯᠡᠰ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ | ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠠᠬᠢᠴᠠ ᠶᠢ ᠲᠦᠷᠭᠡᠳᠬᠡᠨ᠂ ᠴᠢᠨᠠᠷ ᠰᠠᠶᠢᠲᠠᠶ ᠥᠨᠳᠥᠷ | ᠪᠦᠲᠦᠮᠵᠢᠲᠡᠶ ᠬᠥᠭᠵᠢᠯᠲᠡ ᠶᠢ ᠪᠠᠷᠢᠮᠳᠠᠯᠠᠬᠤ ᠬᠡᠷᠡᠭᠲᠡᠢ᠃ ᠣᠨᠴᠠᠯᠢᠭ ᠢᠶᠠᠨ ᠳᠤᠪᠤᠶᠢᠯᠭᠠᠵᠤ᠂ ᠮᠠᠯ ᠠᠵᠤ ᠠᠬᠤᠢ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ᠂ ᠨᠠᠷᠢᠯᠢᠭ | ᠭᠦᠨᠵᠡᠭᠡᠢ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠭᠦᠨᠵᠡᠭᠡᠢ | ᠡᠳ᠋ᠰᠢᠭᠦᠯᠬᠦ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠤᠬᠠᠨ ᠤ | ᠮᠠᠯ ᠠᠵᠤ ᠠᠬᠤᠢ ᠲᠠᠷᠢᠶᠠᠯᠠᠩ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠴᠦ᠂ ᠠᠤᠬᠠᠨ | ᠬᠤᠰᠢᠭᠤᠨ ᠤ ᠮᠠᠯ ᠠᠵᠤ ᠠᠬᠤᠢ ᠲᠠᠷᠢᠶᠠᠯᠠᠩ ᠤᠨ ᠲᠦᠷᠭᠡᠨ ᠬᠤᠷᠳᠤᠨ᠂ ᠴᠢᠨᠠᠷ ᠰᠠᠶᠢᠲᠠᠢ ᠥᠷᠨᠢᠩᠭᠦᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | |