ᠪᠥᠬᠦ ᠬᠤᠰᠢᠭᠤᠨ ᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠴᠢᠶᠡᠯ ᠤᠨ ᠲᠠᠩᠬᠢᠮ︾ ᠤᠨ ᠲᠤᠰᠬᠠᠶ ᠰᠡᠳᠦᠪᠲᠦ ᠡᠭᠡᠯᠵᠢᠯᠡᠨ ᠪᠣᠯᠪᠠᠰᠤᠷᠠᠬᠤ ᠠᠩᠭᠢ ︵ᠨᠢᠭᠡᠳᠦᠭᠡᠷ ᠬᠤᠭᠤᠴᠠᠭ᠎ᠠ︶ ᠶᠢᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2023/3/22
   3 ᠰᠠᠷ᠎ᠠ ᠶᠢᠨ 20 ᠤ ᠡᠳᠦᠷ᠂ ᠪᠥᠬᠦ ᠬᠤᠰᠢᠭᠤᠨ ᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠴᠢᠶᠡᠯ ᠤᠨ ᠲᠠᠩᠬᠢᠮ︾ ᠤᠨ ᠪᠥᠬᠦ ᠬᠤᠰᠢᠭᠤᠨ ᠤ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ᠂ ᠤᠯᠤᠰ ᠲᠥᠷᠥ ᠶᠢᠨ ᠴᠢᠳᠠᠪᠤᠷᠢ ᠪᠠᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠬᠦ ᠲᠤᠰᠬᠠᠶ ᠰᠡᠳᠦᠪᠲᠦ ᠡᠭᠡᠯᠵᠢᠯᠡᠨ ᠪᠣᠯᠪᠠᠰᠤᠷᠠᠬᠤ ᠠᠩᠭᠢ ︵ᠨᠢᠭᠡᠳᠦᠭᠡᠷ ᠬᠤᠭᠤᠴᠠᠭ᠎ᠠ︶ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠬᠢᠴᠢᠶᠡᠯ ᠡᠬᠢᠯᠡᠵᠦ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠪᠠ ᠬᠤᠰᠢᠭᠤᠨ ᠤ ᠰᠢᠭᠤᠳ ᠬᠠᠷᠢᠶ᠎ᠠ ᠨᠢᠭᠡᠴᠡ ᠶᠢᠨ 190 ᠭᠠᠷᠤᠶ ᠰᠠᠯᠠᠭᠠᠨ ᠲᠠᠰ ᠤᠨ ᠤᠳᠤᠷᠢᠳᠬᠤ ᠺᠠᠳ᠋ᠷ ᠪᠣᠯᠪᠠᠰᠤᠷᠠᠯ ᠳᠤ ᠣᠷᠣᠯᠴᠠᠵᠠᠶ᠃    ᠪᠣᠯᠪᠠᠰᠤᠷᠠᠯ ᠤᠨ ᠠᠩᠭᠢ ᠲᠠᠪᠤᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠲᠤᠰᠬᠠᠶ ᠰᠡᠳᠦᠪᠲᠦ ᠲᠠᠶᠢᠯᠤᠮᠵᠢ ᠬᠢᠬᠦ᠂ ᠳᠤᠭᠤᠶᠢᠯᠠᠩ ᠬᠤᠪᠢᠶᠠᠨ ᠶᠠᠷᠢᠯᠴᠠᠬᠤ ᠵᠡᠷᠭᠡ ᠬᠡᠯᠪᠡᠷᠢ ᠪᠠᠷ ᠲᠥᠪᠯᠡᠷᠡᠭᠦᠯᠦᠨ ᠰᠤᠷᠤᠯᠴᠠᠵᠤ ᠪᠣᠯᠪᠠᠰᠤᠷᠠᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠳᠣᠭᠤᠰᠢᠯᠠᠭᠤᠯᠵᠤ᠂ ᠠᠵᠢᠯ ᠤᠨ ᠠᠷᠭ᠎ᠠ ᠶᠢ ᠰᠤᠷᠤᠯᠴᠠᠨ ᠠᠬᠢᠭᠤᠯᠵᠤ᠂ ᠮᠠᠨ ᠤ ᠬᠤᠰᠢᠭᠤᠨ ᠤ ᠤᠳᠤᠷᠢᠳᠬᠤ ᠺᠠᠳ᠋ᠷᠴᠤᠳ ᠤᠨ ᠲᠤᠰᠬᠠᠶ ᠮᠡᠷᠭᠡᠵᠢᠯ ᠤᠨ ᠪᠣᠯᠪᠠᠰᠤᠷᠠᠯ ᠪᠠ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ ᠲᠣᠬᠢᠶᠠᠯ ᠪᠠ ᠲᠠᠪᠴᠠᠩ ᠬᠠᠩᠭᠠᠭᠰᠠᠨ ᠪᠠᠶᠢᠨ᠎ᠠ᠃    ᠠᠩᠭᠢ ᠡᠬᠢᠯᠡᠬᠦ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠪᠣᠯᠪᠠᠰᠤᠷᠠᠯ ᠳᠤ ᠣᠷᠣᠯᠴᠠᠭᠰᠠᠨ ᠰᠠᠯᠠᠭᠠᠨ ᠳᠡᠰ ᠤᠨ ᠤᠳᠤᠷᠢᠳᠬᠤ ᠺᠠᠳ᠋ᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠲᠤᠰᠬᠠᠶ ᠰᠡᠳᠦᠪᠲᠦ ᠡᠭᠡᠯᠵᠢᠯᠡᠨ ᠪᠣᠯᠪᠠᠰᠤᠷᠠᠬᠤ ᠠᠩᠭᠢ ᠡᠷᠬᠢᠯᠡᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ᠃ ᠭᠠᠭᠴᠠ ᠬᠦ ᠪᠦᠬᠦ ᠲᠠᠯ᠎ᠠ ᠪᠠᠷ᠂ ᠰᠢᠰᠲ᠋ᠧᠮ ᠲᠠᠢ᠂ ᠭᠦᠨᠵᠡᠭᠡᠶ ᠰᠤᠷᠤᠯᠴᠠᠪᠠᠯ ᠰᠠᠶ᠋ᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ᠂ ᠵᠥᠪ ᠣᠨᠣᠪᠴᠢᠲᠠᠶ᠂ ᠪᠦᠬᠦ ᠲᠠᠯ᠎ᠠ ᠪᠠᠷ ᠣᠶᠢᠯᠠᠭᠠᠵᠤ ᠴᠢᠳᠠᠨ᠎ᠠ᠂ ᠭᠠᠭᠴᠠ ᠬᠦ ᠶᠠᠭᠤ ᠪᠣᠯᠬᠤ᠂ ᠶᠠᠭᠤ ᠬᠢᠬᠦ᠂ ᠶᠠᠭᠠᠬᠢᠵᠤ ᠬᠢᠬᠦ ᠶᠢ ᠴᠡᠭᠡᠵᠢᠨ ᠳᠡᠭᠡᠨ ᠪᠤᠳᠤᠮᠠᠨᠵᠢᠨ ᠰᠠᠶ᠋ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠡᠩ ᠰᠠᠶᠢᠲᠤᠷ ᠲᠦᠯᠬᠢᠨ ᠠᠬᠢᠭᠤᠯᠵᠤ ᠴᠢᠳᠠᠨ᠎ᠠ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ ᠪᠠᠷ ᠭᠤᠣᠯ ᠠᠭᠤᠯᠭ᠎ᠠ ᠪᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠭᠤᠣᠯ ᠰᠢᠵᠢᠮ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠭᠡᠯᠵᠢᠯᠡᠨ ᠪᠣᠯᠪᠠᠰᠤᠷᠠᠭᠤᠯᠬᠤ ᠡᠭᠦᠷᠭᠡ ᠶᠢ ᠨᠠᠷᠢᠨ ᠬᠢᠨᠠᠮᠠᠭᠠᠢ ᠪᠡᠶᠡᠯᠡᠭᠦᠯᠬᠦ ᠬᠡᠷᠡᠭᠲᠡᠢ ︔ ᠣᠨᠣᠯ ᠤᠨ ᠲᠠᠯ᠎ᠠ ᠪᠠᠷ ᠥᠪᠡᠷ ᠢᠶᠠᠨ ᠰᠤᠷᠤᠯᠴᠠᠬᠤ ᠶᠢ ᠴᠢᠩᠭᠠᠳᠬᠠᠵᠤ᠂ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ︽ᠰᠢ ᠶᠢᠨ ᠫᠢᠩ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠨᠢᠭᠡ ᠠᠴᠠ ᠳᠥᠷᠪᠡᠳᠦᠭᠡᠷ ᠪᠤᠳᠢ ᠵᠡᠷᠭᠡ ᠴᠢᠬᠤᠯᠠ ᠵᠣᠬᠢᠶᠠᠯ ᠪᠦᠲᠦᠭᠡᠯ ᠪᠣᠯᠤᠨ ᠨᠠᠮ ᠤᠨ ︽ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠠᠪᠰᠤᠷᠤᠨ ᠵᠢᠯᠣᠭᠤᠳᠬᠤ ᠤᠩᠰᠢᠬᠤ ᠪᠢᠴᠢᠭ︾ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠤᠷᠤᠯᠴᠠᠬᠤ ᠶᠢ ᠬᠠᠪᠰᠤᠷᠤᠨ ᠵᠢᠯᠣᠭᠤᠳᠬᠤ ᠵᠠᠭᠤᠨ ᠠᠰᠠᠭᠤᠯᠲᠠ︾ ︽ᠬᠤᠷᠢᠳᠤᠭᠠᠷ ᠶᠡᠭᠡ ᠬᠤᠷᠠᠯ ᠤᠨ ᠨᠠᠮ ᠤᠨ ᠳᠦᠷᠢᠮ ᠳᠤ ᠵᠠᠰᠠᠪᠤᠷᠢ ᠣᠷᠣᠭᠤᠯᠤᠭᠰᠠᠨ ᠲᠥᠰᠦᠯ ᠢ ᠰᠤᠷᠤᠯᠴᠠᠬᠤ ᠶᠢᠨ ᠠᠰᠠᠭᠤᠯᠲᠠ ᠬᠠᠷᠢᠭᠤᠯᠲᠠ︾ ᠵᠡᠷᠭᠡ ᠶᠢ ᠦᠭᠡ ᠦᠰᠦᠭ ᠳᠠᠷᠠᠭᠠᠯᠠᠨ ᠰᠤᠳᠤᠯᠤᠨ ᠤᠩᠰᠢᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ  ᠰᠤᠷᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ ᠪᠣᠯᠪᠠᠰᠤᠷᠠᠯ ᠤᠨ ᠬᠤᠭᠤᠴᠠᠭᠠᠨ ᠳᠤ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠣᠪᠣᠷ ᠢᠶᠠᠨ ᠲᠥᠪ ᠪᠣᠯᠭᠠᠵᠤ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠡᠯ᠎ᠡ  ᠵᠦᠢᠯ ᠤᠨ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠬᠠᠮᠢᠶᠠᠷᠤᠯᠲᠠ ᠪᠠ ᠵᠢᠯᠣᠭᠤᠳᠣᠯᠭ᠎ᠠ ᠶᠢ ᠳᠠᠭᠠᠵᠤ ᠪᠣᠯᠪᠠᠰᠤᠷᠠᠯ ᠳᠤ ᠣᠷᠣᠯᠴᠠᠭᠰᠠᠳ ᠤᠨ ᠰᠤᠷᠤᠯᠭ᠎ᠠ ᠳᠠᠭᠠᠨ ᠠᠮᠵᠢᠯᠲᠠ ᠲᠠᠢ᠂ ᠰᠤᠷᠤᠯᠭ᠎ᠠ ᠳᠠᠭᠠᠨ ᠣᠯᠤᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号