ᠤᠷᠤᠢ ᠶᠢᠨ ᠰᠦᠮ᠎ᠡ ᠰᠤᠮᠤ᠄ ᠬᠡᠷᠡᠭᠴᠡᠭᠡ ᠠᠴᠠ ᠪᠤᠯᠵᠤ ᠠᠷᠭ᠎ᠠ ᠪᠤᠳᠤᠯᠭ᠎ᠠ ᠶᠢᠨ ᠬᠡᠯᠬᠢᠶ᠎ᠡ ᠶᠢ ᠤᠷᠲᠤᠳᠬᠠᠨ   ᠠᠵᠤ ᠦᠢᠯᠡᠰ ᠢ ᠥᠷᠭᠡᠳᠬᠡᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2023/3/23
   ᠤᠢᠢᠷ᠎ᠠ ᠶᠢᠨ ᠡᠳᠦᠷ᠂ ᠤᠷᠤᠢ ᠶᠢᠨ ᠰᠦᠮ᠎ᠡ ᠰᠤᠮᠤ ᠶᠢᠨ ᠤᠯᠠᠭᠠᠨᠵᠠᠩᠬᠦ᠋ ᠭᠠᠴᠠᠭ᠎ᠠ ᠶᠢᠨ ᠬᠢᠨ ︽ᠺᠠᠳ᠋ᠷ ᠣᠯᠠᠨ ᠲᠦᠮᠡᠨ ᠲᠠᠢ ᠬᠤᠯᠪᠤᠯᠴᠠᠬᠤ︾  ᠠᠵᠢᠯᠯᠠᠭ᠎ᠠ ᠥᠷᠨᠢᠭᠦᠯᠬᠦ ᠶᠠᠪᠤᠴᠠ ᠳᠤ᠂ ᠬᠡᠰᠡᠭ ᠮᠠᠯᠴᠢᠨ ᠲᠠᠷᠢᠶᠠᠴᠢᠨ ᠤ  ᠢᠳᠡᠰᠢᠨ ᠬᠤᠨᠢ ᠶᠢ ᠪᠣᠷᠳᠣᠵᠤ ᠲᠠᠷᠭᠤᠯᠠᠭᠤᠯᠬᠤ ᠠᠵᠤ ᠦᠢᠯᠡᠰ ᠢ ᠬᠥᠭᠵᠢᠭᠦᠯᠬᠦ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠰᠣᠮᠤᠨ ᠤ ᠳᠠᠭᠠᠭᠠᠴᠢᠯᠠᠭᠰᠠᠨ ᠺᠠᠳ᠋ᠷ᠂ ᠭᠠᠴᠠᠭᠠᠨ ᠤ ᠬᠤᠶᠠᠷ ᠵᠥᠪᠯᠡᠯ ᠤᠨ ᠺᠠᠳ᠋ᠷ ᠪᠣᠯᠤᠨ ᠮᠠᠯᠴᠢᠨ ᠲᠠᠷᠢᠶᠠᠴᠢᠨ ᠡᠷᠦᠬᠡ ᠶᠢᠨ  ᠶᠠᠷᠢᠯᠴᠠᠭ᠎ᠠ ᠰᠣᠯᠢᠯᠴᠠᠭ᠎ᠠ ᠪᠠᠷ ᠳᠡᠮᠵᠢᠨ᠂ ᠭᠠᠴᠠᠭᠠᠨ ᠤ ᠠᠵᠤ  ᠦᠢᠯᠡᠰ ᠤᠨ ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠤᠨ᠂ ᠪᠣᠷᠳᠣᠵᠤ ᠲᠠᠷᠭᠤᠯᠠᠭᠤᠯᠬᠤ ᠬᠤᠨᠢᠨ ᠤ ᠠᠵᠤ  ᠦᠢᠯᠡᠰ ᠢ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠬᠤ ᠨᠢᠭᠡ  ᠵᠦᠢᠯ ᠤᠨ ᠴᠢᠬᠤᠯᠠ ᠠᠵᠤ  ᠦᠢᠯᠡᠰ ᠪᠣᠯᠭᠠᠨ ᠠᠳᠬᠤᠵᠤ᠂  ᠢᠳᠡᠰᠢᠨ ᠬᠤᠨᠢᠨ ᠤ ᠲᠡᠵᠢᠭᠡᠨ ᠦᠷᠡᠵᠢᠭᠦᠯᠬᠦ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠣᠷᠳᠣᠵᠤ ᠲᠠᠷᠭᠤᠯᠠᠭᠤᠯᠬᠤ ᠬᠤᠨᠢᠨ ᠤ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ᠂ ᠰᠢᠨᠵᠢᠯᠡᠨ ᠪᠠᠶᠢᠴᠠᠭᠠᠵᠤ ᠰᠤᠷᠤᠯᠴᠠᠬᠤ ᠶᠢ ᠴᠢᠩᠭᠠᠳᠬᠠᠨ᠂ ᠲᠡᠵᠢᠭᠡᠨ ᠦᠷᠡᠵᠢᠭᠦᠯᠬᠦ ᠡᠷᠦᠬᠡ ᠶᠢ ᠰᠢᠨᠵᠢᠯᠡᠬᠦ ᠤᠬᠠᠭᠠᠨᠴᠢ ᠪᠠᠷ ᠬᠥᠲᠥᠯᠦᠨ ᠵᠢᠯᠣᠭᠤᠳᠴᠤ ᠪᠠᠶᠢᠭᠠᠳ  ᠢᠳᠡᠰᠢᠨ ᠬᠤᠨᠢᠨ ᠤ ᠪᠣᠷᠳᠣᠵᠤ ᠲᠠᠷᠭᠤᠯᠠᠭᠤᠯᠬᠤ ᠠᠵᠤ  ᠦᠢᠯᠡᠰ ᠲᠤ ᠣᠷᠣᠯᠴᠠᠭᠤᠯᠬᠤ ᠪᠠᠷ ᠲᠣᠭᠲᠠᠪᠠ᠃    ᠮᠠᠯᠴᠢᠨ ᠲᠠᠷᠢᠶᠠᠴᠢᠨ ᠲᠦᠮᠡᠨ ᠤ ᠬᠤᠨᠢ ᠪᠣᠷᠳᠣᠵᠤ ᠲᠠᠷᠭᠤᠯᠠᠭᠤᠯᠬᠤ ᠠᠵᠤ ᠦᠢᠯᠡᠰ ᠤᠨ ᠲᠤᠬᠠᠶ ᠲᠠᠨᠢᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠤᠯᠠᠭᠠᠨᠵᠠᠩᠬᠦ᠋ ᠭᠠᠴᠠᠭᠠᠨ ᠤ ᠬᠤᠶᠠᠷ ᠵᠥᠪᠯᠡᠯ ᠤᠨ ᠺᠠᠳ᠋ᠷ ᠲᠡᠵᠢᠭᠡᠨ ᠦᠷᠡᠵᠢᠭᠦᠯᠬᠦ ᠡᠷᠦᠬᠡ ᠶᠢ ᠵᠣᠬᠢᠶᠠᠨ ᠪᠠᠶᠢᠭᠤᠯᠤᠨ ᠰᠤᠮᠤᠨ ᠤ  ᠢᠳᠡᠰᠢᠨ ᠬᠤᠨᠢ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠤᠨ ᠪᠣᠷᠳᠣᠵᠤ ᠲᠠᠷᠭᠤᠯᠠᠭᠤᠯᠬᠤ  ᠡᠭᠦᠯᠳᠡᠷ ᠰᠠᠶᠢᠵᠢᠷᠠᠭᠤᠯᠤᠭᠰᠠᠨ ᠡᠷᠦᠬᠡ ᠳᠤ ᠬᠦᠷᠴᠦ ᠲᠣᠭᠤᠷᠢᠨ ᠦᠵᠡᠭᠦᠯᠵᠦ ᠰᠤᠷᠤᠯᠴᠠᠭᠤᠯᠪᠠ᠃ ᠡᠯ᠎ᠡ ᠲᠡᠵᠢᠭᠡᠨ ᠦᠷᠡᠵᠢᠭᠦᠯᠬᠦ ᠡᠷᠦᠬᠡ ᠶᠢᠨ ᠬᠢᠨ ᠡᠭᠦᠯᠳᠡᠷ ᠰᠠᠶᠢᠵᠢᠷᠠᠭᠤᠯᠤᠭᠰᠠᠨ ᠲᠡᠵᠢᠭᠡᠨ ᠦᠷᠡᠵᠢᠭᠦᠯᠬᠦ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠨᠠᠷᠢᠨ ᠰᠣᠨᠣᠰᠴᠤ᠂ ᠡᠭᠦᠨ ᠤ ᠬᠠᠮᠲᠤ ᠡᠭᠦᠯᠳᠡᠷ ᠰᠠᠶᠢᠵᠢᠷᠠᠭᠤᠯᠬᠤ᠂ ᠲᠡᠵᠢᠭᠡᠯ ᠪᠣᠷᠳᠤᠭ᠎ᠠ ᠶᠢᠨ ᠬᠠᠷᠢᠴᠠᠯ᠂ ᠠᠷᠠᠴᠢᠯᠠᠬᠤ ᠠᠷᠭ᠎ᠠ᠂ ᠪᠣᠷᠳᠣᠵᠤ ᠲᠠᠷᠭᠤᠯᠠᠭᠤᠯᠬᠤ ᠥᠪᠡᠷ ᠤᠨ ᠦᠷᠲᠡᠭ᠂ ᠲᠡᠵᠢᠭᠡᠨ ᠦᠷᠡᠵᠢᠭᠦᠯᠦᠭᠰᠡᠨ ᠤ ᠠᠰᠢᠭ ᠣᠷᠣᠯᠭ᠎ᠠ ᠵᠡᠷᠭᠡ ᠲᠠᠯ᠎ᠠ ᠪᠠᠷ ᠭᠦᠨᠵᠡᠭᠡᠶ ᠣᠶᠢᠯᠠᠭᠠᠵᠤ ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠪᠠ ᠭᠦᠨᠵᠡᠭᠡᠶ ᠰᠣᠯᠢᠯᠴᠠᠬᠤ ᠪᠠᠷ ᠳᠠᠮᠵᠢᠨ᠂ ᠣᠯᠠᠨ ᠢᠶᠠᠷ ᠢᠶᠠᠨ ᠲᠡᠷᠢᠭᠦᠨ ᠤ ᠲᠡᠵᠢᠭᠡᠨ ᠦᠷᠡᠵᠢᠭᠦᠯᠬᠦ ᠲᠤᠷᠰᠢᠯᠭ᠎ᠠ ᠶᠢ ᠰᠤᠷᠤᠯᠴᠠᠵᠤ᠂  ᠢᠳᠡᠰᠢᠨ ᠬᠤᠨᠢ ᠶᠢ ᠪᠣᠷᠳᠣᠵᠤ ᠲᠠᠷᠭᠤᠯᠠᠭᠤᠯᠬᠤ ᠲᠡᠵᠢᠭᠡᠨ ᠦᠷᠡᠵᠢᠭᠦᠯᠬᠦ ᠮᠡᠷᠭᠡᠵᠢᠯ ᠢ ᠡᠵᠡᠮᠰᠢᠵᠦ᠂ ᠪᠣᠷᠳᠣᠵᠤ ᠲᠠᠷᠭᠤᠯᠠᠭᠤᠯᠬᠤ ᠬᠤᠨᠢᠨ ᠤ ᠠᠵᠤ ᠦᠢᠯᠡᠰ ᠢ ᠬᠥᠭᠵᠢᠭᠦᠯᠬᠦ ᠢᠲᠡᠭᠡᠯ ᠢ ᠤᠯᠠᠮ ᠨᠢᠭᠡ ᠠᠯᠬᠤᠮ ᠨᠡᠮᠡᠭᠳᠡᠭᠦᠯᠵᠡᠶ᠃    ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠪᠠ ᠵᠠᠩᠭᠢᠯᠠᠭ᠎ᠠ ᠪᠣᠯᠤᠨ᠎ᠠ᠃ ᠤᠷᠤᠢ ᠶᠢᠨ ᠰᠦᠮ᠎ᠡ ᠰᠤᠮᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠠᠪᠤᠴᠠ ᠳᠤ᠂ ᠠᠵᠤ ᠦᠢᠯᠡᠰ ᠤᠨ ᠬᠥᠭᠵᠢᠯᠲᠡ ᠶᠢᠨ ᠵᠠᠩᠭᠢᠯᠠᠭ᠎ᠠ ᠶᠢ ᠴᠢᠩᠭ᠎ᠠ ᠠᠳᠬᠤᠵᠤ᠂ ᠮᠠᠯ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠬᠥᠭᠵᠢᠯᠲᠡ ᠶᠢᠨ ᠬᠡᠷᠡᠭᠴᠡᠭᠡ ᠠᠴᠠ ᠡᠭᠦᠰᠴᠦ᠂  ᠬᠡᠯᠬᠢᠶ᠎ᠡ  ᠶᠢ ᠨᠥᠬᠦᠪᠥᠷᠢᠯᠡᠬᠦ᠂  ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ  ᠶᠢ ᠴᠢᠩᠭᠠᠳᠬᠠᠬᠤ ᠲᠠᠯ᠎ᠠ ᠪᠠᠷ ᠬᠦᠴᠦ ᠣᠷᠣᠭᠤᠯᠵᠤ ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠬᠥᠳᠡᠯᠭᠡᠭᠦᠷ ᠢ ᠴᠢᠷᠮᠠᠶᠢᠨ ᠴᠣᠭᠴᠠᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号