ᠠᠤᠬᠠᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ  ᠢ ᠬᠥᠮᠦᠵᠢᠭᠦᠯᠬᠦ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2023/3/23
   3 ᠰᠠᠷ᠎ᠠ ᠶᠢᠨ 21 ᠤ ᠡᠳᠦᠷ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠲᠡᠳᠬᠦᠬᠦ ᠪᠠᠯᠠ ᠮᠥᠩᠭᠦ ᠶᠢ ᠠᠰᠢᠭᠯᠠᠨ ᠠᠤᠬᠠᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠬᠥᠮᠦᠵᠢᠭᠦᠯᠬᠦ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠵᠤ  ᠡᠬᠢᠯᠡᠪᠡ᠃ ᠪᠥᠬᠦ ᠬᠤᠰᠢᠭᠤᠨ ᠤ 16 ᠰᠢᠶᠠᠩ ᠪᠠᠯᠭᠠᠰᠤ ᠰᠤᠮᠤ ᠠᠴᠠ ᠢᠷᠡᠭᠰᠡᠨ ᠬᠥᠳᠡᠭᠡ ᠲᠣᠰᠬᠤᠨ ᠤ ᠪᠠᠶᠠᠵᠢᠯ ᠤᠨ ᠳᠠᠭᠠᠭᠤᠯᠤᠭᠴᠢ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ᠂ ᠶᠠᠳᠠᠭᠤ ᠠᠴᠠ ᠠᠩᠭᠢᠵᠢᠷᠠᠭᠤᠯᠬᠤ ᠡᠷᠦᠬᠡ ᠬᠢᠭᠡᠳ ᠬᠢᠨᠠᠨ ᠰᠢᠯᠭᠠᠬᠤ ᠡᠷᠦᠬᠡ᠂ ᠮᠠᠯᠴᠢᠨ ᠲᠠᠷᠢᠶᠠᠴᠢᠨ ᠤ ᠬᠤᠷᠰᠢᠶ᠎ᠠ᠂ ᠨᠤᠲᠤᠭ ᠲᠠᠭᠠᠨ ᠪᠤᠴᠠᠵᠤ ᠦᠢᠯᠡᠰ ᠴᠣᠭᠴᠠᠯᠠᠭᠴᠢ ᠵᠡᠷᠭᠡ 100 ᠭᠠᠷᠤᠶ ᠬᠥᠮᠦᠨ ᠣᠷᠣᠯᠴᠠᠵᠠᠶ᠃    ᠲᠣᠰ ᠤᠳᠠᠭᠠᠨ ᠤ  ᠪᠣᠯᠪᠠᠰᠤᠷᠠᠯ ᠢ ᠳᠠᠷᠢᠬᠤ᠂ ᠲᠡᠵᠢᠭᠡᠨ ᠦᠷᠡᠵᠢᠭᠦᠯᠬᠦ 2 ᠠᠩᠭᠢ ᠬᠤᠪᠢᠶᠠᠵᠤ᠂ 5 ᠡᠳᠦᠷ ᠤᠨ ᠬᠤᠭᠤᠴᠠᠭ᠎ᠠ ᠲᠠᠢ ᠲᠥᠪᠯᠡᠷᠡᠭᠦᠯᠦᠨ  ᠪᠣᠯᠪᠠᠰᠤᠷᠠᠭᠤᠯᠪᠠ᠃  ᠪᠣᠯᠪᠠᠰᠤᠷᠠᠯ ᠢ ᠲᠥᠪᠯᠡᠷᠡᠭᠦᠯᠦᠨ ᠬᠢᠴᠢᠶᠡᠯᠯᠡᠬᠦ᠂ ᠬᠤᠰᠢᠭᠤᠨ ᠤ ᠭᠠᠳᠠᠨ᠎ᠠ ᠲᠣᠭᠤᠷᠢᠨ ᠦᠵᠡᠵᠦ ᠵᠢᠭᠠᠨ ᠰᠤᠷᠭᠠᠬᠤ᠂ ᠲᠥᠪᠯᠡᠷᠡᠭᠦᠯᠦᠨ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠦᠷᠨᠢᠭᠦᠯᠪᠡ᠃ ᠪᠣᠯᠪᠠᠰᠤᠷᠠᠯ ᠢᠶᠠᠷ ᠳᠡᠮᠵᠢᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢ ᠰᠢᠰᠲ᠋ᠧᠮ ᠲᠠᠢ ᠳᠠᠮᠵᠢᠭᠤᠯᠵᠤ᠂ ᠬᠡᠷᠡᠭᠴᠡᠭᠡ ᠶᠣᠰᠣᠭᠠᠷ ᠬᠤᠷᠠᠯ ᠳᠤ ᠣᠷᠣᠯᠴᠠᠭᠰᠠᠨ ᠰᠤᠷᠤᠭᠴᠢᠳ ᠲᠤ ᠲᠡᠷᠢᠭᠦᠨ ᠤ ᠳᠠᠷᠢᠵᠤ ᠲᠡᠵᠢᠭᠡᠬᠦ ᠮᠡᠳᠡᠯᠭᠡ ᠪᠠ ᠤᠷ᠎ᠠ ᠴᠢᠳᠠᠪᠤᠷᠢ ᠶᠢ ᠳᠠᠮᠵᠢᠭᠤᠯᠵᠤ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠦᠵᠡᠯ ᠰᠠᠨᠠᠭᠠᠨ ᠤ ᠬᠢᠷᠢ ᠲᠦᠪᠰᠢᠨ ᠪᠠ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠵᠢᠱᠢᠶ᠎ᠡ ᠦᠵᠡᠭᠦᠯᠦᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠣᠶᠤᠨ ᠤ ᠳᠡᠮᠵᠢᠯᠭᠡ ᠪᠠ ᠳᠣᠲᠣᠭᠠᠳᠤ ᠬᠥᠳᠡᠯᠭᠡᠬᠦ ᠬᠦᠴᠦᠨ ᠢ ᠨᠡᠮᠡᠷᠢᠯᠡᠭᠰᠡᠨ ᠪᠠᠶᠢᠨ᠎ᠠ᠃  
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号