ᠠᠤᠬᠠᠨ ᠬᠤᠰᠢᠭᠤ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠬᠦᠷᠦᠭᠰᠡᠳ ᠤᠨ ᠨᠠᠪᠴᠢᠨ ᠲᠠᠮᠠᠬᠢ ᠶᠢᠨ ᠳᠡᠯᠭᠡᠷᠡᠯ ᠢ ᠬᠢᠨᠠᠨ ᠬᠡᠮᠵᠢᠵᠦ ᠳᠠᠬᠢᠨ ᠬᠢᠨᠠᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/3/23
   2022 ᠣᠨ ᠤ ᠳᠤᠮᠳᠠᠳᠤ ᠤᠯᠤᠰ ᠤᠨ ᠨᠠᠰᠤᠨ ᠳᠤ ᠭᠦᠷᠦᠭᠰᠡᠳ ᠤᠨ ᠨᠠᠪᠴᠢᠨ ᠲᠠᠮᠠᠬᠢ ᠶᠢᠨ ᠳᠡᠯᠭᠡᠷᠡᠯᠲᠡ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ 2022 ᠣᠨ ᠤ ᠲᠥᠷᠥᠯ  ᠵᠦᠢᠯ ᠤᠨ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ 3 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠮᠠᠨ ᠤ ᠬᠤᠰᠢᠭᠤᠨ ᠳᠤ ᠢᠷᠡᠵᠦ ᠲᠥᠷᠥᠯ  ᠵᠦᠢᠯ  ᠤᠨ ᠠᠰᠠᠭᠤᠯᠲᠠ ᠶᠢᠨ ᠬᠠᠭᠤᠳᠠᠰᠤ ᠶᠢ ᠳᠠᠬᠢᠨ ᠬᠢᠨᠠᠵᠤ᠂ 2022 ᠣᠨ ᠤ ᠳᠤᠮᠳᠠᠳᠤ ᠤᠯᠤᠰ ᠤᠨ ᠨᠠᠰᠤᠨ ᠳᠤ ᠭᠦᠷᠦᠭᠰᠡᠳ ᠤᠨ ᠨᠠᠪᠴᠢᠨ ᠲᠠᠮᠠᠬᠢ ᠶᠢᠨ ᠳᠡᠯᠭᠡᠷᠡᠯᠲᠡ ᠶᠢ ᠬᠢᠨᠠᠨ ᠬᠡᠮᠵᠢᠬᠦ ᠠᠵᠢᠯ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠶᠠᠰᠤ ᠴᠢᠨᠠᠷ ᠢ  ᠡᠵᠡᠮᠳᠡᠪᠡ᠃   ᠶᠢᠨ ᠴᠠᠩ ᠭᠧᠤ ᠯᠢᠶᠠᠩ ᠪᠠᠯᠭᠠᠰᠤ᠂ ᠪᠠᠶᠢᠰᠡ ᠶᠢᠨ ᠬᠤᠷᠢᠶ᠎ᠠ ᠪᠠᠯᠭᠠᠰᠤ᠂ ᠰᠢᠨ ᠵᠧᠤ ᠵᠡᠭᠡᠯᠢ ᠭᠤᠳᠤᠮᠵᠢ ᠶᠢᠨ ᠠᠯᠪᠠᠨ ᠬᠡᠷ ᠵᠡᠷᠭᠡ ᠭᠤᠷᠪᠠᠨ ᠬᠢᠨᠠᠨ ᠬᠡᠮᠵᠢᠬᠦ ᠰᠢᠶᠠᠩ ᠪᠠᠯᠭᠠᠰᠤᠨ ᠤ ᠵᠡᠭᠡᠯᠢ ᠭᠤᠳᠤᠮᠵᠢ ᠶᠢᠨ 6 ᠪᠠᠶᠢᠴᠠᠭᠠᠨ ᠬᠡᠮᠵᠢᠬᠦ ᠴᠡᠭ ᠤᠨ ᠡᠷᠦᠬᠡ ᠳᠤ ᠬᠦᠷᠴᠦ ᠪᠠᠶᠢᠴᠠᠭᠠᠬᠤ ᠠᠵᠢᠯᠲᠠᠨ ᠲᠤᠬᠠᠶ ᠶᠢᠨ ᠲᠠᠯᠠᠪᠤᠷ ᠲᠤ ᠬᠦᠷᠴᠦ ᠳᠠᠬᠢᠨ ᠬᠢᠨᠠᠬᠤ ᠠᠵᠢᠯ ᠢ ᠬᠠᠮᠵᠢᠨ ᠪᠡᠶᠡᠯᠡᠭᠦᠯᠵᠡᠶ᠃    ᠲᠤᠬᠠᠶ ᠶᠢᠨ ᠲᠠᠯᠠᠪᠤᠷ ᠲᠤ ᠮᠠᠲ᠋ᠧᠷᠢᠶᠠᠯ ᠪᠠᠶᠢᠴᠠᠭᠠᠨ ᠦᠵᠡᠬᠦ᠂ ᠤᠲᠠᠰᠤ ᠪᠠᠷ ᠬᠠᠷᠢᠭᠤ ᠰᠤᠷᠪᠤᠯᠵᠢᠯᠠᠬᠤ᠂ ᠠᠰᠠᠭᠤᠯᠲᠠ ᠶᠢᠨ ᠬᠠᠭᠤᠳᠠᠰᠤ ᠪᠢᠴᠢᠵᠦ ᠣᠷᠣᠭᠤᠯᠬᠤ ᠶᠢ ᠬᠠᠷᠢᠴᠠᠭᠤᠯᠬᠤ ᠠᠷᠭ᠎ᠠ ᠶᠢ ᠠᠪᠴᠤ᠂ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠮᠠᠨ ᠤ ᠬᠤᠰᠢᠭᠤᠨ ᠤ ᠬᠢᠨᠠᠨ ᠬᠡᠮᠵᠢᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ᠂ ᠪᠣᠳᠠᠲᠠᠶ ᠦᠷ᠎ᠡ ᠪᠦᠲᠦᠮᠵᠢ᠂ ᠦᠨᠡᠨ ᠪᠣᠳᠠᠲᠤ ᠴᠢᠨᠠᠷ ᠢ ᠳᠠᠬᠢᠨ ᠬᠢᠨᠠᠬᠤ ᠶᠢᠨ ᠬᠠᠮᠲᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ᠂ ᠠᠰᠠᠭᠤᠳᠠᠯ ᠢ ᠰᠢᠢᠳᠪᠦᠷᠢᠯᠡᠬᠦ ᠰᠠᠨᠠᠯ ᠰᠠᠨᠠᠭᠤᠯᠭ᠎ᠠ  ᠳᠤᠷᠠᠳᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号