| ᠬᠠᠪᠤᠷ ᠤᠨ ᠡᠬᠢ ᠪᠠᠷ᠂ ᠠᠤᠬᠠᠨ ᠬᠤᠰᠢᠭᠤᠨ ᠤ ᠤᠰᠤᠨ ᠴᠥᠭᠦᠷᠥᠮ ᠤᠨ ᠤᠰᠤᠯᠠᠯᠲᠠ ᠶᠢᠨ ᠣᠷᠣᠨ ᠤ | ᠬᠠᠮᠢᠶᠠᠷᠤᠨ ᠬᠠᠮᠠᠭᠠᠯᠠᠬᠤ ᠲᠥᠪ ᠤᠨ ᠠᠵᠢᠯᠲᠠᠳ ᠡᠨᠡ ᠵᠢᠯ ᠤᠨ ᠬᠠᠪᠤᠷ ᠤᠨ ᠤᠰᠤᠯᠠᠯᠲᠠ ᠶᠢᠨ ᠭᠠᠵᠠᠷ ᠤᠨ ᠡᠯ᠎ᠡ | ᠵᠦᠢᠯ ᠤᠨ ᠠᠵᠢᠯ ᠢ ᠡᠷᠲᠡ ᠠᠴᠠ ᠡᠬᠢᠯᠡᠨ ᠬᠢᠵᠦ ᠪᠠᠶᠢᠨ᠎ᠠ᠃ ᠬᠥᠮᠦᠰ ᠢ ᠵᠣᠬᠢᠶᠠᠨ ᠪᠠᠶᠢᠭᠤᠯᠤᠨ ᠵᠠᠮ ᠰᠤᠪᠠᠭ ᠢ | ᠴᠡᠪᠡᠷᠯᠡᠨ ᠨᠡᠪᠲᠡᠷᠡᠭᠦᠯᠵᠦ᠂ ᠪᠣᠶ ᠪᠥᠬᠦᠶ ᠪᠠᠷᠢᠯᠭ᠎ᠠ ᠶᠢᠨ ᠲᠥᠬᠦᠭᠡᠷᠦᠮᠵᠢ ᠶᠢ ᠪᠠᠶᠢᠴᠠᠭᠠᠨ ᠵᠠᠰᠠᠵᠤ᠂ ᠤᠰᠤ | ᠳᠠᠮᠵᠢᠭᠤᠯᠬᠤ ᠠᠯᠪᠠᠨ ᠵᠠᠷ᠂ ᠰᠡᠷᠡᠮᠵᠢᠯᠡᠭᠦᠯᠬᠦ ᠤᠷᠢᠶ᠎ᠠ ᠵᠡᠷᠭᠡ ᠶᠢ ᠨᠠᠭᠠᠨ ᠲᠠᠷᠬᠠᠭᠠᠪᠠ᠃ | ᠡᠨᠡ ᠵᠢᠯ ᠤᠨ ᠬᠠᠪᠤᠷ ᠤᠨ ᠤᠰᠤᠯᠠᠯᠲᠠ ᠨᠢ ᠱᠠᠨ ᠸᠠᠨ ᠽᠢ ᠤᠰᠤᠨ ᠴᠥᠭᠦᠷᠥᠮ᠂ ᠤᠯᠠᠭᠠᠬᠤᠰᠤ ᠤᠰᠤᠨ | ᠴᠥᠭᠦᠷᠥᠮ᠂ ᠴᠢᠩ ᠱᠠᠨ ᠤᠰᠤᠨ ᠴᠥᠭᠦᠷᠥᠮ ᠵᠡᠷᠭᠡ ᠭᠤᠷᠪᠠᠨ ᠭᠠᠵᠠᠷ ᠤᠨ ᠤᠰᠤᠨ ᠰᠤᠷᠪᠤᠯᠵᠢ ᠶᠢᠨ | ᠢᠨᠵᠧᠨᠧᠷᠢᠩ ᠤᠨ ᠤᠰᠤᠨ ᠤ ᠬᠠᠩᠭᠠᠯᠭ᠎ᠠ ᠶᠢᠨ ᠶᠡᠷᠦᠩᠬᠡᠶ ᠬᠡᠮᠵᠢᠶ᠎ᠡ 1000 ᠲᠦᠮᠡᠨ ᠪᠣᠰᠤᠭ᠎ᠠ ᠳᠥᠷᠪᠡᠯᠵᠢᠨ | ᠮᠧᠲᠷ ᠪᠠᠶᠢᠵᠤ᠂ 4 ᠲᠦᠮᠡᠨ ᠮᠥ ᠬᠠᠪᠤᠷ ᠤᠨ ᠤᠰᠤᠯᠠᠯᠲᠠ ᠶᠢᠨ ᠲᠠᠯᠠᠪᠠᠶ ᠶᠢ ᠪᠡᠶᠡᠯᠡᠭᠦᠯᠬᠦ ᠪᠠᠷ ᠲᠥᠯᠥᠪᠯᠡᠵᠦ᠂ | ᠪᠥᠬᠦ ᠬᠤᠰᠢᠭᠤᠨ ᠤ ᠲᠠᠷᠢᠶᠠᠯᠠᠩ ᠤᠨ ᠡᠯᠪᠡᠭ ᠬᠤᠷᠢᠶᠠᠯᠲᠠ ᠳᠤ ᠪᠠᠲᠤ ᠪᠠᠬᠢ ᠤᠰᠤᠨ ᠠᠰᠢᠭᠯᠠᠯᠲᠠ ᠶᠢᠨ | ᠲᠤᠯᠭᠠᠭᠤᠷᠢᠯᠠᠯ ᠬᠠᠩᠭᠠᠵᠤ ᠪᠠᠶᠢᠨ᠎ᠠ᠃ | ᠣᠶᠢᠷ᠎ᠠ ᠳᠤ᠂ ᠠᠤᠬᠠᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠤᠰᠤᠨ ᠴᠥᠭᠦᠷᠥᠮ ᠤᠨ | ᠤᠰᠤᠯᠠᠯᠲᠠ ᠶᠢᠨ ᠣᠷᠣᠨ ᠤ ᠬᠠᠮᠢᠶᠠᠷᠴᠤ ᠬᠠᠮᠠᠭᠠᠯᠠᠬᠤ ᠲᠥᠪ ᠵᠢᠴᠢ ᠬᠤᠯᠪᠣᠭᠳᠠᠯ ᠪᠥᠬᠦᠶ ᠰᠢᠶᠠᠩ ᠪᠠᠯᠭᠠᠰᠤ ᠨᠢ | ᠤᠰᠤ ᠰᠠᠯᠭᠠᠬᠤ ᠬᠤᠷᠠᠯ ᠬᠤᠷᠠᠯᠳᠤᠭᠤᠯᠵᠤ᠂ ᠬᠠᠪᠤᠷ ᠤᠨ ᠤᠰᠤᠯᠠᠯᠲᠠ ᠶᠢᠨ ᠭᠠᠵᠠᠷ ᠤᠨ ᠲᠠᠯᠠᠪᠠᠶ᠂ ᠤᠰᠤ | ᠬᠠᠩᠭᠠᠬᠤ ᠴᠠᠭ ᠪᠣᠯᠤᠨ ᠤᠰᠤ ᠳᠠᠮᠵᠢᠭᠤᠯᠬᠤ ᠵᠠᠮ ᠱᠤᠭᠤᠮ᠂ ᠤᠰᠤ ᠳᠠᠮᠵᠢᠭᠤᠯᠬᠤ ᠠᠮᠤᠷ ᠲᠦᠪᠰᠢᠨ ᠵᠡᠷᠭᠡ | ᠠᠵᠢᠯ ᠢ ᠳᠠᠬᠢᠨᠲᠠ ᠳᠣᠭᠢᠷᠠᠭᠤᠯᠤᠨ ᠪᠠᠶᠢᠷᠢᠯᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠳᠠᠯᠠᠬᠤ ᠶᠢ | ᠴᠢᠬᠤᠯᠠᠴᠢᠯᠠᠵᠤ᠂ ᠲᠣᠭᠤᠷᠢᠨ ᠪᠠᠶᠢᠴᠠᠭᠠᠵᠤ ᠠᠵᠢᠭᠯᠠᠨ ᠬᠡᠮᠵᠢᠬᠦ ᠶᠢ ᠴᠢᠩᠭᠠᠳᠬᠠᠵᠤ᠂ ᠢᠳᠡᠪᠬᠢᠲᠡᠶ ᠪᠠᠷ | ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠠᠪᠤᠷ ᠤᠨ ᠤᠰᠤ ᠬᠡᠷᠡᠭᠯᠡᠬᠦ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | |