ᠠᠤᠬᠠᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ  ᠵᠦᠢᠯ ᠤᠨ ᠭᠠᠵᠠᠷ ᠰᠣᠩᠭᠤᠬᠤ ᠠᠵᠢᠯ ᠳᠠᠭᠤᠰᠪᠠ
ᠨᠡᠶᠢᠲᠡᠯᠡᠭᠰᠡᠨ ᠴᠠᠭ᠄
2023/3/23
   ᠲᠦᠷᠦᠯ ᠵᠦᠢᠯ ᠢ 2023 ᠣᠨ ᠤ 12 ᠰᠠᠷ᠎ᠠ ᠶᠢᠨ 31 ᠤ ᠡᠳᠦᠷ ᠪᠦᠬᠦ ᠪᠠᠭᠲᠠᠭᠠᠮᠵᠢ ᠪᠠᠷ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠢ᠃ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠰᠢᠨ᠎ᠡ ᠡᠨᠧᠷᠭᠢ ᠶᠢᠨ ᠵᠢᠯ ᠤᠨ ᠴᠠᠬᠢᠯᠭᠠᠨ ᠬᠠᠩᠭᠠᠬᠤ ᠬᠡᠮᠵᠢᠶ᠎ᠡ ᠨᠢ 3.096 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢᠨ ᠴᠠᠬᠢᠯᠭᠠᠨ ᠬᠠᠩᠭᠠᠬᠤ ᠬᠠᠷᠢᠴᠠᠯ ᠨᠢ 53.16% ᠪᠣᠯᠤᠨ᠎ᠠ᠃    ᠣᠲᠣ ᠪᠣᠯᠲᠠᠯ᠎ᠠ᠂ ᠲᠥᠷᠥᠯ  ᠵᠦᠢᠯ ᠤᠨ ᠭᠠᠵᠠᠷ ᠰᠣᠩᠭᠤᠬᠤ ᠪᠠ ᠲᠣᠭᠲᠠᠪᠤᠷᠢᠵᠢᠭᠤᠯᠤᠨ ᠦᠨᠡᠯᠡᠬᠦ ᠭᠠᠷᠳᠠᠮ ᠢ ᠨᠢᠭᠡᠨᠲᠡ ᠭᠦᠢᠴᠡᠳᠭᠡᠵᠦ᠂ ᠭᠠᠵᠠᠷ ᠰᠢᠷᠣᠶ ᠶᠢᠨ ᠤᠷᠢᠳᠴᠢᠯᠠᠨ ᠬᠢᠨᠠᠬᠤ ᠭᠠᠷᠳᠠᠮ ᠢ ᠶᠠᠭ  ᠭᠦᠢᠴᠡᠳᠭᠡᠵᠦ ᠪᠠᠶᠢᠨ᠎ᠠ᠃    ᠪᠣᠬᠢᠷᠲᠤᠯ ᠦᠭᠡᠶ ᠴᠠᠬᠢᠯᠭᠠᠨ ᠬᠠᠩᠭᠠᠬᠤ ᠲᠥᠷᠥᠯ ᠵᠦᠢᠯ ᠢ ᠣᠷᠣᠭᠤᠯᠤᠨ ᠠᠪᠴᠢᠷᠠᠭᠰᠠᠨ ᠨᠢ ᠠᠤᠬᠠᠨ ᠬᠤᠰᠢᠭᠤᠨ ᠤ ᠰᠢᠨ᠎ᠡ ᠡᠨᠧᠷᠭᠢ ᠶᠢᠨ ᠬᠡᠷᠡᠭᠯᠡᠭᠡᠨ ᠤ ᠰᠢᠨ᠎ᠡ ᠪᠠᠶᠢᠳᠠᠯ ᠢ ᠡᠭᠦᠳᠴᠦ᠂ ᠠᠵᠤ  ᠦᠢᠯᠡᠰ  ᠤᠨ ᠬᠥᠭᠵᠢᠯᠲᠡ ᠪᠠᠷ ᠰᠢᠨ᠎ᠡ ᠡᠨᠧᠷᠭᠢ ᠶᠢᠨ ᠬᠥᠭᠵᠢᠯᠲᠡ ᠶᠢ ᠳᠠᠶᠢᠴᠢᠯᠠᠬᠤ ᠰᠢᠨ᠎ᠡ ᠵᠠᠭᠪᠤᠷ ᠢ ᠪᠡᠶᠡᠯᠡᠭᠦᠯᠵᠦ᠂ ᠠᠤᠬᠠᠨ ᠬᠤᠰᠢᠭᠤᠨ ᠤ ᠠᠵᠤ  ᠦᠢᠯᠡᠰ  ᠤᠨ ᠪᠦᠲᠦᠴᠡ ᠶᠢᠨ ᠲᠣᠬᠢᠷᠠᠭᠤᠯᠤᠯᠲᠠ ᠳᠤ ᠰᠢᠨ᠎ᠡ ᠠᠷᠭ᠎ᠠ ᠵᠠᠮ ᠬᠠᠩᠭᠠᠨ ᠥᠭᠴᠦ ᠂ ᠠᠵᠤ  ᠦᠢᠯᠡᠰ  ᠤᠨ ᠬᠥᠭᠵᠢᠯᠲᠡ ᠳᠤ ᠡᠨᠧᠷᠭᠢ ᠬᠡᠷᠡᠭᠯᠡᠬᠦ ᠣᠷᠣᠨ ᠵᠠᠶ ᠶᠢ ᠥᠷᠭᠡᠳᠬᠡᠨ᠂ ᠡᠨᠧᠷᠭᠢ ᠶᠢᠨ ᠬᠤᠷᠣᠭᠳᠠᠯ ᠤᠨ ᠬᠤᠤᠰ ᠬᠢᠵᠠᠭᠠᠷᠯᠠᠯ ᠤᠨ ᠬᠦᠯᠢᠶᠡᠰᠦᠯᠡᠯ ᠢ ᠠᠯᠳᠠᠷᠠᠭᠠᠨ᠂ ᠠᠤᠬᠠᠨ ᠬᠤᠰᠢᠭᠤᠨ ᠤ ᠰᠢᠨ᠎ᠡ ᠡᠨᠧᠷᠭᠢ ᠶᠢᠨ ᠬᠤᠷᠣᠭᠳᠠᠯ ᠤᠨ ᠬᠠᠷᠢᠴᠠᠯ ᠢ ᠳᠡᠭᠡᠭᠰᠢᠯᠡᠭᠦᠯᠵᠦ᠂ ᠠᠤᠬᠠᠨ ᠬᠤᠰᠢᠭᠤᠨ ᠤ ᠨᠡᠶᠢᠭᠡᠮ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号