| 3 ᠰᠠᠷ᠎ᠠ ᠶᠢᠨ 22 ᠤᠨ ᠡᠳᠦᠷ᠂ ᠮᠠᠨ ᠤ ᠬᠤᠰᠢᠭᠤ 2023 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ | ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠵᠢᠯ ᠡᠬᠢᠯᠡᠵᠦ ᠠᠵᠢᠯ ᠰᠡᠷᠭᠦᠭᠡᠬᠦ ᠶᠣᠰᠣᠯᠠᠯ ᠢ ᠡᠷᠭᠢᠯᠡᠪᠡ᠃ | ᠬᠤᠰᠢᠭᠤᠨ ᠲᠠᠰ ᠤᠨ ᠤᠳᠤᠷᠢᠳᠤᠯᠭ᠎ᠠ ᠸᠠᠩ ᠶᠦᠩ ᠵᠢᠶᠦ᠋ᠨ᠂ ᠮᠠ ᠯᠢ ᠬᠤᠸᠠ᠂ ᠶᠧ ᠰᠢᠤ ᠯᠢ᠂ ᠭᠦᠸᠧ ᠬᠤᠸᠠ | ᠨᠠᠷ ᠠᠵᠢᠯ ᠰᠡᠷᠭᠦᠭᠡᠬᠦ ᠶᠣᠰᠣᠯᠠᠯ ᠳᠤ ᠣᠷᠣᠯᠴᠠᠪᠠ᠃ ᠮᠠ ᠯᠢ ᠬᠤᠸᠠ ᠶᠣᠰᠣᠯᠠᠯ ᠢ ᠡᠷᠬᠢᠯᠡᠪᠡ᠃ | ᠶᠣᠰᠣᠯᠠᠯ ᠳᠡᠭᠡᠷ᠎ᠡ᠂ ᠮᠠ ᠯᠢ ᠬᠤᠸᠠ ᠥᠨᠥᠳᠦᠷ ᠤᠨ ᠲᠥᠪᠯᠡᠷᠡᠭᠦᠯᠦᠨ ᠠᠵᠢᠯ ᠡᠬᠢᠯᠡᠭᠦᠯᠦᠭᠰᠡᠨ | ᠭᠤᠣᠯᠳᠠᠯᠭ᠎ᠠ ᠲᠠᠢ ᠲᠦᠷᠦᠯ ᠵᠦᠢᠯ ᠤᠨ ᠪᠠᠶᠢᠳᠠᠯ ᠢ ᠲᠠᠨᠢᠯᠴᠠᠭᠤᠯᠪᠠ᠃ | ᠯᠦᠩ ᠲᠠᠢ ᠳ᠋ᠢ ᠳᠠᠮᠵᠢᠭᠤᠯᠬᠤ ᠬᠤᠭᠤᠯᠠᠶ ᠶᠢᠨ ᠪᠣᠷᠣᠯᠠᠭᠤᠯᠭ᠎ᠠ ᠶᠢᠨ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠠᠵᠤ ᠠᠬᠤᠶᠢᠯᠠᠯ ᠤᠨ ᠲᠥᠯᠥᠭᠡᠯᠡᠭᠴᠢ ᠶᠢᠨ ᠬᠤᠪᠢ ᠪᠠᠷ ᠶᠣᠰᠣᠯᠠᠯ ᠳᠡᠭᠡᠷ᠎ᠡ ᠶᠠᠷᠢᠶ᠎ᠠ ᠲᠠᠯᠪᠢᠪᠠ᠃ | ᠸᠠᠩ ᠶᠦᠩ ᠵᠢᠶᠦ᠋ᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠭᠰᠡᠨ ᠪᠥᠭᠡᠳ ᠭᠤᠣᠯᠳᠠᠯᠭ᠎ᠠ ᠲᠠᠢ ᠲᠦᠷᠦᠯ | ᠵᠦᠢᠯ ᠤᠨ ᠠᠵᠢᠯ ᠡᠬᠢᠯᠡᠭᠰᠡᠨ ᠢ ᠵᠠᠷᠯᠠᠪᠠ᠃ | ᠸᠠᠩ ᠶᠦᠩ ᠵᠢᠶᠦ᠋ᠨ ᠠᠴᠠ᠂ ᠲᠦᠷᠦᠯ ᠵᠦᠢᠯ ᠢ ᠠᠵᠢᠯ ᠡᠬᠢᠯᠡᠭᠦᠯᠬᠦ ᠨᠢ ᠵᠥᠪᠬᠡᠨ ᠡᠬᠢᠯᠡᠯᠲᠡ ᠲᠡᠳᠦᠢ ᠶᠤᠮ᠂ | ᠲᠦᠷᠭᠡᠳᠬᠡᠨ ᠠᠬᠢᠭᠤᠯᠬᠤ᠂ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠣᠯ ᠰᠠᠶ᠋ᠢ ᠵᠠᠩᠭᠢᠯᠠᠭ᠎ᠠ | ᠪᠣᠯᠤᠨ᠎ᠠ᠃ ᠡᠯ᠎ᠡ ᠠᠵᠤ ᠠᠬᠤᠶᠢᠯᠠᠯ ᠪᠣᠯᠤᠨ ᠪᠠᠷᠢᠯᠭ᠎ᠠ ᠶᠢᠨ ᠨᠢᠭᠡᠴᠡ ᠨᠦᠭᠦᠳ ᠠᠶᠤᠯᠭᠦᠶ ᠦᠢᠯᠡᠳᠪᠦᠷᠢᠯᠡᠯ ᠢ ᠦᠨᠡᠨ | ᠬᠦ ᠪᠠᠲᠤᠯᠠᠭᠰᠠᠨ ᠤᠷᠢᠲᠠᠯ ᠳᠣᠣᠷ᠎ᠠ᠂ ᠪᠦᠳᠦᠭᠡᠨ ᠪᠠᠶᠢᠭᠤᠯᠤᠯᠲᠠ ᠶᠢᠨ ︽ᠰᠢᠵᠢᠷ ᠠᠯᠳᠠᠨ ᠬᠤᠭᠤᠴᠠᠭ᠎ᠠ︾ ᠶᠢ | ᠵᠠᠪᠳᠤᠨ ᠠᠳᠬᠤᠵᠤ᠂ ᠪᠠᠷᠢᠯᠭ᠎ᠠ ᠶᠢᠨ ᠠᠵᠢᠯ ᠤᠨ ︽ᠲᠦᠷᠭᠡᠨ ᠳᠠᠷᠤᠪᠴᠢ︾ ᠶᠢ ᠳᠠᠷᠤᠵᠤ᠂ ᠴᠠᠭ ᠮᠥᠴᠡ ᠶᠢ | ᠠᠯᠳᠠᠯ ᠦᠭᠡᠢ ᠪᠠᠷ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠡᠯᠭᠦᠭᠡ ᠵᠢᠷᠤᠭ ᠢᠶᠠᠷ | ᠪᠠᠶᠢᠯᠳᠤᠵᠤ᠂ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠡᠷᠲᠡᠬᠡᠨ ᠳᠠᠭᠤᠰᠬᠠᠵᠤ᠂ ᠡᠷᠲᠡᠬᠡᠨ ᠦᠢᠯᠡᠳᠪᠦᠷᠢᠯᠡᠯ ᠳᠤ | ᠬᠦᠷᠭᠡᠵᠦ᠂ ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠪᠥᠬᠦ ᠬᠤᠰᠢᠭᠤᠨ ᠤ | ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ︽ ᠬᠢᠬᠦ ᠥᠬᠡᠶ ᠪᠣᠯ ᠪᠣᠯᠬᠤ ᠥᠬᠡᠶ᠂ ᠬᠢᠪᠡᠯ ᠰᠠᠶᠢᠬᠠᠨ ᠬᠢᠬᠦ︾ | ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠷᠢᠮᠲᠠᠯᠠᠵᠤ᠂ ᠬᠠᠮᠵᠢᠯᠴᠠᠬᠤ ᠤᠬᠠᠮᠰᠠᠷ᠂ ᠦᠢᠯᠡᠴᠢᠯᠡᠬᠦ | ᠤᠬᠠᠮᠰᠠᠷ ᠢᠶᠠᠨ ᠴᠢᠩᠭᠠᠳᠬᠠᠵᠤ᠂ ᠵᠣᠬᠢᠴᠠᠭᠤᠯᠤᠨ ᠪᠠᠲᠤᠯᠠᠬᠤ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ | ᠰᠠᠶᠢᠲᠤᠷ ᠬᠢᠵᠦ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ | ᠲᠥᠷᠥᠯ ᠵᠦᠢᠯ ᠨᠢᠭᠡᠪᠦᠷᠢ ᠶᠢ ᠰᠣᠳᠣᠨ ᠢᠨᠵᠧᠨᠧᠷᠢᠩ᠂ ᠥᠯᠢᠭᠡᠷ ᠳᠠᠭᠤᠷᠢᠶᠠᠲᠤ ᠢᠨᠵᠧᠨᠧᠷᠢᠩ᠂ ᠠᠷᠠᠳ ᠤᠨ | ᠰᠡᠳᠬᠢᠯ ᠤᠨ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠢᠯᠡᠷᠬᠡᠶᠢᠯᠡᠪᠡ᠃ | | ᠣᠶᠢᠯᠠᠭᠠᠭᠰᠠᠨ ᠢᠶᠠᠷ᠂ ᠮᠠᠨ ᠤ ᠬᠤᠰᠢᠭᠤ ᠡᠨᠡ ᠵᠢᠯ ᠮᠢᠩᠭᠠᠨ ᠲᠦᠮᠡᠨ ᠲᠥᠭᠦᠷᠢᠭ ᠠᠴᠠ ᠳᠡᠭᠡᠭᠰᠢ | ᠭᠤᠤᠯᠳᠠᠯᠭ᠎ᠠ ᠲᠠᠢ ᠲᠥᠷᠥᠯ ᠵᠦᠢᠯ ᠢ 124 ᠬᠡᠷᠡᠭᠵᠢᠭᠦᠯᠵᠦ᠂ ᠨᠡᠶᠢᠲᠡ 220 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ᠂ ᠵᠢᠯ ᠤᠨ ᠳᠣᠲᠣᠷ᠎ᠠ 80.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠡᠲᠡᠭᠡᠷ ᠭᠤᠤᠯᠳᠠᠯᠭ᠎ᠠ ᠲᠠᠢ ᠲᠥᠷᠥᠯ ᠵᠦᠢᠯ ᠢ ᠡᠬᠢᠯᠡᠨ ᠪᠥᠲᠥᠭᠡᠨ | ᠪᠠᠶᠢᠭᠤᠯᠬᠤ ᠨᠢ ᠮᠠᠨ ᠤ ᠬᠤᠰᠢᠭᠤᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠬᠥᠭᠵᠢᠯᠲᠡ ᠶᠢᠨ | ᠰᠡᠯᠭᠦᠬᠦ ᠬᠦᠴᠦᠨ ᠢ ᠴᠢᠩᠭᠠᠷᠠᠭᠤᠯᠬᠤ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠰᠠᠶᠢᠵᠢᠷᠠᠭᠤᠯᠬᠤ ᠵᠡᠷᠭᠡ ᠲᠠᠯ᠎ᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ | ᠰᠢᠨ᠎ᠡ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢᠨ ᠬᠠᠮᠲᠤ ᠤᠯᠠᠭᠠᠨᠬᠠᠳᠠ ᠬᠤᠲᠠ ᠶᠢᠨ ︽ᠥᠪᠥᠷ ᠮᠣᠩᠭᠤᠯ ᠤᠨ | ᠵᠡᠭᠦᠨ ᠬᠡᠰᠡᠭ ᠤᠨ ᠠᠵᠤ ᠦᠢᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠬᠤ ᠵᠢᠱᠢᠶ᠎ᠡ ᠦᠵᠡᠭᠦᠯᠬᠦ ᠣᠷᠣᠨ︾ ᠤ | ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠣᠯᠭᠤᠬᠤ ᠪᠣᠯᠤᠨ᠎ᠠ᠃ | ᠲᠣᠰ ᠤᠳᠠᠭᠠᠨ ᠤ ᠬᠠᠪᠤᠷ ᠤᠨ ᠤᠯᠠᠷᠢᠯ ᠳᠤ 28 ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠵᠦ᠂ | ᠶᠡᠷᠦᠩᠬᠡᠶ ᠪᠠᠯᠠ ᠣᠷᠣᠭᠤᠯᠤᠯᠲᠠ ᠨᠢ 41.3 ᠳ᠋ᠦᠩᠰᠢᠭᠤᠷ ᠲᠥᠭᠦᠷᠢᠭ ᠪᠠᠶᠢᠵᠤ᠂ ᠰᠢᠨ᠎ᠡ ᠪᠠᠷ ᠪᠠᠶᠢᠭᠤᠯᠬᠤ 26 | ᠲᠥᠷᠥᠯ ᠵᠦᠢᠯ ᠂ ᠦᠷᠭᠦᠯᠵᠢᠯᠡᠨ ᠪᠠᠶᠢᠭᠤᠯᠬᠤ 2 ᠲᠥᠷᠥᠯ ᠵᠦᠢᠯ ᠳᠤ ᠬᠤᠯᠪᠣᠭᠳᠠᠵᠤ᠂ ᠵᠢᠯ ᠤᠨ ᠳᠣᠲᠣᠷ᠎ᠠ 19. | 7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠲᠦᠷᠦᠯ | ᠵᠦᠢᠯ ᠨᠢ ᠲᠤᠨᠤᠭ ᠲᠥᠬᠦᠭᠡᠷᠦᠮᠵᠢ ᠦᠢᠯᠡᠳᠬᠦ᠂ ᠢᠳᠡᠭᠡᠨ ᠪᠣᠯᠪᠠᠰᠤᠷᠠᠭᠤᠯᠬᠤ᠂ ᠰᠠᠭᠤᠷᠢ ᠪᠦᠳᠦᠭᠡᠨ ᠪᠠᠶᠢᠭᠤᠯᠤᠯᠲᠠ | ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠤᠯᠠᠨ ᠬᠦᠷᠢᠶ᠎ᠡ ᠶᠢ ᠬᠠᠮᠤᠷᠴᠤ᠂ ᠰᠢᠨᠵᠢᠯᠡᠬᠦ ᠤᠬᠠᠭᠠᠨ | ᠮᠡᠷᠭᠡᠵᠢᠯ ᠤᠨ ᠠᠭᠤᠯᠤᠭᠳᠠᠴᠠ᠂ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ᠂ ᠲᠦᠷᠦᠯ ᠵᠦᠢᠯ ᠤᠨ ᠶᠠᠰᠤ | ᠴᠢᠨᠠᠷ ᠵᠡᠷᠭᠡ ᠲᠠᠯ᠎ᠠ ᠪᠠᠷ ᠴᠥᠮ ᠨᠡᠯᠢᠶᠡᠳ ᠶᠡᠭᠡ ᠳᠡᠭᠡᠭᠰᠢᠯᠡᠯᠲᠡ ᠲᠠᠢ ᠪᠣᠯᠵᠠᠢ᠃ | ᠡᠯ᠎ᠡ ᠠᠵᠢᠯ ᠡᠬᠢᠯᠡᠭᠦᠯᠬᠦ ᠲᠥᠷᠥᠯ ᠵᠦᠢᠯ ᠤᠨ ᠨᠢᠭᠡᠴᠡ ᠶᠢᠨ ᠲᠥᠯᠥᠭᠡᠯᠡᠭᠴᠢ᠂ ᠬᠤᠰᠢᠭᠤᠨ ᠤ ᠰᠢᠭᠤᠳ | ᠬᠠᠷᠢᠶ᠎ᠠ ᠬᠠᠮᠢᠶ᠎ᠠ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠠᠵᠢᠯ | ᠡᠬᠢᠯᠡᠭᠦᠯᠬᠦ ᠪᠠ ᠠᠵᠢᠯ ᠰᠡᠷᠭᠦᠭᠡᠬᠦ ᠶᠣᠰᠣᠯᠠᠯ ᠳᠤ ᠣᠷᠣᠯᠴᠠᠪᠠ᠃ | |