ᠮᠠ ᠯᠢ ᠬᠤᠸᠠ ᠪᠦᠯᠬᠦᠮ ᠳᠠᠭᠠᠭᠤᠯᠤᠨ ᠱᠠᠩᠬᠠᠢ ᠬᠤᠳᠠ ᠳᠤ ᠬᠦᠷᠴᠦ ᠠᠷᠠᠯᠵᠢᠶᠠᠴᠢᠨ ᠤᠷᠢᠵᠤ ᠪᠡᠯᠡ ᠳᠠᠲᠠᠬᠤ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2023/3/24
 
   3 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ᠂ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠮᠠ ᠯᠢ ᠬᠤᠸᠠ ᠪᠦᠯᠬᠦᠮ ᠳᠠᠭᠠᠭᠤᠯᠤᠨ ᠱᠠᠩᠬᠠᠶ ᠬᠤᠲᠠ ᠳᠤ  ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠥᠷᠨᠢᠭᠦᠯᠪᠡ᠃    ᠮᠠ ᠯᠢ ᠬᠤᠸᠠ ᠡᠩ ᠲᠡᠷᠢᠭᠦᠨ ᠳᠤ ᠱᠠᠩᠬᠠᠶ ᠶᠢᠨ  ᠠᠢ ᠴᠢᠨ ᠬᠠᠢ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠬᠤ ᠪᠠ ᠲᠥᠷᠥᠯ ᠵᠦᠢᠯ ᠤᠨ ᠬᠡᠯᠡᠯᠴᠡᠭᠡᠷ ᠬᠢᠵᠦ᠂ ᠠᠢ ᠴᠢᠨ ᠬᠠᠢ ᠪᠦᠯᠦᠭᠯᠡᠯ ᠤᠨ ᠳᠡᠳ᠋ ᠶᠡᠷᠦᠩᠬᠡᠶ ᠵᠠᠬᠢᠷᠤᠯ ᠵᠥᠩ ᠸᠧᠶ ᠯᠢᠶᠠᠩ ᠪᠦᠯᠦᠭᠯᠡᠯ ᠤᠨ ᠦᠨᠳᠦᠰᠦᠨ ᠪᠠᠶᠢᠳᠠᠯ ᠪᠠ ᠡᠵᠡᠩᠨᠡᠯᠲᠡ ᠶᠢᠨ ᠵᠠᠭᠪᠤᠷ ᠢ ᠲᠠᠨᠢᠯᠴᠠᠭᠤᠯᠵᠤ ᠂ ᠪᠦᠯᠦᠭᠯᠡᠯ ᠤᠨ ᠲᠥᠷᠥᠯ ᠵᠦᠢᠯ ᠤᠨ ᠳᠠᠭᠠᠭᠠᠮᠠᠯ ᠵᠢᠩ ᠬᠠᠶ ᠲᠠᠯᠠᠪᠠᠶ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠨᠠᠷᠢᠨ ᠲᠠᠶᠢᠯᠪᠤᠷᠢᠯᠠᠵᠤ᠂ ᠵᠠᠰᠠᠭ ᠤᠨ ᠣᠷᠳᠣᠨ ᠤ ᠳᠡᠳ᠋ ᠳᠠᠷᠤᠭ᠎ᠠ ᠦ᠋ ᠴᠦᠨ ᠭᠤᠸᠠᠩ ᠲᠥᠷᠥᠯ ᠵᠦᠢᠯ ᠤᠨ ᠪᠣᠳᠠᠲᠠᠶ ᠠᠰᠠᠭᠤᠳᠠᠯ ᠳᠤ ᠨᠠᠷᠢᠨ ᠲᠣᠳᠣᠷᠬᠠᠶ ᠬᠠᠷᠢᠭᠤᠯᠲᠠ ᠥᠭᠴᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠵᠢᠴᠢ ᠠᠯᠬᠤᠮ ᠳᠠᠷᠠᠭ᠎ᠠ ᠶᠢᠨ ᠲᠤᠬᠠᠶ ᠲᠣᠳᠣᠷᠬᠠᠶᠢᠯᠠᠯᠲᠠ ᠬᠢᠵᠡᠶ᠃ ᠮᠠ ᠯᠢ ᠬᠤᠸᠠ ᠬᠤᠰᠢᠭᠤᠨ ᠤ ᠳᠠᠷᠤᠭ᠎ᠠ ᠵᠢᠭᠠᠵᠤ ᠭᠠᠷᠭᠠᠭᠰᠠᠨ ᠨᠢ᠂ ᠵᠢᠩ ᠬᠠᠶ ᠲᠠᠯᠠᠪᠠᠶ ᠶᠢᠨ ᠲᠥᠷᠥᠯ ᠵᠦᠢᠯ ᠪᠣᠯ ᠠᠤᠬᠠᠨ ᠬᠤᠰᠢᠭᠤᠨ ᠤ ᠣᠶᠢᠷ᠎ᠠ ᠶᠢᠨ ᠵᠢᠯ ᠳᠤ ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠠᠶᠢᠭ᠎ᠠ ᠳᠡᠭᠡᠳᠦ ᠲᠠᠰ ᠤᠨ ᠠᠷᠠᠯᠵᠢᠶ᠎ᠠ ᠬᠤᠳᠠᠯᠳᠤᠭᠠᠨ ᠤ ᠲᠥᠷᠥᠯ ᠵᠦᠢᠯ ᠮᠥᠨ᠂ ᠡᠯ᠎ᠡ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠢᠳᠡᠪᠬᠢᠲᠡᠶ ᠪᠠᠷ ᠬᠠᠮᠲᠤᠷᠠᠨ ᠠᠵᠢᠯᠯᠠᠵᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠶ᠃
   ᠮᠠ ᠯᠢ ᠬᠤᠸᠠ ᠨᠠᠷ ᠪᠠᠰᠠ ᠨᠢᠩ ᠱᠧᠩ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢᠨ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ ᠵᠥᠪᠳᠡᠯᠴᠡᠪᠡ᠃ ᠨᠢᠩ ᠱᠧᠩ ᠠᠵᠤ ᠦᠢᠯᠡᠰ ᠤᠨ ᠪᠦᠯᠦᠭᠯᠡᠯ ᠤᠨ ᠬᠠᠷᠢᠭᠤᠴᠠᠯᠭᠠᠲᠠᠨ ᠪᠦᠯᠦᠭᠯᠡᠯ ᠤᠨ ᠦᠨᠳᠦᠰᠦᠨ ᠪᠠᠶᠢᠳᠠᠯ ᠵᠢᠴᠢ ᠡᠵᠡᠩᠨᠡᠯᠲᠡ ᠶᠢᠨ ᠵᠠᠭᠪᠤᠷ ᠪᠣᠯᠤᠨ ᠪᠦᠯᠦᠭᠯᠡᠯ ᠤᠨ ᠠᠵᠢᠯ ᠤᠨ ᠪᠦᠲᠦᠮᠵᠢ ᠶᠢ ᠲᠠᠨᠢᠯᠴᠠᠭᠤᠯᠵᠤ᠂ ᠮᠠ ᠯᠢ ᠬᠤᠸᠠ ᠬᠤᠰᠢᠭᠤᠨ ᠤ ᠳᠠᠷᠤᠭ᠎ᠠ ᠠᠤᠬᠠᠨ ᠬᠤᠰᠢᠭᠤᠨ ᠤ ᠠᠵᠤ  ᠦᠢᠯᠡᠰ ᠤᠨ ᠳᠠᠪᠠᠭᠤᠯᠢᠭ ᠵᠢᠴᠢ ᠭᠤᠤᠯ ᠪᠣᠯᠬᠤ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠠᠤᠬᠠᠨ ᠤ ᠨᠠᠷᠢᠮᠤ᠂ ᠠᠤᠬᠠᠨ ᠤ ᠪᠤᠰᠤᠳ ᠲᠣᠰ ᠭᠠᠵᠠᠷ ᠤᠨ ᠣᠨᠴᠠ ᠭᠠᠷᠤᠯᠲᠠ ᠶᠢᠨ ᠪᠣᠷᠣᠯᠠᠭᠤᠯᠭ᠎ᠠ ᠵᠡᠷᠭᠡ ᠲᠠᠯ᠎ᠠ ᠪᠠᠷ ᠠᠩᠬ᠎ᠠ ᠠᠯᠬᠤᠮ ᠤᠨ ᠬᠠᠮᠲᠤᠷᠠᠯᠴᠠᠭᠠᠨ ᠤ ᠰᠠᠨᠠᠯ ᠨᠢᠭᠡᠳᠪᠡ᠃    ᠠᠤᠬᠠᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠡᠤ ᠴᠦᠨ ᠭᠤᠸᠠᠩ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠤᠬᠠᠨ ᠬᠤᠰᠢᠭᠤᠨ ᠤ ᠨᠠᠷᠢᠮᠤ ᠶᠢᠨ ᠲᠠᠷᠢᠶᠠᠯᠠᠩ ᠤᠨ ᠪᠦᠯᠦᠭᠯᠡᠯ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠳ ᠪᠠᠷ᠎ᠠ ᠪᠣᠯᠵᠣ ᠰᠢᠨᠵᠢᠯᠡᠨ ᠪᠠᠶᠢᠴᠠᠭᠠᠵᠤ ᠵᠥᠪᠳᠡᠯᠴᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号