ᠲᠢᠶᠧ ᠨᠢᠦ ᠠᠤᠬᠠᠨ ᠬᠤᠰᠢᠭᠤᠨ ᠳᠤ  ᠢᠷᠡᠵᠦ ᠤᠢ ᠰᠢᠭᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/3/24
   3 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ  ᠨᠣᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ  ᠲᠢᠶᠧ ᠨᠢᠦ ᠪᠦᠯᠬᠦᠮ ᠳᠠᠭᠠᠭᠤᠯᠤᠨ ᠮᠠᠨ ᠤ ᠬᠤᠰᠢᠭᠤᠨ ᠳᠤ  ᠢᠷᠡᠵᠦ ᠣᠶ ᠰᠢᠭᠤᠶ ᠶᠢᠨ ᠠᠵᠤ  ᠦᠢᠯᠡᠰ  ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠣᠳᠤᠯᠪᠠ᠃ ᠲᠡᠷᠡ ᠴᠢᠬᠤᠯᠠᠴᠢᠯᠠᠭᠰᠠᠨ ᠨᠢ᠂ ᠤᠢ ᠰᠢᠭᠤᠢ ᠶᠢᠨ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠮᠢ ᠠᠬᠤᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ  ᠭᠡᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠰᠠᠨ ᠢ ᠵᠢᠩ ᠣᠶ ᠰᠢᠭᠤᠶ ᠶᠢᠨ ᠲᠠᠯᠠᠪᠠᠶ ᠶᠢᠨ ᠴᠧᠨ ᠵᠢᠶᠠ ᠸᠠ ᠽᠢ ᠬᠤᠪᠢᠶᠠᠷᠢ ᠲᠠᠯᠠᠪᠠᠶ ᠶᠢᠨ ᠵᠦ ᠵᠢᠶᠠ ᠸᠧ ᠫᠦ᠋ ᠶᠢᠨ  ᠰᠢ ᠯᠢᠶᠠᠩ ᠱᠠᠨ ᠤ ᠬᠦᠢᠯᠡᠰᠦ ᠶᠢ ᠬᠠᠪᠲᠠᠭᠠᠶ ᠬᠦᠢᠯᠡᠰᠦ ᠲᠠᠢ ᠬᠤᠯᠪᠣᠬᠤ ᠲᠥᠷᠥᠯ  ᠵᠦᠢᠯ ᠤᠨ ᠰᠠᠭᠤᠷᠢᠨ ᠭᠠᠵᠠᠷ ᠲᠤ ᠬᠦᠷᠴᠦ᠂ ᠰᠠᠨ ᠢ ᠵᠢᠩ ᠰᠢᠶᠤᠤ ᠾᠧ ᠽᠢ ᠬᠤᠪᠢᠶᠠᠷᠢ ᠲᠠᠯᠠᠪᠠᠶ  ᠶᠢᠨ ᠰᠡᠩᠳᠡᠩ  ᠮᠣᠳᠤ᠂  ᠬᠠᠲᠠᠭᠤ ᠴᠠᠭᠠᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠱᠤᠸᠠᠩ ᠵᠢᠩ ᠤᠢ ᠰᠢᠭᠤᠢ ᠶᠢᠨ ᠲᠠᠯᠠᠪᠠᠢ ᠶᠢᠨ ᠭᠤᠷᠪᠠᠨᠬᠤᠸᠠ ᠶᠢᠨ ᠬᠤᠪᠢᠶᠠᠷᠢ ᠲᠠᠯᠠᠪᠠᠢ ᠶᠢᠨ ᠰᠡᠩᠳᠡᠩ ᠮᠣᠳᠤᠨ ᠵᠢᠮᠢᠰ ᠤᠨ ᠰᠠᠶᠢᠨ ᠡᠭᠦᠯᠳᠡᠷ ᠤᠨ ᠲᠡᠭᠦᠬᠦ ᠬᠦᠷᠢᠶᠡᠯᠡᠩ᠂ ᠬᠤᠸᠠᠩ ᠶᠠᠩ ᠸᠠ ᠶᠢᠨ ᠰᠡᠩᠳᠡᠩ ᠮᠣᠳᠤᠨ ᠬᠦᠷᠢᠶᠡᠯᠡᠩ ᠤᠨ ᠰᠠᠭᠤᠷᠢᠨ ᠭᠠᠵᠠᠷ᠂ ᠬᠤᠸᠠᠩ ᠶᠠᠩ ᠸᠠ ᠶᠢᠨ  ᠰᠡᠩᠳᠡᠩ ᠮᠣᠳᠤᠨ ᠬᠦᠷᠢᠶᠡᠯᠡᠩ ᠤᠨ ᠠᠮᠢ ᠠᠬᠤᠢ ᠶᠢᠨ ᠠᠵᠤ ᠦᠢᠯᠡᠰ ᠤᠨ ᠰᠤᠳᠤᠯᠤᠨ ᠨᠡᠭᠡᠭᠡᠬᠦ ᠲᠥᠪ᠂ ᠥᠪᠥᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠴᠢᠴᠠᠷᠭᠠᠨ᠎ᠠ ᠶᠢᠨ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠱᠠ ᠮᠥᠸᠧ ᡁᠢ ᠬᠤᠸᠠ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠤᠢ ᠰᠢᠭᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃  ᠲᠢᠶᠧ ᠨᠢᠦ ᠮᠠᠨ ᠤ ᠬᠤᠰᠢᠭᠤᠨ ᠤ ᠣᠶ ᠰᠢᠭᠤᠶ ᠶᠢᠨ ᠠᠵᠤ  ᠦᠢᠯᠡᠰ ᠤᠨ ᠬᠥᠭᠵᠢᠯᠲᠡ ᠶᠢᠨ ᠠᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠡᠮᠵᠢᠬᠦ ᠲᠠᠯ᠎ᠠ ᠪᠠᠷ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠭᠰᠠᠨ ᠪᠥᠭᠡᠳ ᠵᠢᠯᠣᠭᠤᠳᠬᠤ ᠰᠠᠨᠠᠯ ᠪᠠ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃
   ᠲᠢᠶᠧ ᠨᠢᠦ᠂ ᠤᠢ ᠰᠢᠭᠤᠢ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠠᠤᠬᠠᠨ ᠬᠤᠰᠢᠭᠤᠨ ᠤ ᠠᠮᠢ ᠠᠬᠤᠢ ᠶᠢᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ᠂ ᠠᠵᠤ ᠠᠬᠤᠢ ᠶᠢᠨ ᠳᠠᠪᠠᠭᠤᠯᠢᠭ ᠪᠣᠯᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠤᠢ ᠰᠢᠭᠤᠶ ᠶᠢᠨ ᠠᠵᠤ ᠦᠢᠯᠡᠰ ᠤᠨ ᠪᠦᠲᠦᠴᠡ ᠶᠢ ᠬᠦᠴᠦᠯᠡᠨ ᠲᠣᠬᠢᠷᠠᠭᠤᠯᠵᠤ᠂ ᠤᠢ ᠰᠢᠭᠤᠶ ᠶᠢᠨ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠢ ᠰᠢᠭᠤᠶ ᠶᠢᠨ ᠦᠢᠯᠡᠰ ᠢ ᠵᠢᠭᠤᠯᠴᠢᠯᠠᠯ᠂ ᠰᠢᠨᠵᠢᠯᠡᠬᠦ ᠤᠬᠠᠭᠠᠨ ᠂ ᠰᠤᠳᠤᠯᠤᠨ ᠰᠤᠷᠤᠯᠴᠠᠬᠤ᠂ ᠡᠷᠡᠭᠦᠯᠵᠢᠯ ᠰᠤᠪᠢᠯᠠᠯᠲᠠ ᠵᠡᠷᠭᠡ ᠲᠠᠢ ᠤᠶᠠᠯᠳᠤᠭᠤᠯᠵᠤ᠂ ᠤᠢ ᠰᠢᠭᠤᠶ ᠶᠢᠨ ᠠᠵᠤ ᠦᠢᠯᠡᠰ ᠤᠨ ᠦᠷᠳᠡᠭ ᠢ ᠥᠷᠭᠡᠳᠬᠡᠬᠦ ᠶᠢ ᠪᠡᠶᠡᠯᠡᠭᠦᠯᠬᠦ ᠬᠡᠷᠡᠭᠲᠡᠶ᠃  ᠰᠡᠩᠳᠡᠩ ᠮᠣᠳᠤᠨ ᠵᠢᠮᠢᠰ᠂ ᠴᠢᠴᠠᠷᠭᠠᠨ᠎ᠠ ᠵᠡᠷᠭᠡ ᠶᠢᠨ ᠳᠠᠪᠠᠭᠤᠯᠢᠭ ᠢ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠬᠥᠭᠵᠢᠯᠲᠡ ᠶᠢᠨ ᠣᠷᠣᠨ ᠵᠠᠢ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠡᠬᠢ ᠪᠠᠶᠠᠯᠢᠭ ᠤᠨ ᠲᠥᠷᠥᠯᠬᠢ ᠠᠪᠢᠶᠠᠰ ᠪᠣᠯᠤᠨ ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠵᠤ᠂ ᠠᠵᠤ ᠦᠢᠯᠡᠰ ᠢ ᠭᠦᠨᠵᠡᠭᠡᠢ ᠰᠤᠳᠤᠯᠤᠨ ᠨᠡᠭᠡᠭᠡᠬᠦ ᠶᠢ ᠰᠠᠶᠢᠲᠤᠷ ᠬᠢᠵᠦ᠂ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠢ ᠰᠢᠭᠤᠢ ᠶᠢᠨ ᠠᠵᠤ ᠦᠢᠯᠡᠰ ᠤᠨ  ᠬᠡᠯᠬᠢᠶ᠎ᠡ ᠶᠢ ᠤᠷᠲᠤᠳᠬᠠᠵᠤ᠂ ᠠᠮᠢ ᠠᠬᠤᠢ ᠶᠢᠨ ᠭᠤᠶᠤ ᠰᠠᠶᠢᠬᠠᠨ᠂ ᠠᠷᠠᠳ ᠢᠷᠭᠡᠳ ᠤᠨ ᠪᠠᠶᠠᠨ ᠴᠢᠨᠡᠭᠡᠯᠢᠭ ᠪᠠᠶᠢᠬᠤ ᠶᠢ ᠪᠡᠶᠡᠯᠡᠭᠦᠯᠬᠦ ᠬᠡᠷᠡᠭᠲᠡᠢ  ᠭᠡᠵᠦ ᠵᠢᠭᠠᠨ ᠭᠠᠷᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号