ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾ | ︵ᠳᠣᠷᠣᠭᠰᠢ ︽ᠰᠠᠨᠠᠯ︾ ᠭᠡᠵᠦ ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ | ᠰᠤᠷᠭᠠᠨ ᠬᠥᠮᠦᠵᠢᠯ ᠤᠨ ᠶᠠᠮᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠨᠠᠰᠤᠨ ᠳᠤ | ᠭᠦᠷᠦᠭᠰᠡᠳ ᠤᠨ ᠰᠤᠷᠭᠠᠨ ᠬᠥᠮᠦᠵᠢᠯ ᠤᠨ ᠵᠤᠷᠭᠠᠨ ᠤ ᠬᠠᠷᠢᠭᠤᠴᠠᠯᠭᠠᠲᠠᠨ ᠠᠴᠠ ︽ᠰᠠᠨᠠᠯ︾ ᠪᠣᠯ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ | ᠬᠥᠭᠵᠢᠭᠦᠯᠦᠯᠲᠡ ᠶᠢᠨ ᠠᠮᠵᠢᠯᠲᠠ ᠪᠦᠲᠦᠮᠵᠢ ᠶᠢ ᠰᠢᠰᠲ᠋ᠧᠮᠲᠡᠢ ᠳ᠋ᠦᠩᠨᠡᠭᠰᠡᠨ ᠰᠠᠭᠤᠷᠢᠨ ᠳᠡᠭᠡᠷ᠎ᠡ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠦᠭᠰᠡᠨ ᠶᠠᠪᠤᠳᠠᠯ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠭᠤᠰᠢᠯᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠭᠦᠯᠦᠯᠲᠡ | ᠶᠢᠨ ᠲᠣᠪᠤᠶᠢᠮ᠎ᠠ ᠵᠥᠷᠢᠴᠡᠯ ᠪᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠴᠢᠬᠤᠯᠠ ᠶᠡᠭᠡ ᠥᠭᠡᠷᠡᠴᠢᠯᠡᠯᠲᠡ ᠮᠥᠨ᠃ | ︽ᠭᠤᠷᠪᠠᠨ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠡ᠄ ᠬᠥᠭᠵᠢᠯᠲᠡ ᠶᠢᠨ ᠣᠨᠣᠯᠵᠢᠬᠤᠨ ᠤ ᠠᠰᠠᠭᠤᠳᠠᠯ᠂ | ᠲᠤᠬᠠᠶᠢᠯᠠᠪᠠᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠠᠭᠠᠬᠢᠵᠤ ᠦᠵᠡᠬᠦ ᠪᠣᠯᠤᠨ᠎ᠠ︔ ᠬᠥᠭᠵᠢᠯᠲᠡ ᠶᠢᠨ | ᠵᠠᠮ ᠤᠨ ᠠᠰᠠᠭᠤᠳᠠᠯ᠂ ᠲᠤᠬᠠᠶᠢᠯᠠᠪᠠᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠠᠭᠠᠬᠢᠵᠤ ᠬᠢᠬᠦ ᠪᠣᠯᠤᠨ᠎ᠠ︔ | ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠠᠰᠠᠭᠤᠳᠠᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠡᠨ ᠬᠢᠬᠦ | ᠪᠣᠯᠤᠨ᠎ᠠ︾ ᠭᠡᠵᠦ ᠢᠯᠡᠷᠬᠡᠶᠢᠯᠡᠪᠡ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠢ ᠤᠯᠠᠮᠵᠢᠯᠠᠯᠲᠤ ᠲᠠᠨᠢᠯᠲᠠ ᠶᠢ ᠠᠷᠢᠯᠭᠠᠪᠠ | ᠰᠤᠷᠭᠠᠨ ᠬᠥᠮᠦᠵᠢᠯ ᠤᠨ ᠶᠠᠮᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠨᠠᠰᠤᠨ ᠳᠤ | ᠭᠦᠷᠦᠭᠰᠡᠳ ᠤᠨ ᠰᠤᠷᠭᠠᠨ ᠬᠥᠮᠦᠵᠢᠯ ᠤᠨ ᠵᠤᠷᠭᠠᠨ ᠤ ᠬᠠᠷᠢᠭᠤᠴᠠᠯᠭᠠᠲᠠᠨ ᠠᠴᠠ ︽ᠰᠠᠨᠠᠯ︾ ᠪᠣᠯ | ︽ᠣᠳᠣᠶᠢᠵᠢᠭᠤᠯᠤᠭᠰᠠᠨ︾᠂ ︽ᠢᠪᠴᠤᠤᠵᠢᠭᠤᠯᠤᠭᠰᠠᠨ︾ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠤᠯᠠᠮᠵᠢᠯᠠᠯᠲᠤ ᠲᠠᠨᠢᠯᠲᠠ ᠶᠢ ᠠᠷᠢᠯᠭᠠᠵᠤ᠂ ᠥᠭᠡᠷᠡᠴᠢᠯᠡᠯᠲᠡ ᠶᠢᠨ ᠦᠢᠯᠡᠳᠦᠯᠭᠡ ᠳᠠᠬᠢ ᠬᠦᠴᠢᠷᠲᠡᠢ ᠠᠰᠠᠭᠤᠳᠠᠯ ᠪᠠ | ᠲᠦᠪᠡᠭᠲᠡᠶ ᠠᠰᠠᠭᠤᠳᠠᠯ ᠢ ᠰᠢᠭᠤᠳ ᠰᠢᠢᠳᠪᠦᠷᠢᠯᠡᠪᠡ ᠭᠡᠵᠡᠢ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ︽ᠠᠵᠢᠯ ᠤᠯᠬᠤ︾ | ᠠᠴᠠ ︽ᠬᠥᠮᠦᠨᠴᠢ︾ ᠲᠡᠶᠢᠰᠢ ᠬᠤᠪᠢᠷᠠᠭᠤᠯᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠳᠤ ᠦᠢᠯᠡᠴᠢᠯᠡᠬᠦ ᠶᠢ ᠨᠡᠩ | ᠴᠢᠬᠤᠯᠠᠴᠢᠯᠠᠪᠠ᠃ ᠣᠯᠠᠨ ᠬᠡᠯᠪᠡᠷᠢ ᠶᠢ ᠵᠣᠯᠭᠠᠭᠤᠯᠤᠭᠰᠠᠨ᠂ ᠣᠯᠠᠨ ᠠᠷᠭ᠎ᠠ ᠵᠠᠮ ᠢᠶᠠᠷ ᠪᠤᠶᠢᠵᠢᠭᠰᠠᠨ᠂ ᠦᠷᠭᠦᠯᠵᠢᠯᠡᠨ | ᠬᠥᠭᠵᠢᠵᠦ ᠪᠣᠯᠬᠤᠶᠢᠴᠠ ᠱᠠᠲᠤᠯᠢᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠪᠣᠯᠪᠠᠰᠤᠷᠠᠭᠤᠯᠤᠯ ᠤᠨ | ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ | ᠰᠤᠷᠭᠠᠨ ᠬᠥᠮᠦᠵᠢᠯ ᠤᠨ ᠵᠣᠬᠢᠴᠠᠯᠳᠤᠨ ᠬᠥᠭᠵᠢᠬᠦ᠂ ᠬᠠᠷᠢᠯᠴᠠᠨ ᠠᠭᠤᠰᠤᠨ ᠨᠡᠪᠲᠡᠷᠡᠬᠦ ᠶᠢ ᠠᠬᠢᠭᠤᠯᠵᠤ᠂ ᠠᠳᠠᠯᠢ | ᠪᠤᠰᠤ ᠲᠥᠷᠥᠯᠬᠢ ᠠᠪᠢᠶᠠᠰ ᠪᠠ ᠬᠡᠷᠡᠭᠴᠡᠭᠡ ᠲᠠᠢ ᠰᠤᠷᠤᠭᠴᠢᠳ ᠢ ᠣᠯᠠᠨ ᠤᠳᠠᠭ᠎ᠠ ᠰᠣᠩᠭᠤᠯᠲᠠ ᠬᠢᠯᠭᠡᠵᠦ᠂ ᠣᠯᠠᠨ | ᠶᠠᠩᠵᠤᠴᠢᠯᠠᠭᠰᠠᠨ ᠴᠢᠳᠠᠪᠤᠷᠢᠲᠠᠨ ᠪᠣᠯᠭᠠᠬᠤ ᠨᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠡᠩ ᠤᠨ ᠰᠤᠷᠭᠠᠨ | ᠬᠥᠮᠦᠵᠢᠯ ᠢ ᠰᠠᠯᠭᠠᠭᠰᠠᠨ ᠠᠴᠠ ᠪᠣᠯᠤᠭᠰᠠᠨ ᠰᠤᠷᠭᠠᠨ ᠬᠥᠮᠦᠵᠢᠯ ᠤᠨ ᠵᠣᠪᠠᠨᠢᠯ ᠢ ᠠᠷᠢᠯᠭᠠᠬᠤ ᠳᠤ ᠴᠢᠬᠤᠯᠠ ᠶᠡᠭᠡ | ᠦᠢᠯᠡᠳᠦᠯ ᠲᠠᠢ ᠶᠤᠮ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠭᠤᠣᠯᠳᠠᠯᠭ᠎ᠠ ᠶᠢ ︽ᠰᠤᠷᠭᠠᠨ | ᠬᠥᠮᠦᠵᠢᠯ︾ ᠠᠴᠠ ︽ᠠᠵᠤ ᠦᠢᠯᠡᠳᠪᠦᠷᠢ ᠪᠠ ᠰᠤᠷᠭᠠᠨ ᠬᠥᠮᠦᠵᠢᠯ︾ ᠲᠡᠶᠢᠰᠢ ᠬᠤᠪᠢᠷᠠᠭᠤᠯᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢ ᠨᠡᠩ ᠴᠢᠬᠤᠯᠠᠴᠢᠯᠠᠪᠠ᠃ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠢ ᠠᠭᠤᠰᠬᠠᠬᠤ ᠪᠣᠯ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠨᠳᠦᠰᠦᠨ | ᠣᠨᠴᠠᠯᠢᠭ᠂ ᠪᠠᠰᠠ ᠴᠤ ᠬᠠᠮᠤᠭ ᠤᠨ ᠶᠡᠭᠡ ᠳᠠᠪᠠᠭᠤᠯᠢᠭ ᠮᠥᠨ᠃ ︽ᠰᠠᠨᠠᠯ︾ ᠳᠤ ᠠᠵᠤ ᠦᠢᠯᠡᠳᠪᠦᠷᠢ ᠪᠠ ᠰᠤᠷᠭᠠᠨ | ᠬᠥᠮᠦᠵᠢᠯ ᠤᠨ ᠠᠭᠤᠰᠤᠯᠴᠠᠭ᠎ᠠ ᠳᠠᠬᠢ ᠲᠦᠭᠵᠢᠷᠡᠯ ᠤᠨ ᠠᠰᠠᠭᠤᠳᠠᠯ ᠳᠤ ᠰᠢᠭᠤᠳ ᠬᠠᠨᠳᠤᠵᠤ᠂ ᠬᠤᠲᠠ ᠶᠢᠨ | ᠬᠡᠪᠴᠢᠶᠡᠨ ᠤ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠪᠣᠯᠤᠨ ᠠᠵᠢᠯ | ᠲᠥᠷᠥᠯ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠤᠨ ᠠᠭᠤᠰᠤᠯᠴᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠲᠦᠷᠢᠮ ᠤᠨ ᠲᠥᠯᠥᠪᠯᠡᠭᠡ ᠶᠢ ᠳᠤᠷᠠᠳᠴᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠠᠵᠢᠯ | ᠲᠥᠷᠥᠯ ᠤᠨ ᠳᠠᠪᠰᠢᠯᠲᠠ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ᠂ ᠣᠷᠣᠨ ᠪᠦᠰᠡ ᠶᠢᠨ | ᠬᠥᠭᠵᠢᠯᠲᠡ ᠶᠢ ᠬᠤᠯᠪᠣᠵᠤ᠂ ᠲᠣᠰ ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠠᠶᠢᠨ ᠰᠠᠶᠢᠬᠠᠨ | ᠦᠢᠯᠡᠳᠦᠯᠴᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠴᠢᠳᠠᠪᠤᠷᠢᠲᠠᠨ ᠢ ᠬᠥᠮᠥᠵᠢᠭᠦᠯᠦᠨ ᠬᠠᠩᠭᠠᠬᠤ ᠪᠣᠯᠤᠨ ᠠᠵᠤ | ᠦᠢᠯᠡᠳᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠵᠣᠬᠢᠴᠠᠯᠳᠤᠬᠤ ᠬᠡᠮᠵᠢᠶ᠎ᠡ ᠥᠨᠳᠥᠷ ᠪᠤᠰᠤ ᠪᠠᠶᠢᠬᠤ ᠵᠡᠷᠭᠡ | ᠠᠰᠠᠭᠤᠳᠠᠯ ᠢ ᠰᠢᠢᠳᠪᠦᠷᠢᠯᠡᠪᠡ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠠᠷᠭ᠎ᠠ ᠵᠠᠮ ᠢ ︽ᠲᠥᠷᠥᠯ ᠬᠤᠪᠢᠶᠠᠬᠤ︾ | ᠠᠴᠠ ︽ᠬᠠᠮᠵᠢᠯᠴᠠᠬᠤ︾ ᠲᠡᠶᠢᠰᠢ ᠬᠤᠪᠢᠷᠠᠭᠤᠯᠵᠤ᠂ ︽ᠪᠠᠭᠰᠢ᠂ ᠵᠢᠭᠠᠬᠤ ᠮᠠᠲ᠋ᠧᠷᠢᠶᠠᠯ᠂ ᠵᠢᠭᠠᠬᠤ ᠠᠷᠭ᠎ᠠ︾ ᠶᠢᠨ | ᠬᠠᠮᠵᠢᠯᠴᠠᠨ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠬᠦ ᠶᠢ ᠨᠠᠩ ᠴᠢᠬᠤᠯᠠᠴᠢᠯᠠᠪᠠ᠃ ︽ᠠᠵᠢᠯ ᠮᠡᠷᠭᠡᠵᠢᠯ ᠤᠨ | ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠪᠣᠯ ᠬᠤᠶᠠᠷ ᠵᠦᠢᠯ ᠤᠨ ᠠᠳᠠᠯᠢ ᠪᠤᠰᠤ ᠰᠤᠷᠭᠠᠨ | ᠬᠥᠮᠦᠵᠢᠯ ᠤᠨ ᠲᠦᠷᠦᠯ ᠬᠡᠯᠪᠡᠷᠢ ᠪᠠᠶᠢᠵᠤ᠂ ᠠᠳᠠᠯᠢᠬᠠᠨ ᠴᠢᠬᠤᠯᠠ ᠪᠠᠶᠢᠷᠢ ᠰᠠᠭᠤᠷᠢ ᠲᠠᠢ᠂ ᠭᠡᠪᠡᠴᠦ ᠬᠤᠶᠠᠭᠤᠯᠠ ᠪᠠᠨ | ᠵᠡᠷᠭᠡᠴᠡᠬᠦ ᠪᠢᠰᠢ᠂ ᠨᠡᠩ ᠴᠤ ᠡᠰᠡᠷᠭᠦᠴᠡᠯᠳᠦᠬᠦ ᠪᠢᠰᠢ ᠶᠤᠮ᠃ ᠬᠠᠷᠢᠭᠤᠴᠠᠯᠭᠠᠲᠠᠨ ᠠᠴᠠ ︽ᠰᠠᠨᠠᠯ︾ ᠳᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠣᠨᠴᠠᠯᠢᠭ ᠢ ᠪᠠᠬᠢᠵᠢᠭᠦᠯᠵᠦ᠂ ᠠᠵᠢᠯ ᠮᠡᠷᠭᠡᠵᠢᠯ ᠤᠨ | ᠰᠤᠷᠭᠠᠭᠤᠯᠢ ᠶᠢᠨ ᠵᠠᠩᠭᠢᠯᠠᠭ᠎ᠠ ᠶᠢᠨ ᠰᠤᠷᠭᠠᠭᠤᠯᠢ ᠡᠷᠭᠢᠯᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ | ᠠᠯᠬᠤᠮ ᠲᠣᠳᠣᠷᠬᠠᠶᠢᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ | ᠦᠷᠭᠦᠯᠵᠢᠯᠡᠯ ᠰᠤᠷᠭᠠᠨ ᠬᠥᠮᠦᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠶᠢ ᠨᠢᠭᠡᠳᠦᠯᠲᠡᠶ ᠲᠥᠯᠥᠪᠯᠡᠵᠦ᠂ | ︽ᠠᠳᠠᠯᠢ ᠪᠤᠰᠤ︾ ᠠᠴᠠ ︽ᠬᠠᠮᠵᠢᠯᠴᠠᠬᠤ︾ ᠲᠡᠶᠢᠰᠢ ᠬᠤᠪᠢᠷᠠᠭᠤᠯᠵᠤ᠂ ᠡᠯ᠎ᠡ ᠵᠦᠢᠯ ᠤᠨ ᠰᠤᠷᠭᠠᠨ ᠬᠥᠮᠦᠵᠢᠯ ᠤᠨ | ᠲᠥᠷᠥᠯ ᠬᠡᠯᠪᠡᠷᠢ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠰᠣᠯᠪᠢᠴᠠᠨ ᠠᠭᠤᠰᠴᠤ᠂ ᠴᠥᠮ ︽ᠠᠷᠠᠳ | ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ︾ ᠡᠨᠡ ᠬᠦ ᠬᠠᠮᠲᠤ ᠶᠢᠨ ᠬᠠᠷᠠᠯᠲᠠ ᠳᠤ | ᠦᠢᠯᠡᠴᠢᠯᠡᠭᠦᠯᠪᠡ ᠭᠡᠵᠡᠶ᠃ | ᠠᠵᠢᠯ ᠮᠡᠷᠭᠡᠵᠢᠯ ᠤᠨ ᠰᠤᠷᠭᠠᠭᠤᠯᠢ ᠶᠢᠨ ᠵᠠᠩᠭᠢᠯᠠᠭ᠎ᠠ ᠪᠣᠯᠬᠤ ᠰᠤᠷᠭᠠᠭᠤᠯᠢ ᠡᠷᠬᠢᠯᠡᠬᠦ ᠴᠢᠳᠠᠪᠤᠷᠢ ᠶᠢ | ᠳᠡᠭᠡᠭᠰᠢᠯᠡᠭᠦᠯᠪᠡ | ᠰᠤᠷᠭᠠᠨ ᠬᠥᠮᠦᠵᠢᠯ ᠤᠨ ᠶᠠᠮᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠨᠠᠰᠤᠨ ᠳᠤ | ᠭᠦᠷᠦᠭᠰᠡᠳ ᠤᠨ ᠰᠤᠷᠭᠠᠨ ᠬᠥᠮᠦᠵᠢᠯ ᠤᠨ ᠵᠤᠷᠭᠠᠨ ᠤ ᠬᠠᠷᠢᠭᠤᠴᠠᠯᠭᠠᠲᠠᠨ ᠠᠴᠠ ︽ᠰᠠᠨᠠᠯ︾ ᠳᠤ ᠰᠢᠨ᠎ᠡ | ᠱᠠᠲᠤᠨ ᠳᠠᠬᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠠᠯᠢ ᠣᠯᠠᠨ ᠴᠢᠬᠤᠯᠠ ᠶᠡᠭᠡ | ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠲᠠᠢ ᠤᠶᠠᠯᠳᠤᠭᠤᠯᠤᠨ᠂ ᠲᠠᠪᠤᠨ ᠵᠦᠢᠯ ᠤᠨ ᠭᠤᠤᠯᠳᠠᠯᠭ᠎ᠠ ᠲᠠᠢ ᠠᠵᠢᠯ ᠢ ᠲᠥᠯᠥᠪᠯᠡᠪᠡ᠃ | ᠠᠵᠢᠯ ᠮᠡᠷᠭᠡᠵᠢᠯ ᠤᠨ ᠰᠤᠷᠭᠠᠭᠤᠯᠢ ᠶᠢᠨ ᠵᠠᠩᠭᠢᠯᠠᠭ᠎ᠠ ᠪᠣᠯᠬᠤ ᠰᠤᠷᠭᠠᠭᠤᠯᠢ ᠡᠷᠬᠢᠯᠡᠬᠦ ᠴᠢᠳᠠᠪᠤᠷᠢ ᠶᠢ | ᠳᠡᠭᠡᠭᠰᠢᠯᠡᠭᠦᠯᠪᠡ᠃ ᠤᠳᠤ ᠦᠶ᠎ᠡ ᠶᠢᠨ ᠦᠢᠯᠡᠳᠬᠦ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ | ᠤᠳᠤ ᠦᠶ᠎ᠡ ᠶᠢᠨ ᠲᠠᠷᠢᠶᠠᠯᠠᠩ ᠳᠤ ᠪᠠᠴᠢᠮ ᠬᠡᠷᠡᠭᠰᠡᠬᠦ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭᠠᠨ ᠤ ᠲᠣᠭᠤᠷᠢᠨ ᠳᠤ | ᠨᠢᠭᠡ ᠪᠦᠯᠦᠭ ᠤᠯᠤᠰ ᠤᠨ ᠲᠡᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠭᠤᠤᠯᠯᠠᠬᠤ ᠴᠢᠳᠠᠪᠤᠷᠢ ᠶᠢᠨ | ᠪᠠᠶᠢᠭᠤᠯᠤᠯᠲᠠ ᠶᠢᠨ ᠲᠤᠰᠬᠠᠶ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠨᠢᠭᠡ ᠪᠦᠯᠦᠭ ᠭᠤᠤᠯᠯᠠᠬᠤ | ᠬᠢᠴᠢᠶᠡᠯ᠂ ᠴᠢᠨᠠᠷᠯᠢᠭ ᠵᠢᠭᠠᠬᠤ ᠮᠠᠲ᠋ᠧᠷᠢᠶᠠᠯ᠂ ᠪᠠᠭᠰᠢ ᠶᠢᠨ ᠡᠩᠨᠡᠭᠡ᠂ ᠦᠢᠯᠡᠳᠦᠯᠭᠡ ᠶᠢᠨ ᠲᠥᠰᠦᠯ ᠢ ᠳᠣᠭᠲᠠᠭᠠᠵᠤ᠂ | ᠨᠢᠭᠡ ᠪᠦᠯᠦᠭ ᠤᠯᠤᠰ ᠤᠨ ᠲᠡᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ | ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ᠂ ᠰᠦᠯᠵᠢᠶᠡᠨ ᠳᠠᠬᠢ ᠰᠢᠯᠢᠳᠡᠭ ᠬᠢᠴᠢᠶᠡᠯ ᠪᠠ ᠳᠠᠭᠤᠷᠢᠶᠠᠮᠠᠯ | ᠦᠨᠡᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠰᠣᠩᠭᠤᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠣᠶᠤᠨᠴᠢ ᠰᠤᠷᠭᠠᠨ ᠬᠥᠮᠦᠵᠢᠯ ᠤᠨ ᠲᠠᠪᠴᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠴᠢᠨᠠᠷᠯᠢᠭ ᠡᠬᠢ | ᠪᠠᠶᠠᠯᠢᠭ ᠢ ᠬᠠᠮᠲᠤ ᠪᠠᠷ ᠬᠤᠪᠢᠶᠠᠯᠴᠠᠨ ᠡᠳ᠋ᠯᠡᠬᠦ ᠶᠢ ᠥᠷᠭᠡᠳᠬᠡᠨ᠂ ᠪᠥᠬᠦ ᠠᠷᠠᠳ ᠤᠨ ᠨᠠᠰᠤᠨ ᠲᠤᠷᠰᠢᠳᠠ | ᠰᠤᠷᠤᠯᠴᠠᠬᠤ ᠪᠠ ᠮᠡᠷᠭᠡᠵᠢᠯ ᠴᠢᠳᠠᠪᠤᠷᠢ ᠶᠢᠨ ᠬᠡᠯᠪᠡᠷᠢᠲᠦ ᠨᠡᠶᠢᠭᠡᠮ ᠤᠨ ᠪᠠᠶᠢᠭᠤᠯᠤᠯᠲᠠ ᠳᠤ ᠦᠢᠯᠡᠴᠢᠯᠡᠭᠦᠯᠪᠡ᠃ | | ︽ᠬᠤᠣᠰ ᠬᠢᠷᠢ ᠬᠡᠮᠲᠦ︾ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠪᠠ᠃ | ᠬᠠᠷᠢᠭᠤᠴᠠᠯᠭᠠᠲᠠᠨ ᠠᠴᠠ᠂ ᠲᠣᠯᠤᠭᠠᠶᠢᠯᠠᠭᠴᠢ ᠠᠵᠤ ᠠᠬᠤᠶᠢᠯᠠᠯ ᠪᠠ ᠥᠨᠳᠥᠷ ᠬᠢᠷᠢ ᠲᠦᠪᠰᠢᠨᠲᠦ ᠶᠡᠭᠡ | ᠰᠤᠷᠭᠠᠭᠤᠯᠢ ᠳᠤ ᠲᠦᠰᠢᠭᠯᠡᠨ ᠨᠢᠭᠡ ᠪᠦᠯᠦᠭ ᠤᠯᠤᠰ ᠤᠨ ᠲᠠᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ︽ᠬᠤᠤᠰ ᠬᠢᠷᠢ ᠬᠡᠮᠲᠦ︾ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠠᠶᠢᠭᠤᠯᠪᠠ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠤᠰ ᠬᠢᠷᠢ ᠬᠡᠮᠲᠦ︾ ᠪᠠᠭᠰᠢ ᠶᠢ ᠮᠠᠭᠠᠳᠯᠠᠨ ᠲᠣᠭᠲᠠᠭᠠᠬᠤ | ᠠᠵᠢᠯ ᠢ ᠠᠬᠢᠭᠤᠯᠵᠤ᠂ ᠡᠯ᠎ᠡ ᠭᠠᠵᠠᠷ ᠤᠨ ᠮᠤᠵᠢ ᠶᠢᠨ ᠱᠠᠲᠤᠨ ᠤ ︽ᠬᠤᠤᠰ ᠬᠢᠷᠢ ᠬᠡᠮᠲᠦ︾ ᠪᠠᠭᠰᠢ ᠶᠢ | ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠶᠢ ᠵᠢᠯᠣᠭᠤᠳᠪᠠ᠃ | ᠨᠡᠭᠡᠭᠡᠯᠲᠡᠲᠦ ᠬᠡᠯᠪᠡᠷᠢ ᠶᠢᠨ ᠣᠷᠣᠨ ᠪᠦᠰᠡ ᠶᠢᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ | ᠠᠭᠤᠰᠬᠠᠬᠤ ᠦᠢᠯᠡᠳᠦᠯᠭᠡ ᠶᠢᠨ ᠲᠥᠪ ᠢ ᠪᠠᠶᠢᠭᠤᠯᠪᠠ᠃ ᠥᠨᠳᠥᠷ ᠬᠢᠷᠢ ᠲᠦᠪᠰᠢᠨᠲᠦ ᠦᠢᠯᠡᠳᠦᠯᠭᠡ ᠶᠢᠨ | ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠡᠬᠢᠯᠡᠭᠦᠯᠵᠦ᠂ ᠵᠠᠰᠠᠭ ᠤᠨ ᠣᠷᠳᠣᠨ ᠠᠴᠠ ᠲᠠᠪᠴᠠᠩ | ᠭᠠᠷᠭᠠᠬᠤ᠂ ᠣᠯᠠᠨ ᠲᠠᠯ᠎ᠠ ᠶᠢᠨ ᠬᠢᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠣᠯᠭᠠᠬᠤ ᠪᠠᠷ | ᠳᠠᠮᠵᠢᠭᠤᠯᠤᠨ᠂ ᠣᠷᠣᠨ ᠨᠤᠲᠤᠭ ᠤᠨ ᠵᠠᠰᠠᠭ ᠤᠨ ᠣᠷᠳᠣᠨ᠂ ᠠᠵᠤ ᠠᠬᠤᠶᠢᠯᠠᠯ᠂ ᠰᠤᠷᠭᠠᠭᠤᠯᠢ ᠳᠤ ᠵᠥᠷᠢᠶᠡᠲᠦ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠦᠢᠯᠡᠳᠦᠯᠭᠡ ᠶᠢᠨ ᠵᠢᠭᠠᠨ ᠰᠤᠷᠭᠠᠯᠲᠠ᠂ ᠨᠡᠶᠢᠭᠡᠮ ᠤᠨ | ᠪᠣᠯᠪᠠᠰᠤᠷᠠᠭᠤᠯᠤᠯ᠂ ᠦᠨᠡᠨ ᠪᠣᠳᠠᠲᠠᠶ ᠦᠢᠯᠡᠳᠪᠦᠷᠢᠯᠡᠯ ᠪᠠ ᠮᠡᠷᠭᠡᠵᠢᠯ ᠤᠨ ᠦᠢᠯᠡᠴᠢᠯᠡᠭᠡᠨ ᠤ ᠴᠢᠳᠠᠮᠵᠢ ᠶᠢ ᠨᠢᠭᠡ | ᠴᠣᠭᠴᠠᠵᠢᠭᠤᠯᠤᠭᠰᠠᠨ ᠨᠢᠭᠡ ᠪᠦᠯᠦᠭ ᠣᠯᠠᠨ ᠨᠡᠶᠢᠲᠡ ᠶᠢᠨ ᠦᠢᠯᠡᠳᠦᠯᠭᠡ ᠶᠢᠨ ᠲᠥᠪ᠂ ᠠᠵᠤ ᠠᠬᠤᠶᠢᠯᠠᠯ ᠤᠨ | ᠦᠢᠯᠡᠳᠦᠯᠭᠡ ᠶᠢᠨ ᠲᠥᠪ᠂ ᠰᠤᠷᠭᠠᠭᠤᠯᠢ ᠶᠢᠨ ᠦᠢᠯᠡᠳᠦᠯᠭᠡ ᠶᠢᠨ ᠲᠥᠪ ᠢ ᠲᠥᠷᠥᠯ ᠬᠤᠪᠢᠶᠠᠨ ᠪᠥᠲᠥᠭᠡᠨ | ᠪᠠᠶᠢᠭᠤᠯᠪᠠ᠃ | ᠰᠤᠷᠤᠭᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠵᠠᠮ ᠢ ᠥᠷᠭᠡᠳᠭᠡᠪᠡ᠃ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠰᠤᠷᠭᠠᠭᠤᠯᠢ ᠡᠷᠭᠢᠯᠡᠬᠦ ᠵᠢᠮ᠎ᠡ ᠶᠣᠰᠣ ᠪᠠ ᠤᠷ᠎ᠠ ᠴᠢᠳᠠᠪᠤᠷᠢᠲᠤ ᠴᠢᠳᠠᠪᠤᠷᠢᠲᠠᠨ ᠤ ᠦᠰᠦᠨ | ᠪᠣᠶᠢᠵᠢᠯᠲᠠ ᠶᠢᠨ ᠵᠢᠮ᠎ᠡ ᠶᠣᠰᠣᠨ ᠳᠤ ᠨᠡᠶᠢᠴᠡᠭᠰᠡᠨ ᠰᠢᠯᠭᠠᠯᠲᠠ ᠬᠢᠵᠦ ᠰᠣᠷᠣᠭᠴᠢ ᠡᠯᠰᠡᠬᠦ ᠲᠦᠷᠢᠮ ᠢ ᠪᠠᠶᠢᠭᠤᠯᠵᠤ᠂ | ᠡᠯ᠎ᠡ ᠮᠤᠵᠢ ᠶᠢᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ | ᠰᠢᠯᠭᠠᠯᠲᠠ ᠶᠢᠨ ᠲᠥᠰᠦᠯ ᠢ ᠲᠣᠭᠲᠠᠭᠠᠬᠤ ᠶᠢ ᠳᠡᠮᠵᠢᠵᠦ᠂ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢᠲᠤ | ᠰᠤᠷᠭᠠᠭᠤᠯᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠰᠣᠷᠣᠭᠴᠢ ᠡᠯᠰᠡᠬᠦ ᠬᠡᠪᠴᠢᠶ᠎ᠡ ᠶᠢ ᠥᠷᠭᠡᠳᠭᠡᠪᠡ︔ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠨᠡᠪᠲᠡᠷᠡᠭᠦᠯᠦᠨ ᠬᠥᠮᠦᠵᠢᠭᠦᠯᠬᠦ ᠵᠢᠯᠣᠭᠤᠳᠬᠤ ᠰᠠᠨᠠᠯ ᠢ ᠲᠣᠭᠲᠠᠭᠠᠵᠤ᠂ ᠡᠯ᠎ᠡ | ᠮᠤᠵᠢ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠪᠣᠯᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ︵3 + 2︶ ᠢ | ᠨᠡᠪᠲᠡᠷᠡᠭᠦᠯᠦᠨ ᠲᠠᠪᠤᠨ ᠵᠢᠯ ᠪᠣᠯᠭᠠᠬᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠪᠣᠯᠤᠨ ᠠᠵᠢᠯ ᠮᠡᠷᠭᠡᠵᠢᠯ ᠤᠨ | ᠦᠨᠳᠦᠰᠦᠨ ᠠᠩᠭᠢ ᠪᠤᠶᠤ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢ ︵3 + 4︶ ᠶᠢ ᠨᠡᠪᠲᠡᠷᠡᠭᠦᠯᠦᠨ | ᠲᠤᠯᠤᠭᠠᠨ ᠵᠢᠯ ᠪᠣᠯᠭᠠᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠪᠣᠯᠤᠨ ᠠᠵᠢᠯ | ᠮᠡᠷᠭᠡᠵᠢᠯ ᠤᠨ ᠦᠨᠳᠦᠰᠦᠨ ᠠᠩᠭᠢ ᠪᠤᠶᠤ ᠬᠡᠷᠡᠭᠯᠡᠭᠡᠨ ᠤ ᠬᠡᠯᠪᠡᠷᠢᠲᠦ ᠦᠨᠳᠦᠰᠦᠨ ᠠᠩᠭᠢ ︵3 + 2︶ ᠶᠢ | ᠨᠡᠪᠲᠡᠷᠡᠭᠦᠯᠦᠨ ᠲᠠᠪᠤᠨ ᠵᠢᠯ ᠪᠣᠯᠭᠠᠨ ᠬᠥᠮᠦᠵᠢᠭᠦᠯᠬᠦ ᠶᠢ ᠳᠡᠮᠵᠢᠪᠡ᠃ ︽ᠠᠵᠢᠯ ᠮᠡᠷᠭᠡᠵᠢᠯ ᠤᠨ ᠰᠤᠷᠭᠠᠨ ᠬᠥᠮᠦᠵᠢᠯ | ᠪᠣᠯ ︿ᠲᠡᠭᠦᠰᠭᠡᠯ ᠰᠤᠷᠭᠠᠨ ᠬᠥᠮᠦᠵᠢᠯ﹀ ᠪᠢᠰᠢ᠂ ᠨᠡᠩ ᠴᠤ ︿ᠳᠤᠤᠷ᠎ᠠ ᠲᠠᠰ ᠳᠠᠪᠬᠤᠷᠭ᠎ᠠ ᠶᠢᠨ ᠰᠤᠷᠭᠠᠨ ᠬᠥᠮᠦᠵᠢᠯ﹀ | ᠪᠢᠰᠢ᠂ ᠬᠠᠷᠢᠨ ᠢᠯᠡ ᠲᠣᠳᠣ ᠣᠨᠴᠠᠯᠢᠭᠲᠤ ᠨᠢᠭᠡ ᠵᠦᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠮᠥᠨ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠭᠥᠷᠳᠡᠵᠦ ᠪᠠᠶᠢᠭ᠎ᠠ ᠰᠤᠷᠤᠭᠴᠢᠳ ᠰᠤᠷᠭᠠᠭᠤᠯᠢ ᠳᠡᠪᠰᠢᠵᠦ ᠪᠣᠯᠬᠤ | ᠮᠥᠷᠲᠡᠭᠡᠨ ᠪᠠᠰᠠ ᠠᠵᠢᠯ ᠣᠯᠵᠤ ᠪᠣᠯᠤᠨ᠎ᠠ᠂ ᠪᠠᠰᠠ ᠤᠷᠢᠳ ᠢᠶᠠᠷ ᠠᠵᠢᠯ ᠣᠯᠵᠤ ᠳᠠᠷᠠᠭ᠎ᠠ ᠨᠢ ᠰᠤᠷᠭᠠᠭᠤᠯᠢ | ᠳᠡᠪᠰᠢᠵᠦ ᠪᠣᠯᠤᠨ᠎ᠠ᠂ ᠰᠤᠷᠤᠭᠴᠢᠳ ᠤᠨ ᠣᠯᠠᠨ ᠶᠠᠩᠵᠤ ᠶᠢᠨ᠂ ᠣᠯᠠᠨ ᠠᠷᠭ᠎ᠠ ᠵᠠᠮ ᠢᠶᠠᠷ ᠪᠤᠶᠢᠵᠢᠵᠤ | ᠴᠢᠳᠠᠪᠤᠷᠢᠲᠠᠨ ᠪᠣᠯᠬᠤ ᠠᠷᠭ᠎ᠠ ᠵᠠᠮ ᠢ ᠬᠠᠮᠤᠭ ᠤᠨ ᠶᠡᠭᠡ ᠬᠡᠮᠵᠢᠶ᠎ᠡ ᠪᠠᠷ ᠥᠷᠭᠡᠳᠭᠡᠪᠡ︾ ᠭᠡᠵᠦ | ᠬᠠᠷᠢᠭᠤᠴᠠᠯᠭᠠᠲᠠᠨ ᠠᠴᠠ ᠢᠯᠡᠷᠬᠡᠶᠢᠯᠡᠪᠡ᠃ | ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠪᠡ | ᠃ ᠳᠡᠯᠡᠬᠡᠢ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠭᠦᠯᠦᠯᠲᠡ ᠶᠢᠨ ᠶᠡᠭᠡ ᠬᠤᠷᠠᠯ ᠪᠠ | ᠳᠡᠯᠡᠬᠡᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ | ᠦᠷᠭᠦᠯᠵᠢᠯᠡᠨ ᠰᠠᠶᠢᠲᠤᠷ ᠡᠷᠬᠢᠯᠡᠵᠤ᠂ ᠵᠢᠭᠠᠬᠤ ᠶᠢᠨ ᠳᠠᠭᠠᠤ ᠦᠢᠯᠡᠳᠪᠦᠷᠢᠯᠡᠬᠦ᠂ ᠦᠢᠯᠡᠳᠪᠦᠷᠢᠯᠡᠬᠦ ᠵᠢᠭᠠᠬᠤ ᠶᠢ | ᠵᠡᠷᠭᠡᠴᠡᠭᠦᠯᠬᠦ ᠶᠢ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠠᠨ ᠤᠯᠤᠰ ᠤᠨ | ᠬᠠᠮᠲᠤᠷᠠᠯᠴᠠᠭᠠᠨ ᠤ ᠲᠠᠪᠴᠠᠩ ᠢ ᠪᠤᠢ ᠪᠣᠯᠭᠠᠪᠠ᠃ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠬᠦᠳᠦᠯᠦᠨ | ᠳᠠᠭᠠᠭᠤᠯᠬᠤ ᠤᠯᠤᠰ ᠤᠨ ᠲᠡᠰ ᠤᠨ ᠨᠢᠭᠡ ᠪᠦᠯᠦᠭ ᠲᠥᠰᠦᠯ ᠢ ᠳᠣᠭᠲᠠᠭᠠᠪᠠ | ︽ᠰᠠᠨᠠᠯ︾ ᠨᠢ ᠶᠠᠮᠤᠨ ᠪᠠ ᠮᠤᠵᠢ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠬᠤ ᠪᠠᠷ ᠭᠤᠤᠯ | ᠪᠣᠯᠭᠠᠵᠤ᠂ ᠲᠥᠪ ᠪᠠ ᠣᠷᠣᠨ ᠨᠤᠲᠤᠭ ᠦᠢᠯᠡᠳᠦᠯᠴᠡᠬᠦ᠂ ᠣᠷᠣᠨ ᠪᠦᠰᠡ ᠬᠤᠯᠪᠣᠭᠠᠯᠠᠨ ᠬᠥᠳᠡᠯᠦᠯᠴᠡᠬᠦ᠂ ᠵᠠᠰᠠᠭ | ᠵᠠᠬᠢᠷᠭ᠎ᠠ ᠠᠵᠢᠯ ᠲᠥᠷᠦᠯ ᠠᠵᠤ ᠠᠬᠤᠶᠢᠯᠠᠯ ᠰᠤᠷᠭᠠᠭᠤᠯᠢ ᠬᠠᠮᠵᠢᠯᠴᠠᠬᠤ ᠥᠭᠡᠷᠡᠴᠢᠯᠡᠯᠲᠡ ᠶᠢᠨ ᠰᠢᠨ᠎ᠡ | ᠲᠣᠭᠲᠠᠴᠠ ᠶᠢ ᠲᠥᠯᠥᠪᠯᠡᠨ᠂ ᠲᠦᠷᠢᠮ ᠤᠨ ᠬᠠᠩᠭᠠᠯᠭ᠎ᠠ ᠭᠦᠢᠴᠡᠳ᠂ ᠨᠥᠬᠦᠴᠡᠯ ᠤᠨ ᠪᠠᠲᠤᠯᠠᠭ᠎ᠠ ᠬᠦᠴᠦᠲᠡᠶ᠂ ᠠᠵᠤ | ᠦᠢᠯᠡᠳᠪᠦᠷᠢ ᠪᠠ ᠰᠤᠷᠭᠠᠨ ᠬᠥᠮᠥᠵᠢᠯ ᠭᠦᠨᠵᠡᠭᠡᠶ ᠠᠭᠤᠰᠤᠯᠴᠠᠭᠰᠠᠨ ᠰᠢᠨ᠎ᠡ ᠠᠮᠢ ᠠᠬᠤᠶ ᠶᠢ ᠬᠦᠴᠦᠯᠡᠨ ᠪᠣᠶ | ᠪᠣᠯᠭᠠᠪᠠ᠃ | ᠴᠡᠭ ᠢ ᠰᠢᠪᠲᠤᠯᠵᠤ᠂ ᠰᠠᠭᠤᠷᠢ ᠲᠠᠢ᠂ ᠬᠦᠰᠡᠯ ᠡᠷᠡᠮᠡᠯᠵᠡᠯ ᠲᠠᠢ ᠭᠠᠵᠠᠷ ᠣᠷᠣᠨ ᠤ ᠬᠢᠨ ᠤᠷᠢᠳ ᠢᠶᠠᠷ | ᠳᠠᠭᠤᠷᠢᠶᠠᠯ ᠦᠵᠡᠭᠦᠯᠵᠦ᠂ ᠥᠯᠢᠭᠡᠷ ᠳᠠᠭᠤᠷᠢᠶᠠᠯ ᠪᠣᠯᠬᠤ ᠶᠢ ᠳᠡᠮᠵᠢᠪᠡ᠃ 2023 ᠣᠨ ᠤ ᠡᠬᠢ ᠪᠠᠷ 10 ᠣᠷᠴᠢᠮ | ᠮᠤᠵᠢ ᠶᠢ ᠰᠣᠩᠭᠤᠵᠤ᠂ ᠶᠠᠮᠤᠨ ᠪᠠ ᠮᠤᠵᠢ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠵᠤ᠂ ︽ᠨᠢᠭᠡ ᠮᠤᠵᠢ | ᠨᠢᠭᠡ ᠲᠥᠰᠦᠯ︾ ᠤᠨ ᠨᠠᠶᠢᠳᠠᠪᠤᠷᠢᠵᠢᠭᠤᠯᠬᠤ ᠲᠥᠰᠦᠯ ᠢ ᠨᠠᠶᠢᠷᠠᠭᠤᠯᠤᠨ ᠵᠣᠬᠢᠶᠠᠵᠤ᠂ ︽ᠨᠢᠭᠡ ᠮᠤᠵᠢ ᠨᠢᠭᠡ ᠠᠷᠭ᠎ᠠ | ᠪᠣᠳᠣᠯᠭ᠎ᠠ︾ ᠶᠢᠨ ᠵᠥᠷᠢᠶᠡᠲᠦ ᠳᠡᠮᠵᠢᠯᠭᠡ ᠦᠵᠡᠭᠦᠯᠵᠦ᠂ ︽ᠨᠢᠭᠡ ᠮᠤᠵᠢ ᠨᠢᠭᠡ ᠡᠬᠡ ᠲᠠᠩᠰᠠ︾ ᠶᠢ ᠨᠢᠭᠡᠳ | ᠨᠢᠭᠡ ᠪᠠᠷ ᠨᠠᠶᠢᠳᠠᠪᠤᠷᠢᠵᠢᠭᠤᠯᠬᠤ ᠶᠢ ᠠᠬᠢᠭᠤᠯᠪᠠ᠃ | ᠱᠤᠭᠤᠮ ᠳᠡᠭᠡᠷ᠎ᠡ ᠳᠡᠭᠡᠭᠰᠢᠯᠡᠭᠦᠯᠵᠦ᠂ ᠰᠤᠷᠭᠠᠭᠤᠯᠢ ᠡᠷᠭᠢᠯᠡᠬᠦ ᠴᠢᠳᠠᠪᠤᠷᠢ ᠶᠢᠨ ᠵᠠᠩᠭᠢᠯᠠᠭ᠎ᠠ ᠶᠢᠨ ᠱᠤᠭᠤᠮ ᠲᠠᠢ | ᠤᠶᠠᠯᠳᠤᠭᠤᠯᠤᠨ᠂ ᠨᠢᠭᠡ ᠪᠦᠯᠦᠭ ᠵᠠᠩᠭᠢᠯᠠᠭ᠎ᠠ ᠶᠢᠨ ᠲᠥᠷᠥ ᠶᠢᠨ ᠪᠣᠳᠣᠯᠭ᠎ᠠ ᠪᠠ ᠭᠤᠤᠯᠳᠠᠯᠭ᠎ᠠ ᠲᠠᠢ ᠲᠥᠰᠦᠯ ᠢ | ᠳᠣᠭᠲᠠᠭᠠᠪᠠ᠃ ᠨᠢᠭᠡ ᠲᠠᠯ᠎ᠠ ᠪᠠᠷ᠂ ᠳᠡᠭᠡᠷ᠎ᠡ ᠳᠤᠷᠠᠳᠤᠭᠰᠠᠨ ︽ᠲᠠᠪᠤᠨ ᠵᠦᠢᠯ ᠤᠨ ᠭᠤᠣᠯᠳᠠᠯᠭ᠎ᠠ ᠲᠠᠢ ᠠᠵᠢᠯ︾ ᠤᠨ | ᠲᠣᠭᠤᠷᠢᠨ ᠳᠤ ᠲᠤᠰ ᠲᠤᠰ ᠲᠤᠰᠬᠠᠶ ᠢᠨᠵᠧᠨᠧᠷᠢᠩ ᠤᠨ ᠲᠥᠯᠥᠪᠯᠡᠭᠡ ᠳᠣᠭᠲᠠᠭᠠᠵᠤ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠬᠦᠷᠢᠶᠡᠨ ᠤ ᠥᠭᠡᠷᠡᠴᠢᠯᠡᠯᠲᠡ ᠶᠢ ᠬᠥᠲᠥᠯᠥᠨ ᠵᠢᠯᠣᠭᠤᠳᠬᠤ ᠨᠢᠭᠡ ᠪᠦᠯᠦᠭ ᠤᠯᠤᠰ ᠤᠨ | ᠲᠠᠰ ᠤᠨ ᠲᠥᠰᠦᠯ ᠢ ᠳᠣᠭᠲᠠᠭᠠᠨ᠂ ᠬᠡᠪ ᠳᠠᠭᠤᠷᠢᠶᠠᠯ ᠦᠵᠡᠭᠦᠯᠵᠦ᠂ ᠲᠦᠷᠦᠯ ᠲᠡᠮᠳᠡᠭᠲᠦ ᠶᠢ ᠡᠭᠦᠳᠪᠡ᠃ | ᠨᠥᠭᠦᠭᠡ ᠲᠠᠯ᠎ᠠ ᠪᠠᠷ᠂ ᠬᠤᠪᠢ ᠣᠷᠣᠭᠤᠯᠬᠤ ᠲᠦᠷᠢᠮ᠂ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠯᠭᠠᠯᠲᠠ ᠬᠢᠵᠦ ᠰᠣᠷᠣᠭᠴᠢ ᠡᠯᠰᠡᠬᠦ ᠲᠦᠷᠢᠮ ᠤᠨ | ᠥᠭᠡᠷᠡᠴᠢᠯᠡᠯᠲᠡ ᠵᠡᠷᠭᠡ ᠣᠷᠣᠨ ᠨᠤᠲᠤᠭ ᠤᠨ ︽ᠬᠦᠨᠳᠡᠬᠦ ᠠᠴᠠ ᠵᠢᠷᠦᠬᠡᠰᠢᠶᠡᠬᠦ︾᠂ ︽ᠬᠡᠯᠡᠬᠦ ᠶᠢᠨ ᠠᠷᠭ᠎ᠠ ᠥᠬᠡᠶ︾ | ᠬᠦᠴᠢᠷ ᠠᠰᠠᠭᠤᠳᠠᠯ ᠳᠤ ᠴᠢᠭᠯᠡᠭᠦᠯᠦᠨ᠂ ᠤᠯᠤᠰ ᠤᠨ ᠲᠠᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ | ᠨᠡᠶᠢᠭᠡᠮ ᠨᠡᠶᠢᠲᠡ ᠳᠤ ᠳᠣᠬᠢᠶ᠎ᠠ ᠳᠠᠮᠵᠢᠭᠤᠯᠤᠨ᠂ ᠣᠷᠣᠨ ᠨᠤᠲᠤᠭ ᠲᠤ ᠳᠡᠮᠵᠢᠯᠭᠡ ᠬᠠᠩᠭᠠᠵᠤ᠂ ᠦᠨᠳᠦᠰᠦᠨ | ᠱᠠᠲᠤᠨ ᠤ ᠬᠢᠨ ᠢ ᠬᠥᠲᠥᠯᠥᠨ ᠵᠢᠯᠣᠭᠤᠳᠴᠤ ᠵᠣᠷᠢᠭᠲᠠᠶ ᠳᠤᠷᠰᠢᠵᠤ ᠵᠣᠷᠢᠭᠲᠠᠶ ᠬᠢᠯᠭᠡᠪᠡ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠡᠶᠢᠭᠡᠮ ᠤᠨ ᠵᠤᠷᠭᠠᠨ ᠤ | ᠬᠠᠷᠢᠭᠤᠴᠠᠯᠭᠠᠲᠠᠨ᠂ ᠣᠶᠢᠷ᠎ᠠ ᠶᠢᠨ ᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ | ᠬᠡᠪᠴᠢᠶ᠎ᠡ ᠶᠡᠭᠡ ᠪᠠᠷ ᠨᠡᠮᠡᠭᠳᠡᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠵᠢᠯ ᠪᠦᠷᠢ ᠤᠯᠤᠰ ᠲᠤ ᠪᠠᠷᠤᠭ 1000 ᠲᠦᠮᠡᠨ ᠥᠨᠳᠥᠷ ᠬᠡᠪ ᠴᠢᠨᠠᠷ ᠪᠥᠬᠦᠶ | ᠤᠷ᠎ᠠ ᠴᠢᠳᠠᠪᠤᠷᠢᠲᠤ ᠴᠢᠳᠠᠪᠤᠷᠢᠲᠠᠨ ᠢ ᠬᠥᠮᠦᠵᠢᠭᠦᠯᠵᠦ ᠥᠭᠴᠡᠶ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠲᠤᠰᠬᠠᠶ ᠮᠡᠷᠭᠡᠵᠢᠯ ᠪᠣᠯ ᠵᠠᠬ᠎ᠠ ᠳᠡᠯᠭᠡᠭᠦᠷ ᠤᠨ ᠬᠡᠷᠡᠭᠴᠡᠭᠡ ᠶᠢ ᠴᠢᠩᠭ᠎ᠠ ᠳᠠᠭᠠᠵᠤ᠂ ᠪᠦᠲᠦᠴᠡ ᠪᠠᠨ ᠲᠠᠰᠤᠷᠠᠯᠲᠠ | ᠥᠬᠡᠶ ᠲᠣᠬᠢᠷᠠᠭᠤᠯᠤᠨ᠂ ᠪᠠᠶᠢᠷᠢᠯᠠᠭᠤᠯᠤᠯᠲᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠤᠯᠤᠰ ᠲᠤ 1300 | ᠭᠠᠷᠤᠶ ᠲᠤᠰᠬᠠᠶ ᠮᠡᠷᠭᠡᠵᠢᠯ ᠢ ᠨᠡᠭᠡᠭᠡᠵᠦ᠂ ᠤᠯᠤᠰ ᠠᠷᠠᠳ ᠤᠨ ᠠᠵᠤ ᠠᠬᠤᠶ ᠶᠢᠨ ᠡᠯ᠎ᠡ ᠬᠦᠷᠢᠶ᠎ᠡ ᠶᠢ | ᠦᠨᠳᠦᠰᠦᠨ ᠳᠤ ᠪᠠᠨ ᠬᠠᠮᠤᠷᠪᠠ︔ ᠪᠠᠭᠰᠢ ᠶᠢᠨ ᠡᠩᠨᠡᠭᠡᠨ ᠤ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ | 3 ᠵᠢᠯ ᠠᠴᠠ ᠳᠡᠭᠡᠭᠰᠢ ᠠᠵᠤ ᠠᠬᠤᠶᠢᠯᠠᠯ ᠳᠤ ᠠᠵᠢᠯᠯᠠᠭᠰᠠᠨ ᠥᠩᠭᠡᠷᠡᠯᠲᠡ ᠲᠠᠢ ᠬᠥᠮᠦᠰ ᠤᠨ ᠳᠣᠲᠣᠷ᠎ᠠ ᠠᠴᠠ | ᠢᠯᠡ ᠪᠠᠷ ᠪᠠᠭᠰᠢ ᠡᠯᠰᠡᠬᠦ ᠶᠢ ᠲᠦᠷᠭᠡᠳᠬᠡᠵᠦ᠂ ︽ᠬᠤᠤᠰ ᠬᠢᠷᠢ ᠬᠡᠮᠲᠦ︾ ᠪᠠᠭᠰᠢ ᠶᠢᠨ ᠬᠠᠷᠢᠴᠠᠯ ᠶᠠᠪᠤᠬᠤ | ᠲᠤᠲᠤᠮ ᠥᠨᠳᠥᠷ ᠪᠣᠯᠵᠣ ᠪᠠᠶᠢᠨ᠎ᠠ ᠭᠡᠪᠡ᠃ | ᠲᠠᠨᠢᠯᠴᠠᠭᠤᠯᠤᠭᠰᠠᠨ ᠢᠶᠠᠷ᠂ ᠣᠳᠣᠬᠠᠨ ᠳᠤ᠂ ᠤᠯᠤᠰ ᠤᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ | ᠠᠭᠤᠰᠬᠠᠬᠤ 21ᠲᠤᠷᠰᠢᠯᠲᠠ ᠶᠢᠨ ᠬᠤᠲᠠ ᠶᠢ ᠨᠢᠭᠡᠨᠲᠡ ᠮᠠᠭᠠᠳᠯᠠᠨ ᠲᠣᠭᠲᠠᠭᠠᠵᠤ᠂ ᠡᠯ᠎ᠡ ᠭᠠᠵᠠᠷ ᠤᠨ ᠬᠢᠨ 4600 | ᠭᠠᠷᠤᠶ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠬᠡᠯᠪᠡᠷᠢ ᠶᠢᠨ ᠠᠵᠤ ᠠᠬᠤᠶᠢᠯᠠᠯ ᠢ | ᠪᠤᠶᠢᠵᠢᠭᠤᠯᠵᠤ᠂ ᠨᠢᠭᠡ ᠪᠦᠯᠦᠭ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠠ ᠠᠵᠢᠯ ᠲᠥᠷᠥᠯ ᠤᠨ | ᠨᠡᠶᠢᠭᠡᠮᠯᠢᠭ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ ᠠᠭᠤᠰᠬᠠᠬᠤ ᠠᠵᠢᠯ ᠳᠤ ᠢᠳᠡᠪᠬᠢᠲᠡᠶ ᠣᠷᠣᠯᠴᠠᠵᠤ᠂ | ᠨᠢᠭᠡᠨᠲᠡ ᠬᠤᠲᠠ ᠪᠠᠷ ᠵᠠᠩᠭᠢᠯᠠᠭ᠎ᠠ ᠶᠢᠨ ᠴᠡᠭ ᠪᠣᠯᠭᠠᠭᠰᠠᠨ᠂ ᠠᠵᠢᠯ ᠲᠥᠷᠥᠯ ᠢᠶᠠᠷ ᠲᠤᠯᠭᠠᠭᠤᠷᠢᠯᠠᠬᠤ ᠴᠡᠭ | ᠪᠣᠯᠭᠠᠭᠰᠠᠨ᠂ ᠠᠵᠤ ᠠᠬᠤᠶᠢᠯᠠᠯ ᠢᠶᠠᠷ ᠭᠤᠤᠯᠳᠠᠯᠭ᠎ᠠ ᠪᠣᠯᠭᠠᠭᠰᠠᠨ ᠠᠵᠤ ᠦᠢᠯᠡᠳᠪᠦᠷᠢ ᠪᠠ ᠰᠤᠷᠭᠠᠨ ᠬᠥᠮᠦᠵᠢᠯ ᠢ | ᠠᠭᠤᠰᠬᠠᠬᠤ ᠶᠢ ᠠᠬᠢᠭᠤᠯᠬᠤ ᠲᠣᠭᠲᠠᠴᠠ ᠶᠢ ᠠᠩᠬ᠎ᠠ ᠠᠯᠬᠤᠮ ᠪᠦᠷᠢᠯᠳᠦᠭᠦᠯᠪᠡ ᠭᠡᠵᠡᠢ᠃ | | |