ᠰᠢᠨ ᠬᠤᠶ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠷᠢᠶᠠᠯᠠᠩ ᠤᠨ  ᠰᠦᠯᠢᠶᠣᠣ  ᠪᠦᠷᠬᠦᠪᠴᠢ ᠶᠢᠨ ᠲᠤᠰᠬᠠᠶ  ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/3/27
   ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠦᠶ᠎ᠡ ᠪᠠᠶᠢᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠲᠠᠷᠢᠶᠠᠯᠠᠩ ᠤᠨ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠵᠤ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠮᠠᠭᠤ ᠰᠠᠨᠠᠭ᠎ᠠ ᠲᠠᠢ ᠪᠠᠷ ᠰᠥᠯᠪᠡᠭᠡᠯᠳᠦᠬᠦ᠂ ᠦᠨ᠎ᠡ ᠬᠠᠩᠰᠢ ᠶᠢ ᠥᠰᠬᠡᠬᠦ᠂ ᠬᠤᠳᠠᠯ ᠬᠠᠭᠤᠷᠮᠠᠭ ᠮᠡᠳᠡᠭᠡ ᠵᠠᠩᠭᠢ ᠲᠠᠷᠬᠠᠭᠠᠬᠤ ᠵᠡᠷᠭᠡ ᠬᠠᠤᠯᠢ ᠶᠢ ᠵᠥᠷᠢᠴᠡᠭᠰᠡᠨ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ᠰᠢᠨ ᠬᠤᠶ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠠᠴᠠ ᠬᠠᠷᠢᠶᠠᠲᠤ ᠣᠷᠣᠨ ᠤ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠭᠦᠯ ᠤᠨ ᠪᠣᠷᠣᠯᠠᠭᠤᠯᠭ᠎ᠠ ᠳᠤ ᠲᠤᠰᠬᠠᠶ ᠪᠠᠶᠢᠴᠠᠭᠠᠯᠲᠠ ᠬᠢᠵᠡᠶ    ᠬᠠᠷᠢᠶ᠎ᠠ ᠣᠷᠣᠨ ᠤ ᠪᠠᠨ ᠡᠯ᠎ᠡ ᠠᠵᠢᠯ ᠡᠷᠭᠢᠯᠡᠬᠦ ᠨᠢᠭᠡᠴᠢ ᠳᠤ ᠴᠢᠭᠯᠡᠭᠦᠯᠦᠨ᠂ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ ᠡᠵᠡᠩᠨᠡᠭᠴᠢ ᠡᠵᠡᠩᠨᠡᠬᠦ ᠬᠢᠷᠢ ᠬᠡᠮ ᠲᠠᠢ ᠪᠠᠶᠢᠬᠤ ᠡᠰᠡᠬᠦ᠂ ᠡᠵᠡᠩᠨᠡᠭᠰᠡᠨ ᠰᠦᠯᠢᠶᠣᠣ ᠪᠦᠷᠬᠦᠪᠴᠢ ᠶᠢᠨ ᠱᠣᠰᠢᠭ᠎ᠠ᠂ ᠬᠡᠪ ᠪᠠᠷᠢᠮᠵᠢᠶ᠎ᠠ ᠨᠢ ᠤᠯᠤᠰ ᠠᠴᠠ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠬᠦ ᠡᠰᠡᠬᠦ᠂ ᠲᠠᠷᠢᠶᠠᠯᠠᠩ ᠳᠤ ᠬᠡᠷᠡᠭᠯᠡᠬᠦ ᠰᠦᠯᠢᠶᠣᠣ ᠪᠦᠷᠬᠦᠪᠴᠢ ᠶᠢᠨ ᠡᠵᠡᠩᠨᠡᠯᠲᠡ ᠶᠢᠨ ᠳᠡᠯᠭᠡᠭᠦᠷ ᠤᠨ ᠦᠨᠡᠮᠯᠡᠯ ᠨᠢ ᠪᠦᠷᠢᠨ ᠭᠦᠢᠴᠡᠳ ᠪᠥᠭᠡᠳ ᠬᠦᠴᠦᠨ ᠲᠠᠢ ᠪᠠᠶᠢᠬᠤ ᠡᠰᠡᠬᠦ᠂ ᠪᠣᠷᠣᠯᠠᠭᠤᠯᠤᠭᠰᠠᠨ ᠰᠦᠯᠢᠶᠣᠣ ᠪᠦᠷᠬᠦᠪᠴᠢ᠂ ᠳᠤᠰᠤᠯᠭᠠᠨ ᠤᠰᠤᠯᠠᠬᠤ ᠪᠦᠰᠡ ᠳᠤ ᠱᠣᠰᠢᠭ᠎ᠠ ᠲᠡᠮᠳᠡᠭ ᠳᠠᠭᠠᠯᠳᠤᠭᠤᠯᠤᠭᠰᠠᠨ ᠡᠰᠡᠬᠦ᠂ ᠱᠣᠰᠢᠭ᠎ᠠ ᠲᠡᠮᠳᠡᠭ ᠲᠤ ᠲᠣᠳᠣᠷᠬᠠᠶᠢᠯᠠᠭᠰᠠᠨ ᠠᠭᠤᠯᠭ᠎ᠠ ᠨᠢ ᠣᠨᠣᠪᠴᠢᠲᠠᠶ ᠪᠥᠭᠡᠳ ᠵᠢᠷᠤᠮᠵᠢᠯ ᠲᠠᠢ ᠪᠠᠶᠢᠬᠤ ᠡᠰᠡᠬᠦ᠂ ᠵᠠᠷ ᠤᠨ ᠤᠬᠠᠭᠤᠯᠭ᠎ᠠ ᠨᠢ ᠪᠤᠰᠤᠳᠴᠢ ᠪᠥᠭᠡᠳ ᠭᠤᠣᠯᠴᠢ ᠪᠠᠶᠢᠬᠤ ᠡᠰᠡᠬᠦ ᠵᠡᠷᠭᠡ ᠶᠢ ᠭᠤᠣᠯᠳᠠᠯᠭ᠎ᠠ ᠲᠠᠢ  ᠪᠠᠶᠢᠴᠠᠭᠠᠪᠠ᠃    ᠪᠠᠶᠢᠴᠠᠭᠠᠬᠤ ᠶᠠᠪᠤᠴᠠ ᠳᠤ ᠬᠠᠤᠯᠢ ᠬᠡᠷᠡᠭᠵᠢᠭᠦᠯᠬᠦ ᠠᠵᠢᠯᠲᠠᠨ ᠬᠢᠭᠡᠳ ᠡᠵᠡᠩᠨᠡᠭᠴᠢ ᠭᠤᠤᠯ ᠴᠣᠭᠴᠠ ᠶᠢᠨ ᠡᠬᠡ ᠲᠠᠩᠰᠠ ᠪᠠᠶᠢᠭᠤᠯᠵᠤ᠂ ᠡᠵᠡᠩᠨᠡᠭᠴᠢ ᠶᠢ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠪᠠᠨ ᠴᠢᠩᠭᠠᠳᠬᠠᠵᠤ᠂ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠰᠢᠨ ᠬᠤᠶ ᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠴᠢᠨ ᠲᠦᠮᠡᠨ ᠳᠤ ᠴᠢᠨᠠᠷ ᠰᠠᠶᠢᠲᠠᠶ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠭᠦᠨ ᠬᠤᠳᠠᠯᠳᠤᠨ ᠠᠪᠤᠭᠤᠯᠵᠤ᠂ ᠬᠠᠭᠤᠷᠮᠠᠭ ᠮᠠᠭᠤ  ᠦᠢᠯᠡᠳᠭᠦᠨ ᠦᠢᠯᠡᠳᠪᠦᠷᠢᠯᠡᠵᠦ ᠪᠣᠷᠣᠯᠠᠭᠤᠯᠬᠤ ᠪᠠ ᠦᠨᠡᠮᠯᠡᠯ ᠥᠬᠡᠶ ᠪᠠᠷ  ᠦᠢᠯᠡᠳᠪᠦᠷᠢᠯᠡᠬᠦ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ  ᠰᠢᠢᠳᠪᠦᠷᠢᠯᠡᠵᠦ᠂ ᠡᠷᠡᠭᠦᠯ ᠪᠥᠭᠡᠳ ᠡᠮᠬᠢ ᠵᠢᠷᠤᠮ ᠲᠠᠢ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号