ᠭᠤᠷᠪᠠᠨᠬᠤᠸᠠ  ᠪᠠᠯᠭᠠᠰᠤ ᠨᠢ ᠤᠰᠤ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2023/3/27
 
   3 ᠰᠠᠷ᠎ᠠ ᠶᠢᠨ 22 ᠤᠨ ᠡᠳᠦᠷ ᠪᠣᠯ ᠭᠤᠴᠢᠨ ᠨᠢᠭᠡᠳᠦᠭᠡᠷ ᠬᠤᠭᠤᠴᠠᠭᠠᠨ ᠤ ︽ᠳᠡᠯᠡᠬᠡᠶ ᠶᠢᠨ ᠤᠰᠤᠨ ᠤ ᠡᠳᠦᠷ︾ ᠮᠥᠨ᠂ ᠡᠭᠦᠨ ᠤ ᠬᠠᠮᠲᠤ 3 ᠰᠠᠷ᠎ᠠ ᠶᠢᠨ 22 ᠤᠨ ᠡᠳᠦᠷ ᠠᠴᠠ 28 ᠤ ᠡᠳᠦᠷ ᠪᠣᠯᠲᠠᠯ᠎ᠠ ᠭᠤᠴᠢᠨ ᠵᠢᠷᠭᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠮᠥᠨ᠃ ᠲᠣᠰᠬᠤᠨ ᠤ ᠠᠷᠠᠳ ᠤᠨ ᠤᠰᠤ ᠶᠢ ᠠᠷᠪᠢᠯᠠᠨ ᠬᠡᠷᠡᠭᠯᠡᠬᠦ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠤᠰᠤ ᠠᠷᠪᠢᠯᠠᠵᠤ ᠤᠰᠤ ᠶᠢ ᠬᠠᠮᠠᠭᠠᠯᠠᠬᠤ ᠰᠠᠶᠢᠠ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠶᠢᠨ ᠲᠥᠯᠥᠭᠡ᠂ ᠬᠤᠰᠢᠭᠤᠨ ᠤ ᠣᠰᠣᠨ ᠠᠰᠢᠭᠯᠠᠯᠲᠠ ᠶᠢᠨ ᠲᠣᠪᠴᠢᠶ᠎ᠠ ᠠᠴᠠ ᠭᠤᠷᠪᠠᠨᠬᠤᠸᠠ ᠪᠠᠯᠭᠠᠰᠤᠨ ᠤ ᠣᠰᠣᠨ ᠠᠰᠢᠭᠯᠠᠯᠲᠠ ᠶᠢᠨ ᠠᠵᠢᠯ ᠤᠨ ᠪᠠᠶᠢᠷᠢ ᠲᠠᠢ ᠬᠠᠮᠲᠤᠷᠠᠵᠤ᠂ ᠭᠤᠷᠪᠠᠨᠬᠤᠸᠠ ᠪᠠᠯᠭᠠᠰᠤᠨ ᠳᠤ ︽ᠳᠡᠯᠡᠬᠡᠢ ᠶᠢᠨ ᠣᠰᠣᠨ ᠤ ᠡᠳᠦᠷ︾᠂ ︽ᠳᠤᠮᠳᠠᠳᠤ ᠤᠯᠤᠰ ᠤᠨ ᠣᠰᠣᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠪᠠᠷ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ᠂ ᠤᠬᠠᠭᠤᠯᠭ᠎ᠠ ᠶᠢᠨ ᠲᠡᠷᠭᠡ ᠲᠤᠬᠠᠢ ᠶᠢᠨ ᠲᠠᠯᠠᠪᠠᠢ ᠳᠤ ︽ᠤᠰᠤ ᠶᠢ  ᠠᠷᠪᠢᠯᠠᠨ ᠬᠡᠷᠡᠭᠯᠡᠬᠦ ᠳᠦᠷᠢᠮ︾ ᠤᠨ ᠤᠬᠠᠭᠤᠯᠭ᠎ᠠ ᠶᠢᠨ ᠳᠠᠭᠤ ᠰᠢᠩᠭᠡᠭᠡᠯᠲᠡ ᠶᠢ ᠨᠡᠪᠲᠡᠷᠡᠭᠦᠯᠵᠦ᠂ ᠠᠵᠢᠯᠳᠠᠨ᠂ ᠰᠠᠶᠢᠨ ᠳᠤᠷ᠎ᠠ ᠶᠢᠨ ᠠᠵᠢᠯᠯᠠᠭᠰᠠᠳ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢᠨ ᠤᠬᠠᠭᠤᠯᠭ᠎ᠠ ᠶᠢᠨ ᠬᠠᠭᠤᠳᠠᠰᠤ᠂ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠤᠨ ᠡᠪᠬᠡᠮᠡᠯ ᠬᠠᠭᠤᠳᠠᠰᠤ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠳᠠᠭᠠᠤ ᠤᠰᠤ ᠠᠷᠪᠢᠯᠠᠬᠤ ᠶᠡᠷᠦ ᠶᠢᠨ ᠮᠡᠳᠡᠯᠭᠡ ᠶᠢ ᠲᠠᠶᠢᠯᠪᠤᠷᠢᠯᠠᠪᠠ᠃ ᠥᠷᠭᠡᠨ ᠤᠯᠠᠨ ᠲᠣᠰᠬᠤᠨ ᠤ ᠠᠷᠠᠳ ᠤᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ ᠶᠢ ᠰᠠᠨᠠᠭᠠᠴᠢᠯᠠᠵᠤ᠂ ᠳᠡᠷᠭᠡᠳᠡᠬᠢ ᠬᠥᠮᠦᠰ ᠤᠨ ᠤᠬᠠᠮᠰᠠᠷ ᠠᠴᠠ ᠪᠠᠨ ᠤᠰᠤ ᠠᠷᠪᠢᠯᠠᠵᠤ ᠤᠰᠤ ᠬᠠᠮᠠᠭᠠᠯᠠᠬᠤ ᠶᠢ ᠬᠦᠳᠦᠯᠦᠨ ᠵᠢᠯᠣᠭᠤᠳᠴᠤ᠂ ᠤᠰᠤ ᠠᠷᠪᠢᠯᠠᠬᠤ ᠶᠡᠷᠦ ᠶᠢᠨ ᠮᠡᠳᠡᠯᠭᠡ ᠶᠢ ᠨᠡᠮᠡᠭᠳᠡᠭᠦᠯᠵᠦ᠂ ᠨᠢᠭᠡ ᠤᠰᠤ ᠶᠢ ᠤᠯᠠᠨ ᠲᠠᠯ᠎ᠠ ᠪᠠᠷ ᠬᠡᠷᠡᠭᠯᠡᠬᠦ ᠠᠮᠢᠳᠤᠷᠠᠯ ᠤᠨ ᠳᠠᠳᠬᠠᠯ ᠲᠠᠢ ᠪᠣᠯᠬᠤ ᠶᠢ ᠰᠠᠨᠠᠭᠠᠴᠢᠯᠠᠪᠠ᠃    ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 500 ᠭᠠᠷᠤᠶ ᠤᠬᠠᠭᠤᠯᠭ᠎ᠠ ᠶᠢᠨ ᠵᠠᠷ ᠲᠠᠷᠬᠠᠭᠠᠵᠤ᠂ 400 ᠭᠠᠷᠤᠶ ᠨᠤᠭᠤᠯᠤᠮᠠᠯ ᠬᠠᠭᠤᠳᠠᠰᠤ ᠲᠠᠷᠬᠠᠭᠠᠵᠠᠶ᠃ ᠲᠣᠰ ᠤᠳᠠᠭᠠᠨ ᠤ ᠤᠰᠤ ᠠᠷᠪᠢᠯᠠᠬᠤ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠰᠢᠷᠢᠰ ᠠᠵᠢᠯᠯᠠᠭ᠎ᠠ ᠪᠠᠷ ᠳᠡᠮᠵᠢᠨ᠂ ᠤᠰᠤ ᠶᠢ ᠬᠠᠶᠢᠷᠠᠯᠠᠬᠤ᠂ ᠤᠰᠤ ᠶᠢ ᠭᠠᠮᠨᠠᠬᠤ᠂ ᠤᠰᠤ ᠶᠢ ᠠᠷᠪᠢᠯᠠᠬᠤ᠂ ᠤᠰᠤ ᠶᠢ ᠬᠠᠮᠠᠭᠠᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠡᠳᠦᠷ ᠲᠤᠲᠤᠮ ᠤᠨ ᠠᠮᠢᠳᠤᠷᠠᠯ ᠳᠤᠮᠳᠠ ᠤᠰᠤ ᠶᠢ ᠠᠷᠪᠢᠯᠠᠨ ᠬᠡᠷᠡᠭᠯᠡᠵᠦ᠂ ᠤᠰᠤ ᠠᠷᠪᠢᠯᠠᠬᠤ ᠣᠶᠢᠯᠠᠭᠠᠭᠳᠠᠬᠤᠨ ᠢ ᠳᠠᠮᠵᠢᠭᠤᠯᠤᠨ᠂ ᠨᠠᠩ ᠣᠯᠠᠨ ᠬᠥᠮᠦᠨ ᠢ ᠳᠠᠶᠢᠴᠢᠯᠠᠨ ︽ᠤᠰᠤ ᠶᠢ ᠨᠠᠨᠳᠢᠩᠨᠠᠵᠤ᠂ ᠤᠰᠤ ᠶᠢ ᠬᠠᠶᠢᠷᠠᠯᠠᠬᠤ︾ ᠠᠵᠢᠯᠯᠠᠭ᠎ᠠ ᠳᠤ ᠤᠬᠠᠮᠰᠠᠷ ᠠᠴᠠ ᠪᠠᠨ ᠣᠷᠣᠯᠴᠠᠭᠤᠯᠬᠤ ᠶᠢ ᠬᠦᠰᠡᠵᠦ ᠪᠠᠶᠢᠨ᠎ᠠ᠃ ᠳᠠᠷᠠᠭᠠᠴᠢ ᠶᠢᠨ ᠠᠯᠬᠤᠮ ᠳᠤ᠂  ᠭᠤᠷᠪᠠᠨᠬᠤᠸᠠ ᠪᠠᠯᠭᠠᠰᠤ ᠤᠯᠠᠨ ᠬᠡᠯᠪᠡᠷᠢ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠥᠷᠭᠡᠨ ᠢᠶᠠᠷ ᠤᠬᠠᠭᠤᠯᠵᠤ᠂ ᠤᠰᠤ ᠠᠷᠪᠢᠯᠠᠵᠤ ᠤᠰᠤ ᠬᠠᠮᠠᠭᠠᠯᠠᠬᠤ ᠶᠢ ᠲᠣᠰᠬᠤᠨ ᠤ ᠠᠷᠠᠳ ᠤᠯᠠᠨ ᠤ ᠡᠳᠦᠷ ᠲᠤᠳᠤᠮ ᠤᠨ ᠳᠠᠳᠬᠠᠯ ᠪᠣᠯᠭᠠᠨ᠎ᠠ
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号