| ᠬᠠᠷᠢᠶᠠᠲᠤ ᠣᠷᠣᠨ ᠤ ᠠᠳᠠᠯ ᠠᠬᠤᠶ ᠶᠢᠨ ᠦᠢᠯᠡᠴᠢᠯᠡᠭᠡᠨ ᠤ ᠬᠠᠮᠢᠶᠠᠷᠤᠯᠲᠠ ᠪᠠ ᠨᠡᠶᠢᠭᠡᠮ ᠲᠣᠭᠤᠷᠢᠭ ᠤᠨ | ᠵᠠᠰᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠡᠭᠡᠯᠢ ᠭᠤᠳᠤᠮᠵᠢ ᠶᠢᠨ ᠠᠯᠪᠠᠨ | ᠬᠡᠷ ᠤᠨ ᠠᠳᠠᠯ ᠠᠬᠤᠶ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 3 | ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠰᠢᠨᠵᠸᠦ ᠵᠡᠭᠡᠯᠢ ᠭᠤᠳᠤᠮᠵᠢ ᠶᠢᠨ ᠠᠯᠪᠠᠨ ᠬᠡᠷ ᠤᠨ | ᠭᠤᠤᠯ ᠬᠠᠷᠢᠭᠤᠴᠠᠯᠭᠠᠲᠠᠨ ᠵᠡᠭᠡᠯᠢ ᠭᠤᠳᠤᠮᠵᠢ ᠶᠢᠨ ᠠᠳᠠᠯ ᠠᠬᠤᠶ ᠶᠢᠨ ᠠᠯᠪᠠᠨ ᠬᠡᠷ᠂ ᠡᠯ᠎ᠡ ᠨᠡᠶᠢᠭᠡᠮ | ᠲᠣᠭᠤᠷᠢᠭ ᠤᠨ ᠱᠦᠵᠢ᠂ ᠡᠯ᠎ᠡ ᠠᠳᠠᠯ ᠠᠬᠤᠶ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠡᠷᠭᠡ 20 | ᠬᠥᠮᠦᠰ ᠢ ᠳᠠᠭᠠᠭᠤᠯᠤᠨ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠲᠤ ᠬᠦᠷᠴᠦ ᠨᠡᠶᠢᠭᠡᠮ ᠲᠣᠭᠤᠷᠢᠭ ᠤᠨ | ᠵᠠᠰᠠᠯᠲᠠ ᠵᠢᠴᠢ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠰᠢᠨᠵᠢᠯᠡᠨ ᠪᠠᠶᠢᠴᠠᠭᠠᠵᠤ ᠰᠤᠷᠤᠯᠴᠠᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠦᠩᠱᠠᠨ ᠲᠣᠭᠤᠷᠢᠭ ᠤᠨ ᠰᠢᠶᠠᠩ ᠶᠠᠩ | ᠵᠡᠭᠡᠯᠢ ᠭᠤᠳᠤᠮᠵᠢ ᠶᠢᠨ ᠹᠸᠢ ᠼᠦᠢ ᠮᠢᠩ ᠵᠦ ᠨᠡᠶᠢᠭᠡᠮ ᠲᠣᠭᠤᠷᠢᠭ᠂ ᠶᠢᠨ ᠬᠤᠸᠠ ᠨᠡᠶᠢᠭᠡᠮ ᠲᠣᠭᠤᠷᠢᠭ᠂ ᠶᠢᠨ | ᠢᠦᠢ ᠬᠤᠸᠠ ᠹᠦ᠋ ᠠᠳᠠᠯ ᠠᠬᠤᠢ ᠶᠢᠨ ᠺᠣᠮᠫᠠᠨᠢ᠂ ᠶᠢᠨ ᠳ᠋ᠢ ᠾᠧᠩ ᠲᠦᠩ ᠠᠳᠠᠯ ᠠᠬᠤᠢ ᠶᠢᠨ ᠺᠣᠮᠫᠠᠨᠢ᠂ ᠳ᠋ᠦ᠋ | ᠾᠦᠢ ᠮᠢᠩ ᠵᠦ ᠪᠠᠭ᠎ᠠ ᠲᠣᠭᠤᠷᠢᠭ ᠵᠡᠷᠭᠡ ᠭᠠᠵᠠᠷ ᠲᠤ ᠬᠦᠷᠴᠦ ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ | ᠪᠠᠶᠢᠭᠤᠯᠬᠤ᠂ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠲᠣᠣᠷᠵᠢᠭᠤᠯᠤᠭᠰᠠᠨ | ᠬᠠᠮᠢᠶᠠᠷᠤᠯᠲᠠ᠂ ᠤᠶᠤᠨᠲᠤ ᠨᠡᠶᠢᠭᠡᠮ ᠲᠣᠭᠤᠷᠢᠭ ᠢ ᠪᠠᠶᠢᠭᠤᠯᠬᠤ᠂ ᠳᠠᠩᠰᠠ ᠡᠪᠬᠡᠮᠡᠯ ᠤᠨ ᠪᠠᠶᠢᠭᠤᠯᠤᠯᠲᠠ ᠪᠠ | ᠬᠠᠮᠢᠶᠠᠷᠤᠯᠲᠠ᠂ ᠵᠢᠵᠢᠭ ᠲᠣᠭᠤᠷᠢᠭ ᠢ ᠠᠭᠤᠰᠤᠯᠴᠠᠭᠤᠯᠬᠤ ᠨᠠᠮ ᠤᠨ ᠪᠠᠶᠢᠭᠤᠯᠤᠯᠲᠠ᠂ ᠠᠳᠠᠯ ᠠᠬᠤᠶ ᠶᠢᠨ | ᠰᠦᠢᠳᠬᠡᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠪᠠ ᠰᠦᠢᠳᠬᠡᠯ ᠬᠤᠷᠢᠶᠠᠬᠤ ᠨᠣᠷᠮ᠎ᠠ᠂ ᠨᠠᠮ ᠤᠨ | ᠪᠠᠶᠢᠭᠤᠯᠤᠯᠲᠠ ᠪᠠᠷ ᠬᠤᠪᠢᠰᠬᠠᠯ ᠤᠨ ᠠᠳᠠᠯ ᠠᠬᠤᠶ ᠶᠢ ᠬᠥᠲᠥᠯᠥᠨ ᠳᠠᠭᠠᠭᠤᠯᠬᠤ᠂ ᠨᠢᠭᠡ ᠡᠷᠦᠬᠡ ᠨᠢᠭᠡ ᠳᠡᠰ ᠤᠨ | ᠬᠡᠷᠡᠭᠯᠡᠭᠴᠢ ᠶᠢᠨ ᠰᠢᠯᠢᠳᠡᠭ ᠦᠢᠯᠡᠴᠢᠯᠡᠭᠡ᠂ ︽ᠭᠤᠷᠪᠠᠨ ᠴᠠᠬᠢᠯᠭᠠᠨ ᠭᠤᠷᠪᠠᠨ ᠤᠰᠤᠨ ᠤ ᠡᠨᠧᠷᠭᠢ ᠶᠢᠨ | ᠠᠵᠢᠯᠯᠠᠭᠠᠨ︾ ᠵᠡᠷᠭᠡ ᠬᠤᠯᠪᠣᠭᠳᠠᠯ ᠪᠦᠬᠦᠢ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ | ᠠᠳᠠᠯ ᠠᠬᠤᠶ ᠶᠢᠨ ᠠᠵᠤ ᠠᠬᠤᠶᠢᠯᠠᠯ ᠤᠨ ᠠᠳᠠᠯ ᠠᠬᠤᠶ ᠶᠢᠨ ᠦᠢᠯᠡᠴᠢᠯᠡᠭᠡᠨ ᠤ ᠬᠠᠮᠢᠶᠠᠷᠤᠯᠲᠠ ᠵᠡᠷᠭᠡ ᠲᠠᠯ᠎ᠠ ᠶᠢᠨ | ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠨᠠᠷᠢᠨ ᠣᠶᠢᠯᠠᠭᠠᠬᠤ ᠶᠢᠨ ᠬᠠᠮᠲᠤ᠂ ᠰᠢᠶᠠᠩ ᠶᠠᠩ ᠵᠡᠭᠡᠯᠢ ᠭᠤᠳᠤᠮᠵᠢ᠂ | ᠹᠸᠢ ᠼᠦᠢ ᠮᠢᠩ ᠵᠦ᠂ ᠶᠢᠨ ᠬᠤᠸᠠ ᠨᠡᠶᠢᠭᠡᠮ ᠲᠣᠭᠤᠷᠢᠭ ᠵᠢᠴᠢ ᠠᠳᠠᠯ ᠠᠬᠤᠶ ᠶᠢᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠨᠡᠶᠢᠭᠡᠮ ᠲᠣᠭᠤᠷᠢᠭ ᠤᠨ ᠵᠠᠰᠠᠯᠲᠠ ᠶᠢ ᠬᠡᠷᠬᠢᠨ ᠴᠢᠩᠭᠠᠳᠬᠠᠬᠤ᠂ ᠠᠳᠠᠯ ᠠᠬᠤᠶ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠬᠡᠷᠬᠢᠨ ᠳᠡᠭᠡᠭᠰᠢᠯᠡᠭᠦᠯᠬᠦ ᠲᠤᠬᠠᠶ ᠰᠤᠳᠤᠯᠤᠨ ᠶᠠᠷᠢᠯᠴᠠᠬᠤ | ᠪᠠ ᠰᠠᠨᠠᠯ ᠢᠶᠠᠨ ᠰᠣᠯᠢᠯᠴᠠᠪᠠ᠃ | | ᠰᠢᠨᠵᠢᠯᠡᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ | ᠤᠯᠠᠭᠠᠨᠬᠠᠳᠠ ᠬᠤᠲᠠ ᠶᠢᠨ ᠠᠳᠠᠯ ᠠᠬᠤᠶ ᠶᠢᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ | ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠳᠤ ᠣᠷᠣᠯᠴᠠᠵᠤ᠂ ᠬᠠᠮᠢᠶ᠎ᠠ ᠪᠥᠬᠦᠶ | ᠬᠠᠤᠯᠢ ᠴᠠᠭᠠᠵᠠ᠂ ᠲᠦᠷᠢᠮ ᠵᠢᠴᠢ ᠠᠳᠠᠯ ᠠᠬᠤᠶ ᠶᠢᠨ ᠠᠵᠤ ᠠᠬᠤᠶᠢᠯᠠᠯ ᠤᠨ ᠲᠣᠭᠲᠠᠭᠠᠯ ᠳᠤ ᠨᠡᠶᠢᠴᠡᠭᠰᠡᠨ | ᠡᠵᠡᠩᠨᠡᠯᠲᠡ ᠶᠢᠨ ᠴᠢᠳᠠᠪᠤᠷᠢ ᠶᠢ ᠲᠦᠷᠭᠡᠨ ᠳᠡᠭᠡᠭᠰᠢᠯᠡᠭᠦᠯᠬᠦ ᠣᠨᠣᠯ ᠤᠨ ᠮᠡᠳᠡᠯᠭᠡ ᠶᠢ ᠭᠦᠨᠵᠡᠭᠡᠶ ᠰᠤᠷᠤᠯᠴᠠᠪᠠ᠃ | | ᠤᠯᠠᠨ ᠢᠶᠠᠷ ᠢᠶᠠᠨ᠂ ᠲᠤᠰ ᠤᠳᠠᠭ᠎ᠠ ᠶᠢᠨ ᠪᠣᠯᠪᠠᠰᠤᠷᠠᠯ ᠨᠢ ᠵᠢᠯᠣᠭᠤᠳᠬᠤ ᠴᠢᠨᠠᠷ ᠪᠠ ᠬᠡᠷᠡᠭᠵᠢᠭᠦᠯᠵᠦ | ᠪᠣᠯᠬᠤᠶᠢᠴᠠ ᠴᠢᠨᠠᠷ ᠢᠶᠠᠷ ᠮᠠᠰᠢ ᠴᠢᠩᠭ᠎ᠠ ᠪᠠᠶᠢᠵᠤ᠂ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠳᠠᠮᠵᠢᠨ | ᠰᠡᠳᠬᠢᠴᠡ ᠪᠠᠨ ᠥᠷᠭᠡᠳᠬᠡᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨᠵᠸᠤ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠬᠤᠶᠢᠰᠢᠳᠠ ᠶᠢᠨ ᠠᠳᠠᠯ ᠠᠬᠤᠢ ᠶᠢᠨ ᠠᠵᠢᠯ ᠢ ᠴᠢᠨᠠᠷ ᠰᠠᠶᠢᠲᠠᠢ ᠬᠥᠭᠵᠢᠭᠦᠯᠬᠦ᠂ ᠨᠡᠶᠢᠭᠡᠮ | ᠲᠣᠭᠤᠷᠢᠭ ᠤᠨ ᠵᠠᠰᠠᠯᠲᠠ ᠶᠢ ᠲᠡᠭᠦᠯᠳᠡᠷᠵᠢᠭᠦᠯᠬᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ᠂ | ᠬᠦᠷᠲᠡᠮᠵᠢ ᠶᠢᠨ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠳᠤ ᠢᠳᠡᠪᠬᠢᠲᠡᠢ ᠦᠢᠯᠡᠳᠦᠯ | ᠦᠵᠡᠭᠦᠯᠵᠡᠢ ᠭᠡᠵᠦ ᠰᠠᠨᠠᠯ ᠨᠢᠭᠡᠲᠡᠢ ᠢᠯᠡᠳᠬᠡᠪᠡ᠃ |