ᠬᠤᠸᠠᠩ ᠶᠠᠩ ᠸᠠ ᠪᠠᠯᠭᠠᠰᠤ᠄ ︽ᠭᠠᠳᠠᠭᠰᠢ ᠭᠠᠷᠴᠤ︾ ᠬᠠᠷᠠᠭ᠎ᠠ ᠪᠠᠨ ᠥᠷᠭᠡᠳᠬᠡᠵᠦ ︽ᠰᠤᠷᠤᠯᠴᠠᠨ ᠢᠷᠡᠵᠦ︾ ᠳᠡᠭᠡᠭᠰᠢᠯᠡᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/3/28
   
   ᠲᠠᠷᠢᠶᠠᠴᠢᠳ ᠤᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠪᠠ ᠲᠠᠷᠢᠶᠠᠯᠠᠩ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ᠲᠥᠯᠥᠭᠡ᠂ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ 3 ᠰᠠᠷ᠎ᠠ ᠶᠢᠨ 27 ᠤ ᠡᠳᠦᠷ᠂ ᠬᠤᠸᠠᠩ ᠶᠠᠩ ᠸᠠ ᠪᠠᠯᠭᠠᠰᠤ ︽ᠭᠠᠳᠠᠭᠰᠢ ᠭᠠᠷᠴᠤ︾ ᠬᠠᠷᠠᠭ᠎ᠠ ᠪᠠᠨ ᠥᠷᠭᠡᠳᠬᠡᠵᠦ᠂ ︽ ᠰᠤᠷᠤᠯᠴᠠᠨ ᠢᠷᠡᠵᠦ︾  ᠳᠡᠭᠡᠭᠰᠢᠯᠡᠯᠲᠡ ᠶᠢ ᠠᠬᠢᠭᠤᠯᠬᠤ ᠵᠣᠷᠢᠯᠭ᠎ᠠ ᠪᠠᠷ᠂ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠪᠦᠯᠬᠦᠮ ᠳᠠᠭᠠᠭᠤᠯᠤᠨ 17 ᠬᠥᠮᠦᠰ ᠡᠷᠬᠢᠨ ᠲᠣᠭᠤᠷᠢᠨ ᠤ ᠰᠢᠶᠠᠩ  ᠪᠠᠯᠭᠠᠰᠤᠨ ᠳᠤ ᠬᠦᠷᠴᠦ  ᠦᠢᠯᠡᠳᠪᠦᠷᠢᠯᠡᠯ᠂ ᠬᠠᠩᠭᠠᠨ ᠪᠣᠷᠣᠯᠠᠭᠤᠯᠤᠯᠲᠠ᠂ ᠢᠲᠡᠭᠡᠮᠵᠢ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ  ᠴᠡᠭ ᠤᠨ ᠪᠠᠶᠢᠳᠠᠯ ᠢ ᠰᠢᠨᠵᠢᠯᠡᠨ ᠪᠠᠶᠢᠴᠠᠭᠠᠪᠠ᠃    ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠲᠤᠬᠠᠢ ᠶᠢᠨ ᠲᠠᠯᠠᠪᠠᠢ ᠳᠤ ᠰᠢᠶᠠ ᠸᠠ ᠪᠠᠯᠭᠠᠰᠤ ᠪᠣᠯᠤᠨ ᠮᠣᠳᠤᠨ ᠠᠶᠢᠯ ᠰᠢᠶᠠᠩ ᠤᠨ ᠠᠵᠢᠯᠲᠠᠳ ᠤᠨ ᠦᠢᠯᠡᠳᠪᠦᠷᠢᠯᠡᠯ᠂ ᠬᠠᠩᠭᠠᠨ ᠪᠣᠷᠣᠯᠠᠭᠤᠯᠭ᠎ᠠ᠂ ᠢᠲᠡᠭᠡᠮᠵᠢ  ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠦᠢᠯᠡᠴᠢᠯᠡᠭᠡ ᠥᠷᠨᠢᠭᠦᠯᠦᠭᠰᠡᠨ ᠦᠨᠳᠦᠰᠦᠨ ᠠᠷᠭ᠎ᠠ ᠬᠢᠳᠡᠯ᠂ ᠠᠬᠢᠭᠤᠯᠤᠭᠰᠠᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃ ᠰᠢᠶᠠ ᠸᠠ ᠪᠠᠯᠭᠠᠰᠤ ᠶᠢᠨ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ ᠰᠢᠶᠠ ᠸᠠ ᠶᠢᠨ ᠲᠠᠷᠢᠶᠠᠯᠠᠩ ᠤᠨ  ᠦᠢᠯᠡᠴᠢᠯᠡᠭᠡᠨ ᠤ ᠬᠢᠵᠠᠭᠠᠷᠲᠤ ᠺᠣᠮᠫᠠᠨᠢ᠂  ᠰᠢᠨ ᠮᠧᠩ  ᠯᠢᠶᠠᠩ ᠤᠨ ᠬᠤᠷᠰᠢᠶ᠎ᠠ᠂  ᠽᠣᠣ ᠶᠤᠸᠠᠨ ᠽᠦᠨ ᠲᠣᠰᠬᠤᠨ ᠤ ᠳᠠᠷᠢᠵᠤ ᠲᠡᠵᠢᠭᠡᠬᠦ ᠲᠠᠷᠢᠶᠠᠴᠢᠳ ᠤᠨ ᠲᠤᠰᠬᠠᠶ ᠬᠤᠷᠰᠢᠶ᠎ᠠ ᠪᠣᠯᠤᠨ  ᠮᠣᠳᠤᠨ ᠠᠶᠢᠯ ᠰᠢᠶᠠᠩ ᠤᠨ ᠰᠢᠶᠤᠤ ᠾᠧ ᠰᠢ ᠲᠠᠷᠢᠶᠠᠯᠠᠩ ᠤᠨ  ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠲᠤᠷᠰᠢᠯᠭ᠎ᠠ ᠬᠢᠳᠡᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠨᠠᠷᠢᠨ ᠣᠶᠢᠯᠠᠭᠠᠪᠠ᠃ ᠡᠭᠦᠨ ᠤ ᠬᠠᠮᠲᠤ ᠢᠲᠡᠭᠡᠮᠵᠢ ᠶᠢᠨ ᠬᠠᠮᠲᠤᠷᠠᠯᠴᠠᠭ᠎ᠠ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ᠂ ᠭᠠᠵᠠᠷ ᠰᠢᠷᠣᠶ ᠶᠢᠨ ᠨᠠᠶᠢᠳᠠᠯᠭ᠎ᠠ ᠶᠢᠨ ᠬᠠᠮᠢᠶᠠᠷᠤᠯᠲᠠ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠤ ᠠᠰᠠᠭᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠨ ᠶᠠᠷᠢᠯᠴᠠᠪᠠ᠃
   ᠲᠣᠰ ᠤᠳᠠᠭᠠᠨ ᠤ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠳᠡᠮᠵᠢᠨ᠂ ᠪᠥᠬᠦ ᠪᠠᠯᠭᠠᠰᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ ᠠᠬᠢᠭᠤᠯᠬᠤ ᠳᠤ ᠲᠤᠷᠰᠢᠯᠭ᠎ᠠ ᠶᠢᠨ ᠯᠠᠪᠯᠠᠯᠲᠠ ᠬᠠᠩᠭᠠᠪᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠨᠢᠭᠡ ᠵᠠᠮ ᠠᠶᠠᠯᠠᠨ᠂ ᠨᠢᠭᠡ ᠵᠠᠮ ᠰᠤᠷᠤᠯᠴᠠᠵᠤ᠂ ᠨᠢᠭᠡ ᠵᠠᠮ  ᠰᠡᠳᠬᠢᠵᠦ᠂ ᠨᠢᠭᠡ ᠵᠠᠮ ᠠᠮᠵᠢᠯᠲᠠ ᠲᠠᠢ᠂ ᠬᠠᠷᠠᠭ᠎ᠠ ᠪᠠᠨ ᠥᠷᠭᠡᠳᠬᠡᠵᠦ᠂ ᠰᠡᠳᠬᠢᠴᠡ ᠪᠠᠨ ᠲᠣᠳᠣᠷᠬᠠᠶᠢᠯᠠᠵᠤ᠂ ᠡᠷᠴᠢ ᠵᠣᠷᠢᠭ ᠢᠶᠠᠨ ᠬᠥᠪᠴᠢᠯᠡᠪᠡ᠃ ᠳᠠᠷᠠᠭᠠᠴᠢ ᠶᠢᠨ ᠠᠯᠬᠤᠮ ᠳᠤ᠂ ᠬᠤᠸᠠᠩ ᠶᠠᠩ ᠸᠠ ᠪᠠᠯᠭᠠᠰᠤ ᠶᠢᠨ ᠬᠢᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠩᠭᠡᠭᠡᠨ ᠠᠪᠴᠤ᠂ ᠪᠦᠬᠦ ᠪᠠᠯᠭᠠᠰᠤ ᠶᠢᠨ ᠪᠣᠳᠠᠲᠠᠢ ᠲᠠᠢ ᠨᠢᠭᠲᠠ ᠤᠶᠠᠯᠳᠤᠭᠤᠯᠵᠤ᠂ ᠠᠵᠢᠯ ᠤᠨ ᠲᠥᠰᠦᠯ ᠢᠶᠠᠨ ᠨᠠᠷᠢᠯᠢᠬᠵᠢᠭᠤᠯᠵᠤ᠂ ᠠᠬᠢᠭᠤᠯᠬᠤ ᠠᠷᠭ᠎ᠠ  ᠬᠡᠮᠵᠢᠶ᠎ᠡ ᠪᠠᠨ ᠨᠠᠶᠢᠳᠠᠪᠤᠷᠢᠵᠢᠭᠤᠯᠵᠤ᠂ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号