ᠵᠢᠯ ᠳᠤ 100 ᠲᠦᠮᠡᠨ ᠺᠢᠯᠣᠸᠠᠲ ︵4.0M W ᠵᠢᠴᠢ ᠲᠡᠭᠦᠨ ᠠᠴᠠ ᠳᠡᠭᠡᠭᠰᠢᠬᠢ ᠲᠠᠰ︶  ᠦᠢᠯᠡᠳᠪᠦᠷᠢᠯᠡᠬᠦ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ
ᠨᠡᠶᠢᠲᠡᠯᠡᠭᠰᠡᠨ ᠴᠠᠭ᠄
2023/3/28
   ᠬᠤᠸᠠ ᠷᠦᠢ ᠰᠠᠯᠬᠢᠨ ᠬᠦᠴᠦᠨ ᠤ ᠴᠠᠬᠢᠯᠭᠠᠨ ᠤ ᠰᠢᠨᠵᠢᠯᠡᠬᠦ ᠤᠬᠠᠭᠠᠨ ᠮᠡᠷᠭᠡᠵᠢᠯ ︵ᠪᠦᠯᠦᠭᠯᠡᠯ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠺᠢᠯᠣᠸᠠᠲ ︵4.0 M W ᠵᠢᠴᠢ ᠲᠡᠭᠦᠨ ᠠᠴᠠ ᠳᠡᠭᠡᠭᠰᠢᠬᠢ ᠲᠠᠰ︶ ᠤᠨ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠠᠵᠠᠷ ᠨᠢ ᠠᠤᠬᠠᠨ ᠬᠤᠰᠢᠭᠤᠨ ᠤ ᠰᠢᠨ ᠾᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠲᠥᠷᠥᠯ ᠵᠦᠢᠯ ᠤᠨ ᠡᠵᠡᠯᠡᠬᠦ ᠭᠠᠵᠠᠷ ᠨᠢ 100 ᠮᠥ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠪᠣᠯᠤᠨ᠎ᠠ᠂ ᠡᠭᠦᠨ ᠳᠤ ᠨᠢᠭᠡᠳᠦᠭᠡᠷ ᠬᠤᠭᠤᠴᠠᠭᠠᠨ ᠤ ᠪᠠᠯᠠ ᠣᠷᠣᠭᠤᠯᠤᠯᠲᠠ ᠨᠢ 2 ᠳ᠋ᠦᠩᠰᠢᠭᠤᠷ ᠲᠥᠭᠦᠷᠢᠭ ᠪᠠᠶᠢᠵᠤ᠂ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠦᠢᠯᠡᠳᠪᠦᠷᠢᠯᠡᠯ ᠢ ᠪᠠᠲᠤᠯᠠᠬᠤ ᠳᠤ ᠬᠡᠷᠡᠭᠯᠡᠨ᠎ᠡ︔ ᠬᠤᠶᠠᠳᠤᠭᠠᠷ ᠬᠤᠭᠤᠴᠠᠭᠠᠨ ᠤ ᠪᠠᠯᠠ ᠣᠷᠣᠭᠤᠯᠤᠯᠲᠠ 8 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠪᠠᠷ  ᠴᠢᠷᠮᠠᠶᠢᠨ ᠣᠯᠤᠭᠰᠠᠨ ᠰᠠᠯᠬᠢᠨ ᠬᠦᠴᠦᠨ ᠤ ᠴᠠᠬᠢᠯᠭᠠᠨ ᠤ ᠰᠢᠨ᠎ᠡ ᠭᠦᠢᠴᠡᠳᠭᠡᠯ ᠲᠤᠭ᠎ᠠ ᠶᠢ ᠬᠠᠩᠭᠠᠬᠤ ᠪᠠᠷ  ᠦᠢᠯᠡᠳᠪᠦᠷᠢᠯᠡᠬᠦ ᠴᠢᠳᠠᠪᠤᠷᠢ ᠶᠢ ᠥᠷᠭᠡᠳᠬᠡᠬᠦ ᠪᠠ ᠬᠠᠮᠢᠶ᠎ᠠ ᠪᠥᠬᠦᠶ ᠠᠵᠤ  ᠦᠢᠯᠡᠰ ᠢ ᠢᠵᠢ ᠪᠥᠷᠢᠳᠦᠭᠦᠯᠦᠨ᠎ᠡ᠃    ᠺᠣᠮᠫᠠᠨᠢ ᠨᠢ ᠠᠤᠬᠠᠨ ᠬᠤᠰᠢᠭᠤᠨ ᠳᠤ ︽ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠤ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ  ᠦᠢᠯᠡᠳᠬᠦ᠂ ᠭᠤᠤᠯ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ᠂ ᠰᠠᠯᠬᠢᠨ ᠬᠦᠴᠦᠨ ᠤ ᠴᠠᠬᠢᠯᠭᠠᠨ ᠤ ᠠᠵᠢᠯᠯᠠᠭᠤᠯᠵᠤ ᠪᠠᠲᠤᠯᠠᠬᠤ ᠦᠢᠯᠡᠴᠢᠯᠡᠭᠡ᠂ ᠰᠠᠯᠬᠢᠨ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ PLC ᠢ ᠤᠯᠤᠰ ᠲᠠᠭᠠᠨ ᠦᠢᠯᠡᠳᠪᠦᠷᠢᠯᠡᠬᠦ᠂ ᠤᠶᠤᠨᠲᠤ ᠰᠠᠯᠬᠢᠨ ᠬᠦᠴᠦᠨ ᠤ ᠴᠠᠬᠢᠯᠭᠠᠨ ᠤ ᠲᠠᠯᠠᠪᠠᠶ ᠶᠢ ᠪᠥᠲᠥᠭᠡᠨ ᠪᠠᠶᠢᠭᠤᠯᠬᠤ ᠪᠠ ᠡᠵᠡᠩᠨᠡᠬᠦ᠂ ᠠᠵᠤ ᠦᠢᠯᠡᠰ ᠤᠨ ᠴᠢᠳᠠᠪᠤᠷᠢᠲᠠᠨ ᠢ ᠬᠥᠮᠦᠵᠢᠭᠦᠯᠬᠦ᠂ ᠪᠣᠷᠣᠯᠠᠭᠤᠯᠬᠤ ᠪᠠ ᠴᠠᠬᠢᠯᠭᠠᠨ ᠲᠦᠭᠡᠭᠡᠬᠦ ᠲᠤᠬᠠᠶᠢᠯᠠᠭᠰᠠᠨ ᠠᠵᠢᠯ ᠢ ᠨᠢᠭᠡ ᠴᠤᠭᠴᠠᠵᠢᠭᠤᠯᠬᠤ︾ ᠰᠢᠨ᠎ᠡ ᠡᠨᠧᠷᠭᠢ ᠶᠢᠨ ᠶᠡᠷᠦᠩᠬᠡᠶᠢᠯᠡᠭᠰᠡᠨ ᠠᠵᠤ  ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠴᠢᠷᠮᠠᠶᠢᠵᠤ᠂ ᠠᠵᠤ ᠦᠢᠯᠡᠰ  ᠤᠨ ᠰᠠᠭᠤᠷᠢᠨ ᠭᠠᠵᠠᠷ ᠤᠨ ᠭᠤᠤᠯ ᠴᠢᠳᠠᠮᠵᠢ ᠳᠤ ︽ᠲᠣᠮᠣ ᠰᠠᠶ᠎ᠠ ᠸᠠᠲ ᠤᠨ ᠲᠠᠰ ᠤᠨ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠤ ᠲᠣᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠪᠠ  ᠦᠢᠯᠡᠳᠬᠦ ᠴᠢᠳᠠᠮᠵᠢᠳᠣ ᠣᠷᠣᠨ᠂ ᠨᠠᠪᠴᠢᠨ ᠢᠯᠲᠠᠰᠤ ᠵᠢᠴᠢ ᠰᠤᠪᠤᠷᠭᠠᠨ ᠬᠤᠭᠤᠯᠠᠶ ᠵᠡᠷᠭᠡ ᠰᠠᠯᠬᠢᠨ ᠬᠦᠴᠦᠨ ᠤ ᠴᠠᠬᠢᠯᠭᠠᠨ ᠤ ᠭᠤᠤᠯ ᠲᠣᠨᠣᠭᠯᠠᠭᠠᠰᠤ ᠶᠢ ᠰᠤᠳᠤᠯᠤᠨ ᠨᠡᠭᠡᠭᠡᠵᠦ  ᠦᠢᠯᠡᠳᠬᠦ ᠴᠢᠳᠠᠮᠵᠢᠳᠣ ᠣᠷᠣᠨ᠂ ᠰᠠᠯᠬᠢᠨ ᠬᠦᠴᠦᠨ ᠤ ᠴᠠᠬᠢᠯᠭᠠᠨ ᠤ ᠠᠵᠢᠯᠯᠠᠭᠤᠯᠵᠤ ᠪᠠᠲᠤᠯᠠᠬᠤ ᠰᠠᠭᠤᠷᠢᠨ ᠭᠠᠵᠠᠷ ᠤᠨ ᠴᠢᠳᠠᠮᠵᠢᠳᠣ ᠣᠷᠣᠨ ᠪᠠ ᠠᠵᠤ  ᠦᠢᠯᠡᠰ  ᠤᠨ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠤᠷᠭᠠᠭᠤᠯᠢ︾ ᠵᠡᠷᠭᠡ ᠪᠣᠶ᠃    ᠣᠲᠣ ᠪᠣᠯᠲᠠᠯ᠎ᠠ ᠭᠠᠵᠠᠷ ᠰᠢᠷᠣᠶ ᠶᠢ ᠲᠡᠭᠰᠢᠯᠡᠵᠦ᠂ ᠡᠯ᠎ᠡ  ᠵᠦᠢᠯ ᠤᠨ ᠭᠠᠷ  ᠭᠦᠢᠴᠡᠳᠭᠡᠯ ᠢ ᠨᠢᠭᠡᠨᠲᠡ  ᠭᠦᠢᠴᠡᠳᠭᠡᠵᠦ᠂ ᠲᠣᠨᠤᠭ ᠲᠥᠬᠦᠭᠡᠷᠦᠮᠵᠢ ᠶᠢ ᠨᠢᠭᠡᠨᠲᠡ ᠪᠦᠬᠦᠨ ᠢ ᠵᠠᠬᠢᠶᠠᠯᠠᠨ ᠠᠪᠴᠤ᠂ ᠶᠠᠭ ᠰᠠᠶᠢᠬᠠᠨ ᠭᠠᠵᠠᠷ ᠤᠨ ᠬᠤᠩᠭᠢᠯ ᠢ ᠨᠡᠭᠡᠭᠡᠨ ᠠᠰᠢᠭᠯᠠᠵᠤ᠂ 5000 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ  ᠪᠡᠶᠡᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号