ᠸᠠᠩ ᠶᠦᠩ ᠵᠢᠶᠦ᠋ᠨ ᠪᠠᠲᠤᠯᠠᠪᠤᠷᠢ ᠶᠢ ᠳᠠᠭᠠᠭᠠᠴᠢᠯᠠᠭᠰᠠᠨ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ  ᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/3/28
   3 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠪᠠᠲᠤᠯᠠᠪᠤᠷᠢ ᠶᠢ ᠳᠠᠭᠠᠭᠠᠴᠢᠯᠠᠭᠰᠠᠨ ᠠᠵᠤ ᠠᠬᠤᠶᠢᠯᠠᠯ ᠳᠤ ᠬᠦᠷᠴᠦ ᠢᠳᠡᠭᠡᠨ ᠤ ᠠᠮᠤᠷ ᠲᠦᠪᠰᠢᠨ ᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠰᠢᠶᠠ ᠯᠢ ᠮᠢᠩ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠬᠢᠨᠠᠨ ᠵᠢᠯᠣᠭᠤᠳᠪᠠ᠃    ᠸᠠᠩ ᠶᠦᠩ ᠵᠢᠶᠦ᠋ᠨ ᠨᠡᠷ ᠤᠷᠢᠳ ᠬᠤᠵᠢᠳ ᠠᠤᠬᠠᠨ ᠬᠤᠰᠢᠭᠤᠨ ᠤ  ᠭᠦᠸᠧ ᠪᠢᠨ ᠭᠤᠸᠠᠨ ᠵᠣᠴᠢᠳ ᠤᠨ ᠪᠠᠭᠤᠳᠠᠯ᠂ ᠮᠢᠩ ᠵᠦ ᠬᠡᠳᠦ ᠳᠡᠯᠭᠡᠭᠦᠷ᠂ ᠵᠢᠶᠠ ᠳ᠋ᠧ ᠯᠧ ᠬᠡᠳᠦ ᠳᠡᠯᠭᠡᠭᠦᠷ ᠲᠤ ᠬᠦᠷᠴᠦ ᠪᠠᠶᠢᠴᠠᠭᠠᠨ ᠦᠵᠡᠪᠡ᠃ ᠲᠤᠬᠠᠶ ᠶᠢᠨ ᠲᠠᠯᠠᠪᠠᠶ ᠳᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠳᠦᠷ ᠲᠤᠲᠤᠮ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠤᠰᠴᠤ᠂ ᠠᠵᠤ ᠠᠬᠤᠶᠢᠯᠠᠯ ᠤᠨ ᠣᠶᠢᠷ᠎ᠠ ᠶᠢᠨ ᠬᠥᠭᠵᠢᠯᠲᠡ ᠶᠢᠨ ᠪᠠᠶᠢᠳᠠᠯ᠂ ᠬᠠᠮᠢᠶ᠎ᠠ ᠪᠦᠬᠦᠢ ᠱᠠᠭᠠᠷᠳᠠᠯᠭ᠎ᠠ ᠵᠢᠴᠢ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠪᠣᠯᠤᠨ ᠢᠳᠡᠭᠡᠨ ᠤ ᠮᠥᠷᠳᠡᠨ ᠨᠡᠬᠡᠮᠵᠢᠯᠡᠬᠦ ᠰᠢᠰᠲ᠋ᠧᠮ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠵᠡᠩᠨᠡᠯᠲᠡ ᠶᠢᠨ ᠣᠷᠴᠢᠨ ᠲᠣᠭᠤᠷᠢᠨ ᠤ ᠨᠥᠬᠦᠴᠡᠯ᠂ ᠪᠠᠶᠢᠩᠭᠤ ᠶᠢᠨ ᠴᠢᠨᠠᠷᠲᠠᠶ ᠰᠡᠷᠭᠡᠶᠢᠯᠡᠨ ᠡᠵᠡᠮᠳᠡᠬᠦ᠂ ᠦᠢᠯᠡᠳᠪᠦᠷᠢᠯᠡᠯ ᠤᠨ ᠶᠠᠪᠤᠴᠠ ᠶᠢ ᠡᠵᠡᠮᠳᠡᠬᠦ᠂ ᠢᠳᠡᠭᠡᠨ ᠤ ᠠᠮᠤᠷ ᠲᠦᠪᠰᠢᠨ ᠤ ᠭᠡᠨᠡᠳᠡᠯ ᠢ ᠰᠢᠢᠳᠪᠦᠷᠢᠯᠡᠬᠦ ᠵᠢᠴᠢ ᠲᠦᠭᠰᠢᠭᠦᠷᠢ ᠶᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠲᠦᠷᠢᠮ ᠢ ᠨᠠᠷᠢᠨ ᠪᠠᠶᠢᠴᠠᠭᠠᠭᠰᠠᠨ ᠪᠥᠭᠡᠳ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ ᠵᠢᠯᠣᠭᠤᠳᠬᠤ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠤᠭᠰᠠᠨ ᠪᠠᠶᠢᠨ᠎ᠠ᠃    ᠸᠠᠩ ᠶᠦᠩ ᠵᠢᠶᠦ᠋ᠨ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠤᠳ ᠢᠳᠡᠭᠡᠨ ᠤ ᠠᠮᠤᠷ ᠲᠦᠪᠰᠢᠨ ᠤ ᠠᠵᠢᠯ ᠤᠨ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ ᠳᠣᠭᠢᠷᠠᠭᠤᠯᠬᠤ︾ ᠭᠤᠷᠪᠠᠨ ᠡᠬᠡ ᠲᠠᠩᠰᠠ ᠶᠢ ᠰᠠᠶᠢᠲᠤᠷ ᠬᠢᠬᠦ ᠬᠡᠷᠡᠭᠲᠡᠶ᠃ ᠠᠶᠦᠯᠭᠦᠢ ᠦᠢᠯᠡᠳᠪᠦᠷᠢᠯᠡᠯ ᠢ ᠴᠢᠬᠤᠯᠠᠴᠢᠯᠠᠵᠤ᠂ ᠢᠳᠡᠭᠡᠨ ᠤ ᠠᠮᠤᠷ ᠲᠦᠪᠰᠢᠨ ᠤ ᠥᠪᠡᠷ ᠢ ᠪᠠᠨ ᠪᠠᠶᠢᠴᠠᠭᠠᠬᠤ ᠠᠵᠢᠯ ᠢ ᠴᠠᠭ ᠲᠤᠬᠠᠶ ᠳᠤᠨᠢ ᠥᠷᠨᠢᠭᠦᠯᠵᠦ᠂ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠬᠡᠷᠡᠭᠲᠡᠶ᠃
   ᠸᠠᠩ ᠶᠦᠩ ᠵᠢᠶᠦ᠋ᠨ ᠴᠢᠬᠤᠯᠠᠴᠢᠯᠠᠭᠰᠠᠨ ᠨᠢ᠂ ᠴᠢᠨᠠᠷ ᠢ ᠪᠠᠲᠤᠯᠠᠬᠤ ᠬᠤᠭᠤᠴᠠᠭᠠᠨ ᠤ ᠲᠡᠮᠳᠡᠭ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠴᠢᠨᠠᠷ ᠬᠤᠪᠢᠷᠬᠠᠰᠠᠨ ᠪᠤᠶᠤ ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠢ ᠴᠠᠭ ᠲᠤᠬᠠᠶ ᠳᠤᠨᠢ ᠴᠡᠪᠡᠷᠯᠡᠵᠦ᠂ ᠠᠰᠠᠭᠤᠳᠠᠯ ᠲᠠᠢ ᠢᠳᠡᠭᠡᠨ ᠢ ᠲᠠᠯᠪᠢᠭᠤᠷ ᠠᠴᠠ ᠪᠠᠭᠤᠯᠭᠠᠵᠤ ᠡᠭᠡᠭᠦᠯᠦᠨ ᠠᠪᠠᠴᠢᠬᠤ ᠲᠦᠷᠢᠮ ᠢ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠲᠦᠭᠦᠬᠡᠶ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠪᠣᠭᠤᠮᠲᠠ᠂ ᠶᠠᠪᠤᠴᠠ ᠶᠢ ᠡᠵᠡᠮᠳᠡᠬᠦ ᠪᠣᠭᠤᠮᠲᠠ᠂ ᠪᠦᠲᠦᠭᠡᠭᠳᠡᠬᠦᠨ ᠢ ᠰᠢᠯᠭᠠᠨ ᠪᠠᠶᠢᠴᠠᠭᠠᠬᠤ ᠪᠣᠭᠤᠮᠲᠠ ᠶᠢ ᠰᠠᠶᠢᠲᠤᠷ ᠠᠳᠬᠤᠵᠤ᠂ ᠢᠳᠡᠭᠡᠨ ᠤ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠬᠤ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号