ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠠᠩᠰᠢ ᠶᠢᠨ ᠡᠳᠦᠷ ᠤᠨ ᠲᠠᠬᠢᠯᠭ᠎ᠠ ᠶᠢᠨ ᠡᠯ᠎ᠡ ᠵᠦᠢᠯ  ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2023/3/29
   ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠬᠠᠩᠰᠢ ᠶᠢᠨ ᠲᠠᠬᠢᠯᠭ᠎ᠠ ᠶᠢᠨ ᠣᠷᠭᠢᠯ ᠦᠶ᠎ᠡ ᠶᠢ ᠡᠮᠬᠢ ᠵᠢᠷᠤᠮ ᠲᠠᠢ ᠪᠠᠷ ᠠᠷᠭᠠᠴᠠᠬᠤ ᠶᠢᠨ ᠲᠥᠯᠥᠭᠡ᠂ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠡᠷᠲᠡ ᠠᠴᠠ ᠠᠷᠭ᠎ᠠ ᠰᠦᠪᠡᠭᠴᠢᠯᠡᠨ᠂ ᠨᠠᠷᠢᠨ ᠨᠢᠮᠪᠠᠶ ᠪᠠᠶᠢᠷᠢᠯᠠᠭᠤᠯᠵᠤ᠂ ᠬᠠᠩᠰᠢ ᠶᠢᠨ ᠲᠠᠬᠢᠯᠭ᠎ᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠪᠣᠯᠪᠠᠰᠤᠨ ᠲᠠᠬᠢᠯᠭ᠎ᠠ  ᠬᠢᠵᠦ᠂ ᠠᠮᠤᠷ ᠠᠮᠤᠭᠤᠯᠠᠩ ᠬᠠᠩᠰᠢ ︾ ᠶᠢ ᠦᠨᠡᠨ ᠬᠦ  ᠪᠠᠲᠤᠯᠠᠨ᠎ᠠ᠃    3 ᠰᠠᠷ᠎ᠠ ᠶᠢᠨ 27 ᠤ ᠡᠳᠦᠷ᠂ ᠠᠤᠬᠠᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠠᠩᠰᠢ ᠶᠢᠨ ᠲᠠᠬᠢᠯᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠠᠮᠤᠷ ᠲᠦᠪᠰᠢᠨ ᠤ ᠬᠠᠮᠢᠶᠠᠷᠤᠯᠲᠠ᠂ ᠰᠢᠯᠢᠳᠡᠭ ᠦᠢᠯᠡᠴᠢᠯᠡᠭᠡ᠂ ᠪᠣᠯᠪᠠᠰᠤᠨ ᠲᠠᠬᠢᠯᠭ᠎ᠠ ᠬᠢᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠪᠠᠶᠢᠷᠢᠯᠠᠭᠤᠯᠤᠯᠲᠠ ᠬᠢᠵᠦ᠂ ᠭᠠᠯ ᠤᠨ ᠭᠠᠮᠰᠢᠭ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠠᠮᠤᠷ ᠲᠦᠪᠰᠢᠨ ᠤ ᠬᠡᠮ ᠰᠣᠭᠤᠭ ᠲᠤ ᠴᠢᠭᠯᠡᠭᠦᠯᠦᠨ᠂  ᠬᠠᠩᠰᠢ ᠶᠢᠨ ᠡᠮᠦᠨᠡᠬᠢ ᠣᠩᠭᠤᠨ ᠤ ᠣᠷᠣᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠬᠠᠩᠰᠢ ᠶᠢᠨ ᠲᠠᠬᠢᠯᠭ᠎ᠠ ᠶᠢᠨ ᠠᠯᠪᠠᠨ ᠵᠠᠷ᠂ ᠪᠣᠯᠪᠠᠰᠤᠨ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ ᠢ ᠴᠠᠭ ᠲᠤᠬᠠᠶ ᠳᠤᠨᠢ ᠨᠡᠶᠢᠲᠡᠯᠡᠵᠦ᠂ ᠰᠦᠯᠵᠢᠶᠡᠨ ᠲᠠᠬᠢᠯᠭ᠎ᠠ᠂ ᠪᠣᠯᠪᠠᠰᠤᠨ ᠲᠠᠬᠢᠯᠭ᠎ᠠ ᠶᠢ ᠰᠠᠨᠠᠭᠠᠴᠢᠯᠠᠪᠠ᠃ ᠬᠠᠩᠰᠢ ᠶᠢᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷᠯᠡᠨ ᠰᠠᠬᠢᠭᠴᠢ ᠡᠯ᠎ᠡ  ᠵᠦᠢᠯ ᠤᠨ ᠵᠢᠵᠢᠭᠦᠷᠯᠡᠬᠦ ᠱᠠᠭᠠᠷᠳᠠᠯᠭ᠎ᠠ ᠶᠢ ᠣᠶᠢᠯᠠᠭᠠᠵᠤ᠂ ᠡᠯ᠎ᠡ ᠲᠥᠷᠥᠯ ᠤᠨ ᠴᠢᠬᠤᠯᠠ ᠪᠠᠴᠢᠮ ᠪᠠᠶᠢᠳᠠᠯ ᠢ ᠯᠠᠪᠳᠠᠭᠤᠨ ᠪᠥᠭᠡᠳ ᠪᠦᠲᠦᠮᠵᠢᠲᠡᠶ ᠰᠢᠢᠳᠪᠦᠷᠢᠯᠡᠬᠦ ᠶᠢ ᠪᠠᠲᠤᠯᠠᠬᠤ ᠶᠢᠨ ᠬᠠᠮᠲᠤ᠂ ᠡᠳᠦᠷ ᠲᠤ ᠮᠡᠳᠡᠭᠦᠯᠬᠦ ᠲᠦᠷᠢᠮ ᠢ ᠪᠠᠶᠢᠭᠤᠯᠵᠤ᠂ ᠡᠳᠦᠷ ᠪᠦᠷᠢ ᠲᠤᠰᠬᠠᠶ ᠬᠥᠮᠦᠨ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠲᠠᠬᠢᠯᠭ᠎ᠠ ᠶᠢᠨ ᠠᠵᠢᠯ ᠤᠨ ᠪᠠᠶᠢᠳᠠᠯ ᠢ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠣᠶ ᠰᠢᠭᠤᠶ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠵᠤ᠂ ᠬᠠᠩᠰᠢ ᠶᠢᠨ ᠬᠤᠭᠤᠴᠠᠭᠠᠨ ᠳᠠᠬᠢ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠣᠯᠠᠨ ᠲᠦᠮᠡᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠰᠠᠬᠢᠨ  ᠬᠠᠮᠠᠭᠠᠯᠠᠬᠤ ᠬᠡᠷᠡᠭᠲᠡᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号