︽ᠭᠠᠷ ᠭᠠᠷ ᠢᠶᠠᠨ ᠬᠤᠯᠪᠤᠯᠴᠠᠨ︾ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ ᠰᠡᠳᠬᠢᠯ ᠵᠢᠷᠦᠬᠡ ᠪᠠᠨ  ᠬᠤᠯᠪᠤᠵᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ  ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2023/3/29
   ᠠᠤᠬᠠᠨ ᠤ ᠪᠣᠣ ᠲᠠ ᠲᠣᠰᠣᠲᠤ ᠵᠠᠨᠠᠷ ᠤᠨ ᠴᠢᠯᠠᠭᠤᠯᠢᠭ ᠤᠨ ᠬᠢᠵᠠᠭᠠᠷᠲᠤ ᠺᠣᠮᠫᠠᠨᠢ ᠪᠣᠯ ᠠᠤᠬᠠᠨ ᠬᠤᠰᠢᠭᠤᠨ ᠤ ᠵᠠᠰᠠᠭ ᠤᠨ ᠣᠷᠳᠣᠨ ᠤ 2010 ᠣᠨ ᠳᠤ ᠣᠷᠣᠭᠤᠯᠤᠭᠰᠠᠨ ᠠᠷᠠᠯᠵᠢᠶᠠᠴᠢᠨ ᠤᠷᠢᠵᠤ ᠪᠠᠯᠠ  ᠲᠠᠲᠠᠭᠰᠠᠨ ᠲᠥᠷᠥᠯ ᠵᠦᠢᠯ ᠪᠣᠯᠤᠨ᠎ᠠ᠃ ᠠᠵᠤ ᠠᠬᠤᠶᠢᠯᠠᠯ ᠨᠢ ᠯᠢᠶᠣᠤᠨᠢᠩ ᠮᠤᠵᠢ ᠶᠢᠨ ᠪᠸᠢᠢᠫᠢᠶᠤᠤ ᠬᠤᠲᠠ ᠪᠣᠯᠤᠨ ᠠᠤᠬᠠᠨ ᠬᠤᠰᠢᠭᠤᠨ ᠤ ᠠᠭᠤᠯᠵᠠᠷ ᠲᠤ ᠪᠠᠶᠢᠷᠢᠰᠢᠵᠤ᠂ 120 ᠮᠥ ᠭᠠᠵᠠᠷ ᠡᠵᠡᠯᠡᠵᠦ᠂ ᠶᠡᠷᠦᠩᠬᠡᠶ ᠪᠠᠯᠠ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ᠂ ᠵᠢᠯ ᠤᠨ ᠪᠣᠷᠣᠯᠠᠭᠤᠯᠭ᠎ᠠ ᠶᠢᠨ ᠣᠷᠣᠯᠭ᠎ᠠ ᠨᠢ 7.5 ᠳ᠋ᠦᠩᠰᠢᠭᠤᠷ ᠲᠥᠭᠦᠷᠢᠭ᠂ ᠳᠡᠭᠡᠭᠰᠢ ᠲᠤᠰᠢᠶᠠᠬᠤ ᠭᠠᠶᠢᠯᠢ ᠶᠢᠨ ᠮᠥᠩᠭᠦ ᠨᠢ 3000 ᠲᠦᠮᠡᠨ ᠲᠥᠭᠦᠷᠢᠭ ᠪᠠᠶᠢᠵᠤ᠂ ᠲᠤᠬᠠᠶ ᠶᠢᠨ ᠭᠠᠵᠠᠷ ᠤᠨ 300 ᠬᠥᠳᠡᠯᠮᠦᠷᠢ ᠶᠢᠨ ᠬᠦᠴᠦᠨ ᠳᠤ ᠠᠵᠢᠯ ᠣᠯᠭᠤᠵᠤ᠂ ᠬᠥᠮᠦᠨ ᠳᠤᠮᠳᠠᠴᠢ ᠶᠢᠨ ᠵᠢᠯ ᠤᠨ ᠴᠠᠯᠢᠩ ᠨᠢ 7 ᠲᠦᠮᠡᠨ ᠲᠥᠭᠦᠷᠢᠭ ᠪᠠᠶᠢᠵᠤ᠂ ᠠᠤᠬᠠᠨ ᠤ ᠠᠵᠤ ᠠᠬᠤᠶ ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ ᠣᠯᠭᠤᠵᠤ ᠂ ᠲᠤᠬᠠᠶ ᠶᠢᠨ ᠭᠠᠵᠠᠷ ᠤᠨ ᠲᠠᠷᠢᠶᠠᠴᠢᠳ ᠤᠨ ᠠᠵᠢᠯ ᠣᠯᠭᠤᠯᠲᠠ ᠶᠢ ᠰᠢᠢᠳᠪᠦᠷᠢᠯᠡᠬᠦ ᠳᠤ ᠲᠠᠪᠴᠠᠩ ᠬᠠᠩᠭᠠᠭᠰᠠᠨ ᠪᠠᠶᠢᠨ᠎ᠠ᠃    3 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠭᠠᠷ ᠭᠠᠷ ᠢᠶᠠᠨ ᠬᠤᠯᠪᠣᠯᠴᠠᠨ︾ ᠦᠨᠳᠦᠰᠦᠨ ᠱᠠᠲᠤ ᠲᠠᠢ ᠬᠠᠷᠢᠯᠴᠠᠬᠤ ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠤᠳᠤᠷᠢᠳᠤᠯᠭ᠎ᠠ ᠪᠣᠯᠤᠨ ᠠᠤᠬᠠᠨ ᠬᠤᠰᠢᠭᠤᠨ ᠤ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠵᠠᠩ ᠭᠦᠸᠧ ᠬᠠᠶ ᠠᠵᠤ ᠠᠬᠤᠶᠢᠯᠠᠯ ᠳᠤ ᠬᠦᠷᠴᠦ ᠪᠠᠶᠢᠳᠠᠯ ᠢ ᠣᠶᠢᠯᠠᠭᠠᠨ᠂ ᠲᠣᠰ ᠠᠵᠤ ᠠᠬᠤᠶᠢᠯᠠᠯ ᠳᠤ ᠬᠥᠳᠡᠯᠮᠦᠷᠢ ᠶᠢᠨ ᠬᠦᠴᠦᠨ ᠢ ᠬᠡᠷᠡᠭᠯᠡᠬᠦ ᠨᠢ ᠵᠢᠷᠤᠮᠵᠢᠯ ᠥᠬᠡᠶ᠂ ᠬᠥᠳᠡᠯᠮᠦᠷᠢ  ᠦᠢᠯᠡᠴᠢᠯᠡᠭᠡ ᠳᠤ ᠲᠣᠮᠢᠯᠠᠭᠳᠠᠭᠰᠠᠳ ᠢ ᠵᠣᠬᠢᠰ ᠥᠬᠡᠶ ᠬᠡᠷᠡᠭᠯᠡᠭᠰᠡᠨ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ  ᠮᠡᠳᠡᠭᠡᠳ᠂ ᠪᠠᠶᠢᠴᠠᠭᠠᠬᠤ ᠳᠤᠭᠤᠶᠢᠯᠠᠩ ᠤᠨ ᠬᠢᠨ ᠠᠵᠤ ᠠᠬᠤᠶᠢᠯᠠᠯ ᠲᠠᠢ ᠰᠠᠨᠠᠯ ᠢᠶᠠᠨ ᠰᠣᠯᠢᠯᠴᠠᠬᠤ ᠪᠠ ᠬᠠᠷᠢᠭᠤ ᠲᠤᠰᠬᠠᠵᠤ᠂ ᠬᠤᠰᠢᠭᠤᠨ ᠤ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠶᠡᠭᠡ ᠠᠩᠭᠢ 3 ᠰᠠᠷ᠎ᠠ ᠶᠢᠨ 15 ᠤ ᠡᠳᠦᠷ ︽ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠵᠠᠷᠯᠢᠭᠳᠠᠨ ᠵᠠᠯᠠᠷᠠᠭᠤᠯᠤᠭᠤᠯᠬᠤ ᠲᠣᠭᠲᠠᠭᠠᠯ ᠤᠨ ᠪᠢᠴᠢᠭ︾ ᠪᠠᠭᠤᠯᠭᠠᠵᠤ᠂ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠪᠡ᠃ 3 ᠰᠠᠷ᠎ᠠ ᠶᠢᠨ 22 ᠤᠨ ᠡᠳᠦᠷ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠯᠠᠭ᠎ᠠ᠂ ᠬᠥᠳᠡᠯᠮᠦᠷᠢ ᠶᠢᠨ ᠬᠠᠷᠢᠴᠠᠭ᠎ᠠ ᠶᠢᠨ ᠰᠠᠯᠠᠭ᠎ᠠ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠵᠠᠩ ᠭᠦᠸᠧ ᠬᠠᠶ ᠶᠢᠨ ᠪᠠᠷ᠎ᠠ ᠪᠤᠯᠤᠯᠭ᠎ᠠ ᠲᠠᠢ ᠪᠠᠷ ᠠᠤᠬᠠᠨ ᠤ ᠪᠦᠦ ᠲᠠ ᠲᠣᠰᠣᠲᠤ ᠵᠠᠨᠠᠷ ᠤᠨ ᠬᠢᠵᠠᠭᠠᠷᠲᠤ ᠺᠣᠮᠫᠠᠨᠢ ᠳᠤ ᠳᠠᠬᠢᠨᠲᠠ ᠭᠦᠨᠵᠡᠭᠡᠶᠢᠷᠡᠨ᠂ ᠥᠪᠡᠷᠲᠡᠭᠡᠨ ᠵᠠᠰᠠᠬᠤ ᠣᠷᠣᠨ ᠤ ︽ᠭᠠᠷ ᠭᠠᠷ ᠢᠶᠠᠨ ᠬᠤᠯᠪᠣᠯᠴᠠᠨ︾ ᠦᠨᠳᠦᠰᠦᠨ ᠱᠠᠲᠤ ᠲᠠᠢ ᠬᠠᠷᠢᠯᠴᠠᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠲᠤᠬᠠᠶ ᠶᠢᠨ ᠲᠠᠯᠠᠪᠤᠷ ᠲᠤ ᠠᠵᠢᠯᠯᠠᠨ᠂ ᠬᠠᠷᠢᠭᠤ ᠲᠤᠰᠬᠠᠭᠰᠠᠨ ᠠᠰᠠᠭᠤᠳᠠᠯ ᠢ ᠮᠥᠷᠳᠡᠨ ᠰᠢᠪᠠᠳᠠᠨ ᠰᠢᠢᠳᠪᠦᠷᠢᠯᠡᠭᠦᠯᠪᠡ᠃ 3 ᠰᠠᠷ᠎ᠠ ᠶᠢᠨ 28 ᠤ ᠡᠳᠦᠷ᠂ ᠵᠠᠩ ᠭᠦᠸᠧ ᠬᠠᠶ ᠪᠠᠰᠠ ᠨᠢᠭᠡ ᠤᠳᠠᠭ᠎ᠠ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠬᠥᠨᠳᠡᠯᠡᠨ ᠠᠴᠠ ᠲᠠᠰᠤᠯᠬᠤ ᠰᠲ᠋ᠣᠺ᠂ ᠬᠥᠳᠡᠯᠮᠦᠷᠢ ᠶᠢᠨ ᠬᠠᠤᠯᠢ ᠬᠡᠷᠡᠭᠵᠢᠭᠦᠯᠬᠦ ᠳᠤᠮᠳᠠ ᠠᠩᠭᠢ᠂ ᠨᠡᠶᠢᠭᠡᠮ ᠤᠨ ᠳᠠᠭᠠᠳᠬᠠᠯ ᠤᠨ ᠲᠥᠪ ᠤᠨ ᠨᠡᠶᠢᠭᠡᠮ ᠤᠨ ᠳᠠᠭᠠᠳᠬᠠᠯ ᠤᠨ ᠰᠲ᠋ᠣᠺ ᠢ ᠳᠠᠭᠠᠭᠤᠯᠤᠨ ᠠᠵᠤ ᠠᠬᠤᠶᠢᠯᠠᠯ ᠳᠤ ᠬᠦᠷᠴᠦ ︽ᠡᠷᠭᠢᠨ ᠬᠠᠷᠠᠬᠤ︾ ᠠᠵᠢᠯᠯᠠᠭ᠎ᠠ ᠬᠢᠭᠰᠡᠨ ᠪᠥᠭᠡᠳ ᠠᠵᠤ ᠠᠬᠤᠶᠢᠯᠠᠯ ᠲᠠᠢ  ᠨᠠᠷᠢᠨ ᠶᠠᠷᠢᠯᠴᠠᠵᠤ᠂ ᠬᠠᠤᠯᠢ ᠴᠠᠭᠠᠵᠠ ᠶᠢ ᠶᠠᠷᠢᠵᠤ᠂ ᠲᠥᠷᠥ ᠶᠢᠨ ᠪᠣᠳᠣᠯᠭ᠎ᠠ ᠶᠢ ᠬᠦᠷᠭᠡᠨ᠂ ᠠᠵᠤ ᠠᠬᠤᠶᠢᠯᠠᠯ ᠤᠨ ᠬᠦᠴᠢᠷ ᠠᠰᠠᠭᠤᠳᠠᠯ᠂ ᠬᠠᠷᠰᠢ ᠰᠠᠭᠠᠳ ᠲᠠᠢ ᠠᠰᠠᠭᠤᠳᠠᠯ ᠢ ᠨᠢᠭᠡᠳ ᠨᠢᠭᠡ ᠪᠠᠷ  ᠰᠢᠢᠳᠪᠦᠷᠢᠯᠡᠪᠡ᠃    ᠭᠤᠷᠪᠠ ᠤᠳᠠᠭ᠎ᠠ ᠠᠵᠤ ᠠᠬᠤᠶᠢᠯᠠᠯ ᠳᠤ ᠣᠷᠣᠵᠤ ᠰᠠᠭᠤᠬᠤ ᠪᠠᠷ  ᠳᠠᠮᠵᠢᠨ᠂ ᠠᠵᠤ ᠠᠬᠤᠶᠢᠯᠠᠯ ᠲᠠᠢ ᠭᠠᠷ ᠭᠠᠷ ᠢᠶᠠᠨ ᠬᠤᠯᠪᠣᠯᠴᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠬᠥᠳᠡᠯᠮᠦᠷᠢ ᠬᠦᠴᠦᠨ ᠢ ᠬᠡᠷᠡᠭᠯᠡᠬᠦ ᠪᠥᠬᠦ ᠲᠠᠯ᠎ᠠ ᠶᠢᠨ᠂ ᠪᠥᠬᠦ ᠬᠡᠯᠬᠢᠶ᠎ᠡ ᠶᠢᠨ ᠪᠠᠶᠢᠴᠠᠭᠠᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠪᠠ᠃ ᠵᠠᠩ ᠭᠦᠸᠧ ᠬᠠᠶ ᠢᠯᠡᠷᠬᠡᠶᠢᠯᠡᠬᠦ ᠳᠡᠭᠡᠨ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠬᠥᠳᠡᠯᠮᠦᠷᠢ ᠬᠦᠴᠦᠨ ᠢ ᠬᠡᠷᠡᠭᠯᠡᠬᠦ ᠲᠤᠰᠬᠠᠶ ᠪᠠᠶᠢᠴᠠᠭᠠᠯᠲᠠ ᠶᠢᠨ ᠠᠵᠢᠯ ᠪᠣᠯ ︽ᠬᠠᠯᠲᠤ ᠮᠥᠯᠲᠥ︾ ᠠᠵᠢᠯ ᠪᠢᠰᠢ᠂ ᠮᠣᠷᠢᠨ  ᠳᠠᠪᠬᠢᠭᠠᠨ ᠪᠠᠷ ᠴᠡᠴᠡᠭ ᠰᠣᠨᠢᠷᠬᠠᠬᠤ ᠠᠵᠢᠯ ᠪᠢᠰᠢ᠂ ᠬᠠᠷᠢᠨ ᠬᠤᠶᠢᠰᠢᠳᠠ ᠶᠢᠨ ᠨᠢᠭᠡ ᠬᠤᠭᠤᠴᠠᠭᠠᠨ ᠳᠤ  ᠳᠣᠭᠤᠰᠢᠯᠠᠭᠳᠠᠬᠤ ᠣᠷᠳᠣ ᠬᠤᠭᠤᠴᠠᠭᠠᠨ ᠤ ᠴᠢᠨᠠᠷᠲᠠᠶ ᠠᠵᠢᠯ ᠮᠥᠨ᠃ ᠡᠨᠡᠬᠦ ᠠᠵᠢᠯ ᠢ ᠰᠠᠶᠢᠲᠤᠷ ᠬᠢᠬᠦ ᠨᠢ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠲᠤᠰᠠ ᠪᠣᠯᠬᠤ ᠪᠠᠷ ᠪᠠᠷᠠᠬᠤ ᠦᠭᠡᠶ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠠᠰᠠᠭᠤᠳᠠᠯ ᠢ ᠨᠡᠩ ᠢᠯᠡᠭᠦᠦ ᠬᠠᠮᠠᠭᠠᠯᠠᠨ ᠳᠡᠭᠡᠭᠰᠢᠯᠡᠭᠦᠯᠵᠦ ᠴᠢᠳᠠᠬᠤ ᠶᠤᠮ᠃ ᠠᠰᠠᠭᠤᠳᠠᠯ ᠢ ᠴᠢᠩᠭ᠎ᠠ ᠠᠩᠬᠠᠷᠴᠤ᠂ ᠵᠠᠶᠢᠯᠠᠬᠤ ᠥᠬᠡᠶ᠂ ᠬᠠᠰᠢ ᠶᠠᠰᠢ ᠪᠠᠷ ᠥᠩᠭᠡᠷᠡᠭᠦᠯᠬᠦ ᠥᠬᠡᠶ ᠪᠠᠶᠢᠵᠤ᠂ ᠴᠡᠭᠴᠡᠯᠡᠨ ᠰᠠᠶᠢᠵᠢᠷᠠᠭᠤᠯᠬᠤ ᠶᠢ ᠳᠣᠭᠤᠰᠢᠲᠠᠢ ᠪᠡᠶᠡᠯᠡᠭᠦᠯᠬᠦ ᠬᠡᠷᠡᠭᠲᠡᠶ᠃ ᠡᠶᠡᠯᠳᠡᠭ ᠢᠶᠠᠷ ᠬᠠᠤᠯᠢ ᠬᠡᠷᠡᠭᠵᠢᠭᠦᠯᠵᠦ᠂ ᠦᠨᠳᠦᠰᠦᠨ ᠱᠠᠲᠤᠨ ᠳᠤ ᠲᠥᠷᠥ ᠶᠢᠨ ᠪᠣᠳᠣᠯᠭ᠎ᠠ ᠬᠦᠷᠭᠡᠵᠦ᠂  ᠦᠢᠯᠡᠴᠢᠯᠡᠭᠡ  ᠶᠢ ᠦᠨᠳᠦᠰᠦᠨ ᠱᠠᠲᠤᠨ ᠳᠤ ᠬᠦᠷᠭᠡᠵᠦ᠂ ᠠᠤᠬᠠᠨ ᠤ  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠤ ᠠᠬᠤᠶᠢᠯᠠᠯ ᠤᠨ ᠵᠦᠶ ᠵᠣᠬᠢᠰᠲᠠᠶ ᠪᠥᠭᠡᠳ ᠲᠣᠭᠲᠠᠭᠠᠯ ᠳᠤ ᠨᠡᠶᠢᠴᠡᠭᠦᠯᠦᠨ ᠦᠢᠯᠡᠳᠪᠦᠷᠢᠯᠡᠬᠦ  ᠶᠢ ᠪᠠᠲᠤᠯᠠᠨ᠂ ᠠᠵᠤ ᠠᠬᠤᠶᠢᠯᠠᠯ ᠢ ᠬᠠᠪᠰᠤᠷᠤᠨ ᠡᠯ᠎ᠡ  ᠵᠦᠢᠯ ᠤᠨ ᠠᠰᠠᠭᠤᠳᠠᠯ ᠢ ᠰᠢᠢᠳᠪᠦᠷᠢᠯᠡᠵᠦ  ᠂ ᠡᠶ᠎ᠡ ᠵᠣᠬᠢᠴᠠᠯ ᠲᠠᠢ ᠠᠵᠢᠯᠴᠢᠨ ᠬᠡᠷᠡᠭᠯᠡᠬᠦ ᠬᠠᠷᠢᠴᠠᠭ᠎ᠠ᠂ ᠠᠵᠤ ᠠᠬᠤᠶᠢᠯᠠᠯ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠳᠤ ᠬᠠᠤᠯᠢ ᠴᠠᠭᠠᠵᠠ ᠶᠢᠨ ᠳᠡᠮᠵᠢᠯᠭᠡ ᠪᠠ  ᠦᠢᠯᠡᠴᠢᠯᠡᠭᠡᠨ  ᠤ ᠪᠠᠲᠤᠯᠠᠭ᠎ᠠ ᠬᠠᠩᠭᠠᠬᠤ ᠬᠡᠷᠡᠭᠲᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号