ᠠᠤᠬᠠᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2023/3/3
   
   3 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠲᠡᠭᠡᠨ ᠪᠠᠶᠢᠭᠰᠠᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠶ᠃    ᠬᠤᠷᠠᠯ ᠠᠴᠠ  ᠰᠢ ᠶᠢᠨ ᠫᠢᠩ ᠶᠡᠷᠦᠩᠬᠡᠶ ᠱᠦᠵᠢ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠨᠠᠮ ᠤᠨ ᠲᠥᠪ ᠬᠤᠷᠢᠶ᠎ᠠ ᠳᠤ ᠰᠢᠨ᠎ᠡ ᠪᠠᠷ ᠤᠷᠤᠭᠰᠠᠨ ᠭᠡᠰᠢᠭᠦᠨ ᠂ ᠣᠷᠣᠯᠠᠭᠴᠢ ᠭᠡᠰᠢᠭᠦᠨ ᠪᠣᠯᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ  ᠳᠣᠭᠤᠰᠢᠯᠠᠭᠤᠯᠪᠠ᠃    ᠸᠠᠩ ᠶᠦᠩ ᠵᠢᠶᠦ᠋ᠨ᠂  ᠰᠢ ᠶᠢᠨ ᠫᠢᠩ ᠶᠡᠷᠦᠩᠬᠡᠢ ᠱᠦᠵᠢ  ᠶᠢᠨ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠯᠢ ᠤᠯᠠᠨ ᠴᠢᠬᠤᠯᠠ ᠶᠡᠭᠡ ᠤᠨᠤᠯ ᠤᠨ ᠪᠠ ᠦᠢᠯᠡᠳᠦᠯᠭᠡ ᠶᠢᠨ ᠠᠰᠠᠭᠤᠳᠠᠯ ᠢ ᠪᠦᠬᠦ ᠲᠠᠯ᠎ᠠ ᠪᠠᠷ᠂ ᠰᠢᠰᠲ᠋ᠧᠮ ᠲᠠᠢ᠂ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠪᠠᠶᠢᠯᠳᠤᠬᠤ ᠪᠤᠳᠤᠯᠭ᠎ᠠ ᠶᠢᠨ ᠴᠢᠨᠠᠷ ᠪᠠ ᠬᠠᠨᠳᠤᠯᠭᠠᠲᠤ ᠴᠢᠨᠠᠷ ᠲᠠᠢ ᠶᠤᠮ᠃ ᠡᠭᠦᠨ ᠤ ᠬᠠᠮᠲᠤ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠡᠷᠬᠢᠨ ᠰᠠᠶᠢᠲᠤᠷ ᠠᠳᠬᠤᠵᠤ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠬᠤ ᠲᠤᠬᠠᠢ ᠭᠤᠷᠪᠠᠨ ᠰᠠᠨᠠᠯ ᠳᠤᠷᠠᠳᠴᠠᠢ᠃    ᠨᠢᠭᠡ ᠳᠤ᠂ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠳᠡᠬᠦ ᠬᠡᠷᠡᠭᠲᠡᠶ᠃ ᠰᠢᠰᠲ᠋ᠧᠮᠲᠦ ᠦᠵᠡᠯᠲᠡ ᠪᠠᠨ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠰᠡᠳᠬᠢᠨ ᠪᠣᠳᠣᠯᠬᠢᠯᠠᠵᠤ᠂ ᠭᠦᠨᠵᠡᠭᠡᠶ ᠰᠤᠳᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ  ᠳᠣᠭᠤᠰᠢᠯᠠᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠳᠣᠭᠤᠰᠢᠯᠠᠭᠤᠯᠬᠤ ᠲᠠᠢ ᠤᠶᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ ᠯᠤᠭ᠎ᠠ ᠤᠶᠠᠯᠳᠤᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠶᠡᠭᠡ ᠠᠴᠢ ᠬᠤᠯᠪᠣᠭᠳᠠᠯ ᠬᠢᠭᠡᠳ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠣᠨᠣᠪᠴᠢᠲᠠᠶ ᠲᠠᠨᠢᠨ ᠡᠵᠡᠮᠰᠢᠵᠦ᠂ ᠲᠡᠭᠦᠨ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠨ᠂ ᠦᠢᠯᠡᠳᠦᠯᠭᠡ ᠪᠠᠨ ᠵᠢᠯᠣᠭᠤᠳᠣᠭᠤᠯᠵᠤ᠂ ᠪᠥᠬᠦ ᠵᠢᠯ ᠤᠨ ᠡᠯ᠎ᠡ ᠵᠦᠢᠯ  ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃    ᠬᠤᠶᠠᠷ ᠲᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠥᠬᠡᠶ  ᠳᠡᠭᠡᠭᠰᠢᠯᠡᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠷᠠᠭᠤᠯᠵᠤ᠂ ᠴᠢᠨᠠᠷ ᠰᠠᠶᠢᠲᠠᠢ ᠬᠥᠭᠵᠢᠯᠲᠡ᠂ ᠣᠳᠣᠬᠢᠴᠢᠯᠠᠯᠲᠠ ᠶᠢᠨ ᠪᠦᠲᠦᠭᠡᠡ ᠪᠠᠶᠢᠭᠤᠯᠤᠯᠲᠠ ᠶᠢᠨ ᠰᠡᠳᠬᠢᠴᠡ ᠪᠣᠯᠤᠨ ᠠᠷᠭ᠎ᠠ  ᠬᠡᠮᠵᠢᠶ᠎ᠡ ᠶᠢ ᠴᠢᠨᠠᠭᠰᠢᠳᠠ ᠲᠡᠭᠦᠯᠳᠡᠷᠵᠢᠭᠦᠯᠦᠨ ᠰᠠᠶᠢᠵᠢᠷᠠᠭᠤᠯᠬᠤ ᠬᠡᠷᠡᠭᠲᠡᠢ᠃ ᠡᠭᠦᠨ ᠤ ᠬᠠᠮᠲᠤ᠂ ᠪᠥᠬᠦ ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ︽ᠴᠠᠭᠠᠨ ᠰᠠᠷ᠎ᠠ ᠶᠢᠨ ᠨᠢᠭᠡᠳᠦᠭᠡᠷ ᠬᠤᠷᠠᠯ︾ ᠪᠠ ᠤᠯᠠᠭᠠᠨᠬᠠᠳᠠ ᠬᠤᠲᠠ ᠶᠢᠨ ︽ᠰᠠᠶᠢᠨ ᠡᠬᠢᠯᠡᠯᠲᠡ ᠂ ᠪᠥᠬᠦ ᠵᠢᠯ ᠳᠤ ᠰᠠᠶᠢᠨ ᠰᠠᠶᠢᠬᠠᠨ ᠪᠠᠶᠢᠬᠤ︾ ᠠᠵᠢᠯ ᠤᠨ ᠠᠬᠢᠭᠤᠯᠬᠤ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ ᠂ ᠵᠢᠱᠢᠭᠰᠡᠨ ᠬᠠᠷᠠᠯᠲᠠ ᠶᠢᠨ ᠲᠣᠭᠤᠷᠢᠨ ᠳᠤ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠡᠯ᠎ᠡ  ᠵᠦᠢᠯ ᠤᠨ ᠠᠵᠢᠯ ᠤᠨ ᠠᠮᠵᠢᠯᠲᠠ ᠪᠦᠲᠦᠮᠵᠢ ᠤᠯᠬᠤ ᠶᠢ  ᠠᠬᠢᠭᠤᠯᠬᠤ ᠬᠡᠷᠡᠭᠲᠡᠢ᠃    ᠭᠤᠷᠪᠠ ᠳᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ  ᠲᠦᠯᠦᠪᠯᠡᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠢᠮᠠᠭᠲᠠ ᠪᠠᠷᠢᠮᠲᠠᠯᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠶᠢ ᠲᠡᠷᠢᠭᠦᠨ ᠴᠢᠬᠤᠯᠠ ᠠᠵᠢᠯ ᠤᠨ ᠡᠭᠦᠷᠭᠡ ᠪᠠᠨ ᠪᠣᠯᠭᠠᠵᠤ᠂ ᠴᠢᠩᠭ᠎ᠠ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠶᠤᠯᠭᠦᠶ  ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠥᠬᠦ ᠤᠯᠤᠰ ᠤᠨ ︽ᠬᠤᠶᠠᠷ ᠬᠤᠷᠠᠯ︾ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ  ᠪᠠᠲᠤᠯᠠᠬᠤ ᠬᠡᠷᠡᠭᠲᠡᠢ  ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号