ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/3/6
   
   3 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ  ᠨᠠᠷᠢᠨ ᠪᠢᠴᠢᠭ ᠤᠨ ᠳᠡᠳ᠋ ᠳᠠᠷᠤᠭ᠎ᠠ ᠯᠢ ᠰᠢᠶᠠᠩ ᠾᠧ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ᠂ ᠰᠣᠶᠣᠯ ᠲᠡᠤᠬᠡ ᠶᠢᠨ ᠣᠷᠳᠣᠨ ᠤ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠬᠤᠸᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠢᠦᠶ ᠶᠠᠨ ᠲᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠠᠤᠬᠠᠨ ᠤ ᠪᠠᠯᠠᠷ ᠡᠷᠲᠡᠨ ᠤ ᠰᠣᠶᠣᠯ ᠤᠨ ᠮᠦᠽᠧᠶ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠶ᠃    ᠢᠦᠶ ᠶᠠᠨ ᠲᠠᠩ ᠺᠣᠮᠫᠠᠨᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠤᠬᠠᠨ ᠤ ᠨᠠᠷᠢᠮᠤ ᠶᠢᠨ ᠠᠵᠤ  ᠦᠢᠯᠡᠰ ᠤᠨ ᠦᠨᠳᠦᠰᠦᠨ ᠱᠠᠲᠤᠨ ᠤ ᠵᠥᠪᠳᠡᠯᠴᠡᠭᠡᠨ ᠤ ᠪᠣᠳᠠᠲᠤ ᠲᠡᠮᠳᠡᠭᠯᠡᠯ ᠤᠨ ᠹᠢᠯᠢᠮ ᠢ ᠦᠵᠡᠵᠦ᠂ ᠠᠤᠬᠠᠨ ᠤ ᠨᠠᠷᠢᠮᠤ ᠶᠢᠨ ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠶᠢ ᠣᠶᠢᠯᠠᠭᠠᠭᠰᠠᠨ ᠪᠥᠭᠡᠳ ᠠᠤᠬᠠᠨ ᠤ ᠨᠠᠷᠢᠮᠤ ᠶᠢᠨ ᠠᠵᠤ ᠦᠢᠯᠡᠰ ᠤᠨ ︽ᠤᠯᠠᠭᠠᠨᠬᠠᠳᠠ ᠬᠤᠲᠠ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ  ᠶᠢ ᠲᠤᠰᠬᠠᠬᠤ ᠮᠡᠳᠡᠭᠡ ᠵᠠᠩᠭᠢ ᠶᠢᠨ ᠬᠠᠷᠢᠯᠴᠠᠬᠤ ᠴᠡᠭ︾ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ  ᠨᠠᠷᠢᠨ ᠪᠢᠴᠢᠭ ᠤᠨ ᠳᠡᠳ᠋ ᠳᠠᠷᠤᠭ᠎ᠠ ᠯᠢ ᠰᠢᠶᠠᠩ ᠾᠧ᠂ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠤᠤ ᠰᠢᠨ ᠢᠦᠶ ᠠᠤᠬᠠᠨ ᠤ ᠨᠠᠷᠢᠮᠤ ᠶᠢᠨ ᠠᠵᠤ ᠦᠢᠯᠡᠰ ᠤᠨ ︽ᠤᠯᠠᠭᠠᠨᠬᠠᠳᠠ ᠬᠤᠲᠠ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ  ᠶᠢ ᠲᠤᠰᠬᠠᠬᠤ  ᠮᠡᠳᠡᠭᠡ ᠵᠠᠩᠭᠢ ᠶᠢᠨ ᠬᠠᠷᠢᠯᠴᠠᠬᠤ ᠴᠡᠭ︾ ᠤᠨ ᠫᠠᠶᠢᠰᠠ ᠶᠢ ᠰᠡᠬᠦᠪᠡ᠃    ᠢᠦᠶ ᠶᠠᠨ ᠲᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠠᠮᠢᠳᠤᠯᠢᠭ ᠠᠵᠢᠯᠯᠠᠬᠤ ᠵᠠᠭᠪᠤᠷ ᠢ ᠬᠡᠷᠡᠭᠯᠡᠨ᠂ ᠠᠤᠬᠠᠨ ᠤ ᠨᠠᠷᠢᠮᠤ ᠶᠢᠨ ᠠᠵᠤ ᠦᠢᠯᠡᠰ ᠤᠨ ︽ᠤᠯᠠᠭᠠᠨᠬᠠᠳᠠ ᠬᠤᠲᠠ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ  ᠶᠢ ᠲᠤᠰᠬᠠᠬᠤ ᠮᠡᠳᠡᠭᠡ ᠵᠠᠩᠭᠢ ᠶᠢᠨ ᠬᠠᠷᠢᠯᠴᠠᠬᠤ ᠴᠡᠭ︾ ᠢ ᠭᠡᠰᠢᠭᠦᠳ ᠤᠨ ᠰᠤᠷᠤᠯᠴᠠᠬᠤ ᠲᠣᠰᠣ ᠨᠡᠮᠡᠬᠦ ᠥᠷᠲᠡᠭᠡ᠂ ᠮᠡᠳᠡᠭᠡ ᠵᠠᠩᠭᠢ ᠴᠤᠭᠯᠠᠭᠤᠯᠬᠤ ᠭᠠᠵᠠᠷ᠂ ᠠᠷᠠᠯᠵᠢᠶᠠᠴᠢᠨ ᠤᠷᠢᠵᠤ ᠪᠠᠯᠠ ᠲᠠᠲᠠᠬᠤ ᠡᠮᠦᠨ᠎ᠡ ᠬᠠᠷᠠᠭᠤᠯ ᠤᠨ ᠴᠡᠭ ᠪᠣᠯᠭᠠᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠲᠤᠰᠢᠶᠠᠯ ᠢᠶᠠᠨ  ᠭᠦᠢᠴᠡᠳᠭᠡᠬᠦ ᠰᠢᠨ᠎ᠡ ᠲᠡᠶᠢᠨ ᠤ ᠲᠠᠯᠠᠪᠤᠷ᠂ ᠰᠢᠨ᠎ᠡ ᠲᠠᠪᠴᠠᠩ᠂ ᠰᠢᠨ᠎ᠡ ᠥᠨᠳᠦᠷᠯᠢᠭ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ ᠭᠡᠵᠡᠶ᠃
   ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠤᠬᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ 2022 ᠣᠨ ᠤ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠪᠣᠳᠠᠲᠤ ᠲᠡᠮᠳᠡᠭᠯᠡᠯ ᠤᠨ ᠹᠢᠯᠢᠮ ᠪᠠ ᠰᠣᠶᠣᠯ ᠲᠡᠤᠬᠡ ᠶᠢᠨ ᠣᠷᠳᠣᠨ ᠤ ᠳᠡᠯᠭᠡᠨ ᠦᠵᠡᠭᠦᠯᠦᠯᠭᠡ ᠶᠢᠨ ᠵᠢᠷᠤᠭ ᠲᠥᠯᠥᠪᠯᠡᠭᠡ ᠶᠢ ᠦᠵᠡᠪᠡ᠃ ᠯᠢ ᠰᠢᠶᠠᠩ ᠾᠧ ᠠᠤᠬᠠᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠰᠣᠶᠣᠯ ᠲᠡᠦᠬᠡ ᠶᠢᠨ ᠣᠷᠳᠣᠨ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠤᠬᠠᠭᠤᠯᠬᠤ᠂ ᠣᠷᠣᠨ ᠨᠤᠲᠤᠭ ᠤᠨ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠴᠢᠬᠤᠯᠠ ᠰᠣᠶᠣᠯ ᠲᠡᠦᠬᠡ ᠶᠢᠨ ᠣᠷᠳᠣᠨ ᠤ ᠢᠳᠡᠪᠬᠢ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠩ ᠤᠯᠠᠨ ᠺᠠᠳ᠋ᠷ ᠤᠯᠠᠨ ᠲᠦᠮᠡᠨ ᠳᠤ ᠤᠯᠤᠰ ᠲᠦᠷᠦ ᠶᠢᠨ ᠵᠥᠪᠯᠡᠯᠭᠡᠨ ᠤ ᠲᠡᠦᠬᠡ ᠶᠢ ᠣᠶᠢᠯᠠᠭᠠᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠶᠢᠨ ᠬᠠᠮᠲᠤ ᠰᠣᠶᠣᠯ ᠲᠡᠦᠬᠡ ᠶᠢᠨ ᠣᠷᠳᠣᠨ ᠢ ᠣᠷᠣᠨ ᠨᠤᠲᠤᠭ ᠤᠨ ᠥᠪᠡᠷᠮᠢᠴᠡ ᠣᠨᠴᠠᠯᠢᠭ ᠲᠠᠢ ᠰᠣᠶᠣᠯ ᠤᠨ ᠨᠡᠷ᠎ᠡ ᠶᠢᠨ ᠬᠠᠭᠤᠳᠠᠰᠤ ᠪᠠ ᠭᠠᠳᠠᠭᠠᠳᠤ ᠤᠬᠠᠭᠤᠯᠭ᠎ᠠ ᠶᠢᠨ ᠴᠢᠬᠤᠯᠠ ᠴᠣᠩᠬᠤ ᠪᠣᠯᠭᠠᠨ ᠪᠠᠶᠢᠭᠤᠯᠬᠤ ᠬᠡᠷᠡᠭᠲᠡᠶ  ᠭᠡᠪᠡ᠃ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号