ᠠᠤᠬᠠᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ︽ᠳᠥᠷᠪᠡ ᠶᠢ ᠴᠢᠩᠭᠠᠳᠬᠠᠵᠤ︾ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠠᠶᠤᠯᠭᠦᠶ  ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ ᠠᠵᠢᠯ ᠢ ᠯᠠᠪᠳᠠᠭᠤᠨ ᠢᠶᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2023/3/7
   ᠠᠵᠤ ᠠᠬᠤᠶᠢᠯᠠᠯ ᠤᠨ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤᠳᠬᠠᠨ᠎ᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠤᠷᠠᠯ ᠬᠤᠷᠠᠯᠳᠤᠭᠤᠯᠬᠤ᠂ ᠸᠢᠴᠠᠲ ᠤᠨ ᠪᠦᠯᠦᠭᠯᠡᠯ ᠤᠨ ᠨᠡᠶᠢᠲᠡᠯᠡᠨ ᠮᠡᠳᠡᠭᠳᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠢ ᠠᠯᠠᠱᠠ ᠠᠶᠢᠮᠠᠭ ᠪᠣᠯᠤᠨ ᠯᠢᠨᠰᠢ ᠰᠢᠶᠠᠨ ᠤ ᠬᠤᠶᠠᠷ ᠤᠳᠠᠭᠠᠨ ᠤ ᠠᠳᠡᠯ ᠠᠴᠠ ᠰᠤᠷᠭᠠᠮᠵᠢ ᠠᠪᠴᠤ᠂ ᠨᠢᠭᠡ ᠠᠴᠠ  ᠵᠦᠢᠴᠢᠯᠡᠵᠦ ᠬᠤᠶᠠᠷ ᠢ ᠮᠡᠳᠡᠵᠦ᠂ ︽ ᠦᠢᠯᠡᠳᠪᠦᠷᠢᠯᠡᠯ ᠨᠢ ᠡᠷᠬᠡᠪᠰᠢ ᠠᠮᠤᠷ ᠲᠦᠪᠰᠢᠨ ᠪᠠᠶᠢᠬᠤ ᠬᠡᠷᠡᠭᠲᠡᠶ᠂ ᠠᠮᠤᠷ ᠲᠦᠪᠰᠢᠨ ᠨᠢ ᠬᠥᠭᠵᠢᠯᠲᠡ ᠶᠢᠨ ᠲᠥᠯᠥᠭᠡ ᠪᠠᠶᠢᠬᠤ︾ ᠠᠵᠢᠯ ᠤᠨ ᠣᠶᠢᠯᠠᠭᠠᠭᠳᠠᠬᠤᠨ ᠢ ᠦᠨᠳᠦᠰᠦᠨ ᠠᠴᠠ ᠨᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃    ᠪᠠᠶᠠᠷ ᠤᠨ ᠳᠠᠷᠠᠭᠠᠬᠢ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢᠶᠠᠨ ᠰᠡᠷᠭᠦᠭᠡᠬᠦ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠠᠵᠢᠯ ᠢ ᠴᠢᠩᠭᠠᠳᠬᠠᠨ᠎ᠠ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠣᠭᠤᠮᠲᠠ ᠶᠢ ᠴᠢᠩᠭ᠎ᠠ ᠠᠳᠬᠤᠬᠤ ᠳᠤ᠂ ᠨᠢᠭᠡ ᠳᠤ᠂ ᠠᠵᠤ ᠠᠬᠤᠶᠢᠯᠠᠯ ᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠥᠭᠡᠷᠡᠴᠢᠯᠡᠬᠦ ᠶᠢ ᠬᠢᠨᠠᠨ ᠵᠢᠯᠣᠭᠤᠳᠴᠤ᠂ ᠡ᠊ᠨᠳᠡᠯ ᠤᠨ ᠲᠠᠯᠳᠠ ᠭᠡᠮ ᠢ ᠦᠨᠳᠦᠰᠦᠨ ᠠᠴᠠ ᠨᠢ ᠠᠷᠢᠯᠭᠠᠨ᠎ᠠ︔ ᠬᠤᠶᠠᠷ ᠲᠤ᠂ ᠠᠵᠤ ᠠᠬᠤᠶᠢᠯᠠᠯ ᠤᠨ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠢ ᠰᠠᠶᠢᠲᠤᠷ ᠠᠳᠬᠤᠬᠤ ᠶᠢ ᠬᠢᠨᠠᠨ ᠵᠢᠯᠣᠭᠤᠳᠴᠤ᠂ ᠪᠥᠬᠦ ᠠᠵᠢᠯᠲᠠᠳ ᠲᠤ ᠪᠣᠯᠪᠠᠰᠤᠷᠠᠭᠤᠯᠤᠯ ᠬᠥᠮᠦᠵᠢᠯ ᠬᠢᠵᠦ᠂ ᠠᠵᠤ ᠠᠬᠤᠶᠢᠯᠠᠯ ᠤᠨ ᠠᠵᠢᠯᠲᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠷᠪᠠ ᠳᠤ᠂ ᠠᠵᠤ ᠠᠬᠤᠶᠢᠯᠠᠯ ᠤᠨ ︽ᠠᠵᠤ ᠠᠬᠤᠶᠢᠯᠠᠯ ᠂ ᠦᠢᠯᠡᠳᠪᠦᠷᠢ ᠶᠢᠨ ᠲᠠᠰᠤᠭ᠂ ᠡᠭᠡᠯᠵᠢ ᠳᠤᠭᠤᠶᠢᠯᠠᠩ᠂ ᠠᠵᠢᠯ ᠤᠨ ᠪᠠᠶᠢᠷᠢ︾ ᠳᠥᠷᠪᠡᠨ ᠱᠠᠲᠤᠨ ᠤ ᠠᠮᠤᠷ ᠲᠦᠪᠰᠢᠨ ᠤ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠬᠢᠨᠠᠨ ᠵᠢᠯᠣᠭᠤᠳᠴᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠨᠢᠭᠡᠪᠦᠷᠢ ᠶᠢᠨ ᠠᠮᠤᠷ ᠲᠦᠪᠰᠢᠨ ᠤ ᠠᠵᠢᠯᠯᠠᠭᠠᠨ ᠤ ᠲᠦᠷᠢᠮ᠂ ᠠᠵᠢᠯ ᠤᠨ ᠪᠠᠶᠢᠷᠢ ᠶᠢᠨ ᠠᠮᠤᠷ ᠲᠦᠪᠰᠢᠨ ᠤ ᠲᠦᠭᠰᠢᠭᠦᠷᠢ ᠪᠠ ᠲᠣᠭᠲᠠᠭᠠᠳᠤᠶ ᠠᠮᠤᠷ ᠲᠦᠪᠰᠢᠨ ᠤ ᠬᠡᠮ ᠰᠣᠭᠤᠭ ᠢ ᠰᠠᠶᠢᠲᠤᠷ ᠣᠶᠢᠯᠠᠭᠠᠬᠤ ᠶᠢ ᠦᠨᠡᠨᠬᠦ ᠠᠬᠢᠭᠤᠯᠵᠤ᠂ ᠠᠮᠤᠷ ᠲᠦᠪᠰᠢᠨ ᠤ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠦᠨᠡᠨᠬᠦ  ᠡᠭᠦᠷᠭᠡᠯᠡᠪᠡ᠃    ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠣᠷᠣᠨ ᠪᠠᠶᠢᠷᠢ ᠶᠢ ᠵᠢᠭᠰᠠᠭᠠᠨ  ᠪᠠᠶᠢᠴᠠᠭᠠᠬᠤ ᠠᠵᠢᠯ ᠢ ᠴᠢᠩᠭᠠᠷᠠᠭᠤᠯᠤᠨ᠎ᠠ᠃ ᠬᠥᠳᠡᠯᠮᠦᠷᠢ ᠨᠢᠭᠲᠠᠷᠬᠠᠰᠠᠨ ᠬᠡᠯᠪᠡᠷᠢ ᠶᠢᠨ ᠠᠵᠤ ᠠᠬᠤᠶᠢᠯᠠᠯ᠂ ᠬᠡᠪᠴᠢᠶ᠎ᠡ ᠠᠴᠠ ᠳᠡᠭᠡᠭᠰᠢᠬᠢ ᠠᠵᠤ ᠠᠬᠤᠶᠢᠯᠠᠯ᠂ ︽ᠵᠢᠵᠢᠭ ᠲᠠᠷᠠᠬᠠᠶ ᠪᠤᠲᠠᠷᠬᠠᠶ︾ ᠠᠵᠤ ᠠᠬᠤᠶᠢᠯᠠᠯ ᠪᠣᠯᠤᠨ ᠰᠢᠪᠲᠦᠷ ᠲᠤ ᠬᠤᠯᠪᠣᠭᠳᠠᠬᠤ ᠰᠢᠰᠲ᠋ᠧᠮ᠂ ᠨᠠᠷᠢᠨ ᠲᠣᠭᠤᠰᠣ ᠶᠢᠨ ᠳᠡᠯᠪᠡᠷᠡᠯᠲᠡ ᠶᠢ ᠰᠡᠷᠭᠡᠶᠢᠯᠡᠬᠦ᠂ ᠬᠢᠵᠠᠭᠠᠷ ᠲᠠᠢ ᠣᠷᠣᠨ ᠵᠠᠶ᠂ ᠥᠨᠳᠥᠷ ᠭᠠᠵᠠᠷ ᠲᠤ ᠠᠵᠢᠯᠯᠠᠬᠤ᠂ ᠴᠠᠬᠢᠯᠭᠠᠨ ᠬᠡᠷᠡᠭᠯᠡᠬᠦ ᠵᠡᠷᠭᠡ ᠭᠤᠣᠯᠳᠠᠯᠭ᠎ᠠ ᠲᠠᠢ ᠬᠡᠰᠡᠭ ᠤᠨ ᠲᠤᠰᠬᠠᠶ ᠵᠦᠢᠯ ᠤᠨ ᠪᠠᠶᠢᠴᠠᠭᠠᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠲᠣᠭᠤᠷᠢᠨ ᠪᠠᠶᠢᠴᠠᠭᠠᠬᠤ ᠠᠵᠢᠯ ᠤᠨ ᠤᠳᠠᠭ᠎ᠠ ᠪᠠᠨ ᠨᠡᠮᠡᠭᠳᠡᠭᠦᠯᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ  ᠴᠢᠩᠭᠠᠷᠠᠭᠤᠯᠪᠠ᠃    ᠠᠵᠤ ᠦᠢᠯᠡᠳᠪᠦᠷᠢ ᠠᠷᠠᠯᠵᠢᠶᠠᠨ ᠤ ᠠᠵᠢᠯ ᠲᠦᠷᠦᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠶᠢ ᠴᠢᠩᠭᠠᠳᠬᠠᠨ᠎ᠠ᠃ ᠲᠣᠪᠴᠢᠶ᠎ᠠ ᠶᠢᠨ ᠪᠠᠶᠢᠭᠤᠯᠭ᠎ᠠ ᠠᠴᠠ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ᠰᠠᠭᠤᠷᠢ ᠮᠡᠳᠡᠭᠡ ᠵᠠᠩᠭᠢ ᠶᠢᠨ ᠡᠬᠡ ᠳᠠᠩᠰᠠ ᠪᠣᠯᠤᠨ ᠡᠳᠦᠷ ᠲᠤᠲᠤᠮ ᠤᠨ ᠬᠢᠨᠠᠨ ᠬᠠᠮᠢᠶᠠᠷᠴᠤ ᠲᠣᠬᠢᠷᠠᠭᠤᠯᠬᠤ ᠪᠦᠷᠢᠳᠬᠡᠯ ᠤᠨ ᠡᠬᠡ ᠳᠠᠩᠰᠠ ᠶᠢ ᠪᠠᠶᠢᠭᠤᠯᠵᠤ᠂ ᠠᠵᠤ ᠠᠬᠤᠶᠢᠯᠠᠯ ᠢ ᠵᠢᠯᠣᠭᠤᠳᠤᠨ ᠲᠦᠭᠰᠢᠭᠦᠷᠢ ᠶᠢ ᠬᠠᠮᠢᠶᠠᠷᠤᠨ ᠡᠵᠡᠮᠳᠡᠵᠦ ᠢᠯᠭᠠᠨ ᠲᠠᠨᠢᠬᠤ ᠨᠠᠷᠢᠨ ᠲᠠᠩᠰᠠ ᠪᠠ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ︽ᠬᠤᠶᠠᠷ ᠨᠠᠷᠢᠨ ᠲᠠᠩᠰᠠ︾ ᠶᠢ ᠬᠡᠷᠡᠭᠵᠢᠭᠦᠯᠦᠨ᠂ ᠠᠵᠤ ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠤᠨ ︽ᠪᠦᠬᠦᠨ ᠢ ᠬᠠᠮᠤᠷᠤᠨ ᠵᠢᠭᠰᠠᠭᠠᠨ ᠪᠠᠶᠢᠴᠠᠭᠠᠬᠤ᠂ ᠪᠦᠬᠦᠨ ᠢ ᠬᠠᠮᠤᠷᠤᠨ ᠪᠠᠶᠢᠴᠠᠭᠠᠬᠤ᠂ ᠪᠦᠬᠦᠨ ᠢ ᠬᠠᠮᠤᠷᠤᠨ ᠬᠢᠨᠠᠨ ᠵᠢᠯᠣᠭᠤᠳᠬᠤ᠂ ᠪᠥᠬᠦ ᠠᠵᠢᠯᠲᠠᠨ ᠤ ᠠᠵᠢᠯ ᠤᠨ ᠪᠠᠶᠢᠷᠢ ᠶᠢᠨ ᠬᠠᠷᠢᠭᠤᠴᠠᠯᠭ᠎ᠠ︾ ᠶᠢᠨ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠳᠤ ᠰᠠᠭᠤᠷᠢ ᠪᠠᠲᠤᠯᠠᠭ᠎ᠠ ᠬᠠᠩᠭᠠᠭᠰᠠᠨ ᠪᠠᠶᠢᠨ᠎ᠠ᠃    ᠣᠲᠣ ᠪᠣᠯᠲᠠᠯ᠎ᠠ᠂ ᠭᠤᠤᠯᠳᠠᠯᠭ᠎ᠠ ᠲᠠᠢ ᠠᠵᠤ  ᠦᠢᠯᠡᠳᠪᠦᠷᠢ ᠠᠷᠠᠯᠵᠢᠶᠠᠨ ᠤ ᠠᠵᠤ ᠠᠬᠤᠶᠢᠯᠠᠯ ᠢ 25 ᠤᠳᠠᠭ᠎ᠠ ᠪᠠᠶᠢᠴᠠᠭᠠᠵᠤ᠂ 19 ᠵᠦᠢᠯ ᠤᠨ ᠳᠠᠯᠳᠠ ᠬᠡᠮ ᠢ ᠪᠠᠶᠢᠴᠠᠭᠠᠨ  ᠰᠢᠢᠳᠪᠦᠷᠢᠯᠡᠵᠦ᠂ 17  ᠵᠦᠢᠯ ᠢ ᠴᠡᠭᠴᠡᠯᠡᠨ ᠥᠭᠡᠷᠡᠴᠢᠯᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ 6 ᠠᠵᠤ ᠠᠬᠤᠶᠢᠯᠠᠯ ᠳᠤ 10 ᠭᠠᠷᠤᠶ ᠲᠦᠮᠡᠨ ᠲᠥᠭᠦᠷᠢᠭ ᠤᠨ ᠵᠠᠰᠠᠭ ᠵᠠᠬᠢᠷᠭᠠᠨ ᠤ ᠰᠢᠳᠬᠡᠯ ᠥᠭᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号