ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠬᠤᠶᠢᠨ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠠᠷᠠᠳᠴᠢᠯᠠᠯ ᠢᠶᠠᠷ | ᠤᠯᠤᠰ ᠢᠶᠠᠨ ᠪᠠᠶᠢᠭᠤᠯᠬᠤ ᠬᠤᠷᠠᠯ ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ | ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠣᠷᠣᠯᠴᠠᠵᠤ ᠂ ᠰᠠᠨᠠᠯ ᠰᠠᠨᠠᠭᠤᠯᠭ᠎ᠠ ᠶᠢ ᠨᠢ | ᠰᠣᠨᠣᠰᠴᠠᠢ ᠃ ᠲᠡᠷᠡ ᠂ ᠨᠠᠮ ᠤᠨ ᠲᠥᠪ ᠬᠤᠷᠢᠶ᠎ᠠ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ ᠂ ︽ | ᠭᠤᠷᠪᠠᠨ ᠬᠤᠪᠢᠷᠠᠭ᠎ᠠ ᠦᠭᠡᠢ ᠪᠠᠶᠢᠬᠤ ︾ ᠶᠢ ᠢᠮᠠᠭᠲᠠ ᠪᠠᠷᠢᠮᠲᠠᠯᠠᠵᠤ ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠢᠮᠠᠭᠲᠠ ᠥᠪᠡᠷ ᠤᠨ ᠬᠥᠮᠥᠨ ᠢᠶᠠᠨ ᠪᠣᠯᠭᠠᠨ | ᠦᠵᠡᠪᠡ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠢ ᠬᠥᠲᠥᠯᠥᠨ ᠵᠢᠯᠤᠭᠤᠳᠴᠤ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠵᠥᠪ | ᠣᠶᠢᠯᠠᠭᠠᠭᠤᠯᠵᠤ ᠂ ᠢᠲᠡᠭᠡᠯ ᠵᠣᠷᠢᠭ ᠢ ᠨᠢ ᠬᠥᠪᠴᠢᠯᠡᠵᠦ ᠂ ᠳᠠᠷᠤᠭᠠᠰᠤ ᠶᠢ ᠨᠢ ᠬᠥᠩᠭᠡᠷᠡᠭᠦᠯᠵᠦ ᠂ ᠵᠣᠷᠢᠭᠲᠠᠢ ᠪᠠᠷ | ᠬᠥᠭᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠵᠦ ᠂ ᠴᠢᠨᠠᠷ ᠰᠠᠶᠢᠲᠠᠢ | ᠭᠦᠭᠵᠢᠭᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | ︽3·8 ︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠳᠠᠯ ᠦᠭᠡᠢ ᠬᠦᠷᠴᠦ ᠢᠷᠡᠬᠦ | ᠲᠠᠰᠢᠷᠠᠮ ᠢᠶᠠᠷ ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ︽ᠬᠤᠶᠠᠷ | ᠬᠤᠷᠠᠯ ︾ ᠳᠤ ᠣᠷᠣᠯᠴᠠᠵᠤ ᠪᠠᠶᠢᠭ᠎ᠠ ᠡᠮᠡᠭᠲᠡᠢ ᠲᠥᠯᠥᠭᠡᠯᠡᠭᠴᠢ ᠂ ᠡᠮᠡᠭᠲᠡᠢ ᠭᠡᠰᠢᠭᠦᠨ ᠂ ᠡᠮᠡᠭᠲᠡᠢ ᠠᠵᠢᠯᠲᠠᠨ ᠂ | ᠪᠦᠭᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ ᠂ ᠰᠢᠶᠠᠩᠭᠠᠩ ᠵᠠᠰᠠᠭ ᠵᠠᠬᠢᠷᠭᠠᠨ ᠤ | ᠣᠨᠴᠠᠭᠠᠢ ᠣᠷᠣᠨ ᠂ ᠣᠣᠮᠧᠨ ᠵᠠᠰᠠᠭ ᠵᠠᠬᠢᠷᠭᠠᠨ ᠤ ᠣᠨᠴᠠᠭᠠᠢ ᠣᠷᠣᠨ ᠪᠣᠯᠣᠨ ᠲᠠᠶᠢᠸᠠᠨ ᠣᠷᠣᠨ ᠤ ᠡᠮᠡᠭᠲᠡᠶᠢᠴᠦᠳ | ᠂ ᠭᠠᠳᠠᠭᠠᠳᠤ ᠳᠤ ᠪᠠᠶᠢᠭ᠎ᠠ ᠡᠮᠡᠭᠲᠡᠢ ᠬᠠᠷᠢᠶᠠᠲᠤ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ | ᠵᠥᠩᠨᠡᠯ ᠳᠡᠪᠰᠢᠭᠦᠯᠪᠡ︕ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ | ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠬᠤᠷᠠᠯ ᠢ ᠡᠷᠭᠢᠯᠡᠭᠴᠢ ᠸᠠᠩ ᠬᠤ᠋ ᠨᠢᠩ ᠂ ᠨᠠᠮ ᠤᠨ ᠲᠥᠪ ᠬᠤᠷᠢᠶ᠎ᠠ | ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠼᠠᠢ ᠴᠢ ᠂ ᠳ᠋ᠢᠩ ᠰᠢᠤᠸᠠᠢ ᠰᠢᠶᠠᠩ ᠡᠷᠭᠢᠨ | ᠦᠵᠡᠬᠦ ᠪᠠ ᠶᠠᠷᠢᠯᠴᠠᠬᠤ ᠳᠤ ᠣᠷᠣᠯᠴᠠᠪᠠ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ ᠂ ᠽᠧᠩ ᠢᠦᠢ ᠴᠢᠶᠦ᠋ᠨ ᠂ ᠰᠢᠶᠧ ᠳ᠋ᠦᠩ ᠂ ᠯᠢᠦ ᠵᠧᠨ | ᠳ᠋ᠦᠩ ᠂ ᠴᠧᠨ ᠰᠢᠶᠣᠣ ᠫᠢᠩ ᠂ ᠰᠢᠶᠧ ᠷᠤ᠋ ᠂ ᠰᠦᠨ ᠳ᠋ᠦᠩ ᠱᠧᠩ ᠵᠡᠷᠭᠡ 6 ᠭᠡᠰᠢᠭᠦᠨ ᠂ ᠪᠦᠭᠦ | ᠪᠥᠮᠪᠥᠷᠴᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠠᠰᠢᠭᠲᠠᠢ ᠪᠠᠶᠢᠷᠢ ᠶᠢ ᠡᠵᠡᠯᠡᠭᠦ ᠂ ᠮᠥᠩᠭᠦᠨ | ᠭᠦᠢᠯᠭᠡᠭᠡᠨ ᠢᠶᠠᠷ ᠰᠢᠨᠵᠢᠯᠡᠬᠦ ᠤᠬᠠᠭᠠᠨ ᠲᠸᠭ᠍ᠨ᠋ᠶᠢᠠ᠋ ᠮᠡᠷᠭᠡᠵᠢᠯ ᠤᠨ ᠰᠢᠨ᠎ᠡ ᠶᠢ ᠡᠭᠦᠳᠭᠦ ᠶᠢ ᠳᠡᠮᠵᠢᠭᠦ ᠂ ᠳᠤᠮᠳᠠ ᠵᠢᠵᠢᠭ | ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠠᠶᠢᠨ ᠨᠥᠬᠦᠴᠡᠯ ᠡᠭᠦᠳᠴᠦ ᠦᠭᠭᠦ ᠂ ᠲᠠᠪᠴᠠᠩ ᠤᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ | ᠮᠠᠨᠳᠤᠯ ᠢ ᠠᠬᠢᠭᠤᠯᠬᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠳᠠᠪᠠᠭᠤᠯᠢᠭ ᠪᠠ ᠠᠮᠢᠵᠢᠷᠠᠯ ᠤᠨ | ᠬᠦᠴᠦᠨ ᠢ ᠴᠢᠨᠠᠭᠰᠢᠳᠠ ᠪᠠᠳᠠᠷᠠᠭᠤᠯᠬᠤ ᠵᠡᠷᠭᠡ ᠶᠢᠨ ᠲᠣᠭᠤᠷᠢᠨ ᠳᠤ ᠦᠭᠡ ᠬᠡᠯᠡᠪᠡ᠃ | ᠰᠢ ᠶᠢᠨ ᠫᠢᠩ ᠤᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ ᠃ | ᠲᠡᠷᠡ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠷᠠᠯ ᠳᠤ ᠤᠷᠤᠯᠴᠠᠵᠤ ᠪᠠᠶᠢᠭ᠎ᠠ ᠠᠷᠠᠳᠴᠢᠯᠠᠯ ᠢᠶᠠᠷ | ᠤᠯᠤᠰ ᠢᠶᠠᠨ ᠪᠠᠶᠢᠭᠤᠯᠬᠤ ᠬᠤᠷᠠᠯ ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠡᠲᠡᠭᠡᠳ ᠤᠨ ᠭᠡᠰᠢᠭᠦᠳ ᠢ | ᠡᠷᠭᠢᠨ ᠦᠵᠡᠵᠦ ᠂ ᠤᠯᠠᠨ ᠲᠠᠢ ᠬᠠᠮᠲᠤ ᠶᠠᠷᠢᠯᠴᠠᠨ ᠪᠤᠳᠤᠯ ᠰᠠᠨᠠᠯ ᠢᠶᠠᠨ ᠰᠣᠯᠢᠯᠴᠠᠵᠤ ᠪᠠᠶᠢᠭ᠎ᠠ ᠳᠠᠭᠠᠨ ᠮᠠᠰᠢ ᠪᠠᠶᠠᠷ | ᠲᠠᠢ ᠪᠠᠶᠢᠨ᠎ᠠ ᠭᠡᠵᠦ ᠢᠯᠡᠳᠬᠡᠪᠡ ᠃ ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠤᠷᠠᠯ ᠳᠤ ᠣᠷᠣᠯᠴᠠᠬᠰᠠᠨ | ᠭᠡᠰᠢᠭᠦᠳ ᠪᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠂ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠶᠢᠨ ᠥᠷᠭᠡᠨ ᠤᠯᠠᠨ ᠪᠦᠷᠢᠯᠳᠦᠭᠦᠨ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠂ | ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | | ᠰᠢ ᠶᠢᠨ ᠫᠢᠩ ᠂ 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ | ᠂ ᠲᠤᠶᠢᠯ ᠤᠨ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ ᠃ ᠳᠡᠯᠡᠬᠡᠢ ᠶᠢᠨ ᠣᠷᠴᠢᠨ ᠰᠠᠯᠬᠢ ᠶᠡᠭᠡ ᠳᠠᠪᠠᠯᠭᠠᠨ ᠰᠢᠷᠦᠭᠦᠨ | ᠪᠠᠶᠢᠭᠰᠠᠨ ᠪᠠ ᠤᠯᠤᠰ ᠤᠨ ᠳᠣᠲᠣᠭᠠᠳᠤ ᠳᠤ ᠵᠢᠱᠢᠯᠲᠡ ᠠᠴᠠ ᠳᠠᠪᠠᠭᠰᠠᠨ ᠤᠯᠠᠨ ᠳᠠᠪᠬᠤᠷ ᠬᠦᠴᠦᠨ ᠵᠦᠢᠯ ᠤᠨ | ᠳᠠᠭᠠᠷᠢᠯᠲᠠ ᠳᠤ ᠲᠤᠯᠭᠠᠷᠠᠵᠤ ᠪᠠᠶᠢᠭᠰᠠᠨ ᠪᠠᠶᠢᠳᠠᠯ ᠳᠣᠣᠷ᠎ᠠ ᠂ ᠪᠦᠭᠦ ᠠᠷᠠᠳ ᠲᠦᠮᠡᠨ ᠪᠦᠯᠬᠦᠮᠳᠡᠨ ᠲᠡᠮᠡᠴᠡᠵᠦ ᠂ | ᠨᠤᠭᠤᠷᠠᠰᠢ ᠦᠭᠡᠢ ᠴᠢᠷᠮᠠᠶᠢᠭᠰᠠᠨ ᠢᠶᠠᠷ ᠂ ᠪᠢᠳᠡ ᠴᠢᠬᠤᠯᠠ ᠶᠡᠭᠡ ᠪᠥᠭᠡᠳ ᠠᠯᠤᠰ ᠭᠡᠳᠤ ᠶᠢᠨ ᠨᠥᠯᠥᠭᠡ ᠦᠵᠡᠭᠦᠯᠭᠦ | ᠬᠡᠳᠦᠨ ᠶᠡᠭᠡ ᠶᠠᠪᠤᠳᠠᠯ ᠢ ᠪᠦᠲᠦᠭᠡᠵᠦ ᠂ ᠨᠠᠮ ᠪᠠ ᠤᠯᠤᠰ ᠤᠨ ᠠᠵᠢᠯ ᠦᠢᠯᠡᠰ ᠦᠯᠡᠮᠵᠢ ᠦᠷ᠎ᠡ ᠪᠦᠲᠦᠭᠡᠯ ᠣᠯᠪᠠ | ᠃ ᠳᠤᠮᠳᠠᠳᠤ ᠤᠯᠤᠰ ᠤᠨ ᠡᠪ ᠬᠠᠮᠲᠤ ᠨᠠᠮ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ | ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠥᠪ ᠢ ᠵᠢᠷᠤᠭᠯᠠᠪᠠ ᠃ ᠪᠢᠳᠡ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷ ᠪᠡᠷᠬᠡ ᠪᠠ ᠥᠷᠢᠰᠦᠯᠳᠦᠭᠡᠨ ᠢ ᠢᠯᠠᠨ ᠳᠠᠪᠠᠵᠤ ᠂ ᠪᠡᠭᠡᠵᠢᠩ ᠤᠨ | ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠂ ᠡᠪᠦᠯ ᠤᠨ ᠤᠯᠠᠷᠢᠯ ᠤᠨ ᠵᠡᠮᠳᠡᠭᠴᠦᠳ ᠤᠨ | ᠣᠯᠢᠮᠫᠢᠺ ᠤᠨ ᠲᠠᠮᠢᠷ ᠤᠨ ᠴᠤᠭᠯᠠᠭᠠᠨ ᠢ ᠲᠣᠭᠲᠠᠭᠰᠠᠨ ᠬᠤᠭᠤᠴᠠᠭᠠᠨ ᠳᠤ ᠠᠮᠤᠷ ᠲᠦᠪᠰᠢᠨ ᠢᠶᠠᠷ ᠤᠷᠤᠭᠰᠢᠲᠠᠢ ᠡᠷᠭᠢᠯᠡᠪᠡ | ᠃ ᠪᠢᠳᠡ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠥᠳᠡᠯᠦᠩᠭᠦᠢ ᠪᠠᠷ ᠰᠢᠯᠢᠳᠡᠭᠵᠢᠭᠦᠯᠦᠨ | ᠲᠣᠬᠢᠷᠠᠭᠤᠯᠵᠤ ᠂ ᠨᠡᠯᠢᠶᠡᠳ ᠣᠬᠤᠷᠬᠠᠨ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠲᠣᠭᠲᠠᠭᠤᠨ ᠢᠶᠠᠷ ᠰᠢᠯᠵᠢᠭᠦ ᠶᠢ ᠪᠡᠶᠡᠯᠡᠭᠦᠯᠵᠦ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠢᠶᠠᠷ | ᠦᠬᠦᠬᠦ ᠨᠣᠷᠮ᠎ᠠ ᠪᠦᠭᠦ ᠪᠥᠮᠪᠥᠷᠴᠡᠭ ᠤᠨ ᠬᠠᠮᠤᠭ ᠤᠨ ᠳᠣᠣᠷ᠎ᠠ ᠲᠦᠪᠰᠢᠨ ᠳᠤ ᠪᠠᠶᠢᠵᠤ ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠪᠠ ᠃ ᠪᠢᠳᠡ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ | ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ | ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠬᠡᠮᠵᠢᠶ᠎ᠡ 40 ᠭᠠᠷᠤᠢ ᠵᠢᠯ ᠤᠨ ᠲᠤᠷᠰᠢᠬᠢ ᠰᠢᠨ᠎ᠡ ᠥᠨᠳᠥᠷ | ᠲᠦᠪᠰᠢᠨ ᠳᠤ ᠭᠦᠷᠦᠭᠰᠡᠨ ᠪᠠᠶᠢᠳᠠᠯ ᠳᠣᠣᠷ᠎ᠠ ᠂ ᠮᠠᠨ ᠤ ᠤᠯᠤᠰ ᠤᠨ ᠪᠠᠷᠠᠭᠠᠨ ᠤ ᠦᠨ᠎ᠡ ᠶᠢᠨ ᠶᠡᠷᠦᠩᠬᠡᠢ ᠲᠦᠪᠰᠢᠨ | ᠲᠣᠭᠲᠠᠭᠤᠨ ᠪᠠᠶᠢᠳᠠᠯ ᠢᠶᠠᠨ ᠪᠠᠲᠤᠯᠠᠵᠤ ᠂ ᠪᠦᠭᠦ ᠵᠢᠯ ᠤᠨ ᠠᠵᠤ ᠠᠬᠤᠢ ᠶᠢᠨ ᠨᠡᠮᠡᠭᠳᠡᠯ 3% ᠳᠤ ᠬᠦᠷᠴᠦ ᠂ | ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠳᠣᠲᠣᠷ᠎ᠠ ᠮᠠᠰᠢ ᠥᠨᠳᠥᠷ ᠲᠤ ᠣᠷᠣᠵᠠᠢ ᠃ ᠡᠳᠡᠭᠡᠷ | ᠠᠮᠵᠢᠯᠲᠠ ᠶᠢ ᠣᠯᠣᠭᠰᠠᠨ ᠨᠢ ᠦᠨᠡᠬᠡᠷ ᠭᠢᠯᠪᠠᠷ ᠪᠤᠰᠤ ᠶᠤᠮ ᠭᠡᠵᠦ ᠴᠢᠬᠤᠯᠠᠴᠢᠯᠠᠵᠠᠢ ᠃ | ᠰᠢ ᠶᠢᠨ ᠫᠢᠩ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ 5 ᠵᠢᠯ ᠪᠣᠯ ᠲᠤᠶᠢᠯ ᠤᠨ ᠶᠡᠷᠦ | ᠪᠤᠰᠤ ᠶᠢᠨ ᠂ ᠲᠤᠶᠢᠯ ᠤᠨ ᠵᠢᠷ ᠤᠨ ᠪᠤᠰᠤ 5 ᠵᠢᠯ ᠪᠣᠯᠣᠨ᠎ᠠ ᠃ ᠮᠠᠨ ᠤ ᠤᠯᠤᠰ ᠤᠨ ᠬᠥᠭᠵᠢᠯᠲᠡ ᠶᠢᠨ ᠭᠠᠳᠠᠭᠠᠳᠤ | ᠣᠷᠴᠢᠨ ᠨᠥᠬᠦᠴᠡᠯ ᠰᠢᠷᠦᠭᠦᠰᠦᠨ ᠬᠤᠪᠢᠷᠠᠵᠤ ᠂ ᠲᠤᠬᠳᠠᠭᠠᠯᠳᠤ ᠪᠤᠰᠤ ᠪᠠ ᠲᠥᠰᠥᠭᠡᠯᠡᠬᠦᠶ᠎ᠡ ᠪᠡᠷᠬᠡ ᠬᠦᠴᠦᠨ ᠵᠦᠢᠯ | ᠢᠯᠡᠳᠲᠡ ᠨᠡᠮᠡᠭᠳᠡᠪᠡ ᠂ ᠢᠯᠠᠩᠭᠤᠶ᠎ᠠ ᠠᠮᠧᠷᠢᠺᠠ ᠪᠠᠷ ᠲᠣᠯᠣᠭᠠᠶᠢᠯᠠᠭᠤᠯᠤᠭᠰᠠᠨ ᠥᠷᠥᠨᠡᠳᠠᠬᠢᠨ ᠤ ᠤᠯᠤᠰ ᠤᠳ ᠮᠠᠨ ᠤ | ᠤᠯᠤᠰ ᠢ ᠪᠦᠭᠦ ᠲᠠᠯ᠎ᠠ ᠪᠠᠷ ᠬᠢᠵᠠᠭᠠᠷᠯᠠᠵᠤ ᠂ ᠪᠦᠰᠡᠯᠡᠨ ᠬᠤᠷᠢᠵᠤ ᠂ ᠳᠠᠷᠤᠯᠲᠠ ᠥᠭᠴᠦ ᠂ ᠮᠠᠨ ᠤ ᠤᠯᠤᠰ ᠤᠨ | ᠬᠥᠭᠵᠢᠯᠲᠡ ᠳᠤ ᠤᠷᠢᠳ ᠡᠮᠦᠨ᠎ᠡ ᠪᠠᠶᠢᠭ᠎ᠠ ᠦᠭᠡᠢ ᠬᠠᠲᠠᠭᠤ ᠴᠢᠩᠭ᠎ᠠ ᠰᠢᠯᠭᠠᠯᠲᠠ ᠶᠢ ᠠᠪᠴᠢᠷᠠᠭᠰᠠᠨ ᠪᠠᠶᠢᠨ᠎ᠠ ᠃ | ᠡᠭᠦᠨ ᠤ ᠵᠡᠷᠭᠡ ᠪᠠᠷ ᠤᠯᠤᠰ ᠤᠨ ᠳᠣᠲᠣᠭᠠᠳᠤ ᠳᠤ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠲᠠᠭᠢᠨ ᠳᠠᠪᠲᠠᠨ ᠳᠡᠯᠭᠡᠷᠡᠭᠰᠡᠨ ᠂ ᠠᠵᠤ ᠠᠬᠤᠢ ᠤᠷᠤᠭᠤᠳᠠᠬᠤ ᠳᠠᠷᠤᠯᠲᠠ ᠨᠡᠮᠡᠭᠳᠡᠭᠰᠡᠨ ᠵᠡᠷᠭᠡ ᠤᠯᠠᠨ | ᠵᠦᠢᠯ ᠤᠨ ᠬᠦᠴᠢᠷᠳᠡᠯ ᠳᠤ ᠲᠤᠯᠭᠠᠷᠠᠪᠠ ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠬᠦᠴᠢᠷ ᠢ ᠰᠥᠷᠦᠨ ᠤᠷᠤᠭᠰᠢᠯᠠᠵᠤ ᠂ ᠯᠠᠪᠳᠠᠭᠤᠨ ᠢᠶᠠᠷ ᠠᠷᠭᠠᠴᠠᠭᠠᠵᠤ | ᠂ ᠭᠠᠵᠢᠭᠤ ᠪᠤᠷᠤᠭᠤ ᠶᠢ ᠢᠲᠡᠭᠡᠭᠦ ᠦᠭᠡᠢ ᠂ ᠳᠠᠷᠤᠯᠲᠠ ᠠᠴᠠ ᠠᠶᠤᠬᠤ ᠦᠭᠡᠢ ᠂ ᠬᠦᠴᠢᠷ ᠠᠴᠠ ᠵᠠᠶᠢᠯᠠᠬᠤ ᠦᠭᠡᠢ | ᠪᠠᠶᠢᠵᠤ ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠳᠤᠮᠳᠠᠴᠢ ᠪᠠᠷ 5.2% ᠢᠶᠠᠷ | ᠨᠡᠮᠡᠭᠳᠡᠵᠦ ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠢᠯᠠᠯᠲᠠ ᠶᠢ ᠣᠯᠵᠤ ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ ᠂ ᠨᠢᠭᠡᠳᠦᠭᠡᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠳᠡᠯᠡᠬᠡᠢ | ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠬᠤ ᠶᠢ ᠠᠬᠢᠭᠤᠯᠵᠤ ᠂ ᠮᠠᠨ ᠤ ᠤᠯᠤᠰ ᠤᠨ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠣᠷᠣᠬᠤ ᠶᠢ | ᠠᠬᠢᠭᠤᠯᠪᠠ ᠃ 5 ᠵᠢᠯ ᠤᠨ ᠲᠤᠷᠰᠢᠬᠢ ᠠᠮᠵᠢᠯᠲᠠ ᠪᠦᠲᠦᠮᠵᠢ ᠪᠣᠯ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠤ | ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ ᠂ ᠪᠠᠰᠠ ᠴᠤ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠬᠤᠪᠢ ᠨᠡᠮᠡᠷᠢ ᠰᠢᠩᠭᠡᠵᠦ ᠪᠠᠶᠢᠭ᠎ᠠ ᠶᠤᠮ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠣᠷᠴᠢᠨ ᠨᠥᠬᠦᠴᠡᠯ ᠳᠤ ᠡᠭᠦᠰᠦᠭᠰᠡᠨ | ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ ᠂ ᠡᠷᠬᠡᠪᠰᠢ ᠯᠠᠪᠳᠠᠭᠤᠨ ᠪᠣᠯᠭᠤᠮᠵᠢᠲᠠᠢ ᠪᠠᠶᠢᠵᠤ ᠂ | ᠲᠣᠭᠲᠠᠯ ᠬᠦᠴᠦᠨ ᠢᠶᠠᠨ ᠪᠠᠲᠤᠯᠠᠵᠤ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ ᠂ ᠢᠳᠡᠪᠬᠢᠲᠡᠢ ᠠᠵᠢᠯᠯᠠᠵᠤ | ᠂ ᠪᠦᠯᠬᠦᠮᠳᠡᠨ ᠨᠢᠭᠡᠳᠴᠦ ᠂ ᠵᠣᠷᠢᠭᠲᠠᠢ ᠲᠡᠮᠡᠴᠡᠬᠦ ᠬᠡᠷᠡᠭᠲᠡᠢ ᠃ ᠯᠠᠪᠳᠠᠭᠤᠨ ᠲᠣᠭᠲᠠᠭᠤᠨ ᠪᠠᠶᠢᠵᠤ ᠂ ᠲᠣᠭᠲᠠᠯ | ᠬᠦᠴᠦᠨ ᠢᠶᠠᠨ ᠪᠠᠲᠤᠯᠠᠬᠤ ᠭᠡᠳᠡᠭ ᠨᠢ ᠳᠠᠷᠤᠢ ᠳᠡᠯᠡᠬᠡᠢ ᠶᠢᠨ ᠪᠠᠶᠢᠳᠠᠯ ᠤᠨ ᠭᠦᠨᠵᠡᠭᠡᠢ ᠬᠤᠪᠢᠷᠠᠯᠲᠠ ᠶᠢ ᠯᠠᠪᠳᠠᠭᠤᠨ | ᠲᠣᠭᠲᠠᠭᠤᠨ ᠢᠶᠠᠷ ᠠᠵᠢᠭᠯᠠᠵᠤ ᠂ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠯᠠᠪᠳᠠᠭᠤᠨ ᠢᠶᠠᠷ | ᠠᠷᠭᠠᠴᠠᠭᠠᠵᠤ ᠂ ᠬᠤᠪᠢᠷᠠᠯᠲᠠ ᠶᠢ ᠵᠥᠪ ᠲᠠᠨᠢᠵᠤ ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠨ ᠂ | ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ ᠂ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠪᠠᠨ ᠴᠠᠭ | ᠲᠤᠬᠠᠢ ᠳᠤᠨᠢ ᠰᠢᠯᠢᠳᠡᠭᠵᠢᠭᠦᠯᠦᠨ ᠲᠣᠬᠢᠷᠠᠭᠤᠯᠬᠤ ᠮᠥᠷᠲᠡᠭᠡᠨ ᠪᠠᠰᠠ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ ᠂ ᠰᠠᠨᠠᠭᠰᠠᠨ ᠳᠠᠭᠠᠨ ᠬᠦᠷᠬᠦ ᠪᠠᠷ ᠰᠢᠨᠲᠠᠷᠠᠰᠢ ᠦᠭᠡᠢ ᠴᠢᠷᠮᠠᠶᠢᠵᠤ ᠂ ᠡᠯ᠎ᠡ ᠵᠦᠢᠯ ᠤᠨ | ᠠᠶᠤᠯ ᠲᠦᠭᠰᠢᠭᠦᠷᠢ ᠠᠴᠠ ᠡᠮᠢᠶᠡᠭᠦ ᠦᠭᠡᠢ ᠂ ᠨᠢᠭᠡᠨᠲᠡ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠᠨ | ᠵᠣᠷᠢᠵᠤ ᠡᠷᠡᠰ ᠭᠤᠶᠢᠪᠢᠰᠢ ᠦᠭᠡᠢ ᠤᠷᠤᠭᠰᠢᠯᠠᠬᠤ ᠶᠠᠪᠤᠳᠠᠯ ᠪᠣᠯᠣᠨ᠎ᠠ ᠃ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠵᠤ ᠂ ᠢᠳᠡᠪᠬᠢᠲᠡᠢ ᠪᠠᠷ ᠠᠵᠢᠯᠯᠠᠬᠤ ᠪᠣᠯ ᠳᠠᠷᠤᠢ ᠦᠨᠳᠦᠰᠦᠨ ᠴᠢᠭᠯᠡᠯ ᠢ ᠲᠣᠭᠲᠠᠭᠤᠨ ᠪᠠᠶᠢᠯᠭᠠᠬᠤ ᠂ | ᠴᠢᠭᠯᠡᠯᠲᠡ ᠲᠦᠷᠦ ᠶᠢᠨ ᠪᠣᠳᠣᠯᠭ᠎ᠠ ᠶᠢ ᠲᠣᠭᠲᠠᠭᠤᠨ ᠪᠠᠶᠢᠯᠭᠠᠬᠤ ᠂ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠣᠭᠲᠠᠭᠤᠨ ᠪᠠᠶᠢᠯᠭᠠᠬᠤ ᠂ ᠰᠠᠭᠤᠷᠢ ᠶᠢ ᠪᠠᠲᠤ ᠰᠠᠬᠢᠬᠤ ᠂ ᠯᠠᠪᠳᠠᠭᠤᠨ ᠲᠣᠭᠲᠠᠭᠤᠨ ᠪᠠᠶᠢᠬᠤ ᠶᠢ ᠪᠠᠲᠤᠯᠠᠭᠰᠠᠨ | ᠰᠠᠭᠤᠷᠢᠨ ᠳᠡᠭᠡᠷ᠎ᠡ ᠢᠳᠡᠪᠬᠢᠲᠡᠢ ᠪᠠᠷ ᠤᠷᠤᠭᠰᠢᠯᠠᠨ ᠳᠠᠪᠰᠢᠵᠤ ᠂ ᠵᠣᠭᠰᠣᠩᠭᠢᠷᠠᠬᠤ ᠦᠭᠡᠢ ᠪᠠᠶᠢᠵᠤ ᠂ ᠲᠦᠷᠭᠡᠨ | ᠪᠤᠯᠭᠠᠵᠤ ᠴᠢᠳᠠᠪᠠᠯ ᠲᠦᠷᠭᠡᠨ ᠪᠤᠯᠭᠠᠵᠤ ᠂ ᠬᠠᠮᠤᠭ ᠤᠨ ᠰᠠᠶᠢᠨ ᠦᠷ᠎ᠡ ᠳ᠋ᠦᠩ ᠢ ᠣᠯᠬᠤ ᠪᠠᠷ ᠴᠢᠷᠮᠠᠶᠢᠬᠤ ᠶᠠᠪᠤᠳᠠᠯ | ᠪᠣᠯᠣᠨ᠎ᠠ ᠃ ᠪᠦᠯᠬᠦᠮᠳᠡᠨ ᠨᠢᠭᠡᠳᠴᠦ ᠂ ᠵᠣᠷᠢᠭᠲᠠᠢ ᠪᠠᠷ ᠲᠡᠮᠡᠴᠡᠬᠦ ᠬᠡᠷᠡᠭᠲᠡᠢ ᠃ ᠬᠦᠴᠦᠨ ᠴᠢᠳᠠᠯ ᠭᠡᠵᠦ | ᠪᠦᠯᠬᠦᠮᠳᠡᠯ ᠠᠴᠠ ᠢᠷᠡᠳᠡᠭ ᠶᠤᠮ ᠃ ᠡᠳᠡᠭᠡᠷ ᠵᠢᠯ ᠤᠳ ᠲᠤ ᠂ ᠪᠢᠳᠡᠨ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ | ᠠᠶᠤᠯ ᠲᠦᠭᠰᠢᠭᠦᠷᠢ ᠪᠠ ᠥᠷᠢᠰᠦᠯᠳᠦᠭᠡᠨ ᠬᠤᠶᠢᠨ᠎ᠠ ᠬᠤᠶᠢᠨ᠎ᠠ ᠠᠴᠠ ᠪᠠᠨ ᠦᠷᠭᠦᠯᠵᠢᠯᠡᠵᠦ ᠂ ᠶᠡᠭᠡ ᠳᠠᠶᠢᠯᠠᠯᠳᠤᠭᠠᠨ | ᠬᠤᠶᠢᠨ᠎ᠠ ᠬᠤᠶᠢᠨ᠎ᠠ ᠠᠴᠠ ᠪᠠᠨ ᠦᠷᠭᠦᠯᠵᠢᠯᠡᠵᠦ ᠂ ᠳᠠᠶᠢᠯᠠᠯᠳᠤᠭᠠᠨ ᠨᠢᠭᠡ ᠪᠦᠷᠢ ᠨᠢ ᠴᠥᠮ ᠪᠦᠭᠦ ᠠᠷᠠᠳ ᠲᠦᠮᠡᠨ ᠤ | ᠪᠦᠯᠬᠦᠮᠳᠡᠨ ᠲᠡᠮᠡᠴᠡᠬᠦ ᠂ ᠨᠤᠭᠤᠷᠠᠰᠢ ᠦᠭᠡᠢ ᠲᠡᠮᠡᠴᠡᠬᠦ ᠳᠤ ᠲᠦᠰᠢᠭᠯᠡᠨ ᠢᠯᠠᠯᠲᠠ ᠣᠯᠵᠤ ᠢᠷᠡᠭᠰᠡᠨ ᠶᠤᠮ ᠃ | ᠢᠷᠡᠭᠡᠳᠦᠢ ᠶᠢᠨ ᠬᠡᠰᠡᠭ ᠬᠤᠭᠤᠴᠠᠭᠠᠨ ᠳᠤ ᠂ ᠪᠢᠳᠡᠨ ᠳᠤ ᠲᠤᠯᠭᠠᠷᠠᠬᠤ ᠠᠶᠤᠯ ᠲᠦᠭᠰᠢᠭᠦᠷᠢ ᠥᠷᠢᠰᠦᠯᠳᠦᠭᠡᠨ | ᠤᠯᠠᠮ ᠠᠴᠠ ᠤᠯᠠᠮ ᠣᠯᠠᠰᠢᠷᠠᠵᠤ ᠂ ᠤᠯᠠᠮ ᠠᠴᠠ ᠤᠯᠠᠮ ᠬᠦᠨᠳᠦ ᠬᠡᠴᠡᠭᠦᠦ ᠪᠤᠯᠬᠤ ᠪᠣᠯᠣᠨ᠎ᠠ ᠃ ᠭᠠᠭᠴᠠ ᠬᠦ ᠪᠦᠭᠦ | ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ | ᠂ ᠤᠯᠠᠨ ᠤ ᠵᠣᠷᠢᠭ ᠢ ᠨᠢᠭᠡᠳᠬᠡᠵᠦ ᠂ ᠵᠣᠷᠢᠭᠲᠠᠢ ᠪᠠᠷ ᠲᠡᠮᠡᠴᠡᠵᠦ ᠂ ᠴᠢᠳᠠᠮᠠᠭᠠᠢ ᠪᠠᠷ ᠲᠡᠮᠡᠴᠡᠪᠡᠯ ᠰᠠᠶ᠋ᠢ ᠨᠡᠩ ᠶᠡᠭᠡ | ᠰᠢᠨ᠎ᠡ ᠢᠯᠠᠯᠲᠠ ᠶᠢ ᠲᠠᠰᠤᠷᠠᠯᠳᠠ ᠦᠭᠡᠢ ᠲᠡᠮᠡᠴᠡᠨ ᠣᠯᠵᠤ ᠴᠢᠳᠠᠨ᠎ᠠ ᠭᠡᠵᠦ ᠴᠢᠬᠤᠯᠠᠴᠢᠯᠠᠪᠠ᠃ | | ᠰᠢ ᠶᠢᠨ ᠫᠢᠩ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠮᠠᠨ ᠤ ᠨᠠᠮ ᠤᠨ ᠤᠷᠳᠤ | ᠬᠤᠭᠤᠴᠠᠭ᠎ᠠ ᠪᠠᠷ ᠲᠦᠷᠦ ᠪᠠᠷᠢᠬᠤ ᠂ ᠪᠦᠭᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ︽ | ᠬᠤᠣᠰ ᠵᠠᠭᠤᠨ ᠵᠢᠯ ︾ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠴᠢᠬᠤᠯᠠ ᠬᠦᠴᠦᠨ ᠮᠥᠨ ᠃ ᠪᠢᠳᠡ ᠢᠮᠠᠭᠲᠠ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ | ᠥᠪᠡᠷ ᠤᠨ ᠬᠥᠮᠥᠨ ᠢᠶᠠᠨ ᠪᠣᠯᠭᠠᠨ ᠦᠵᠡᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ | ᠲᠤᠯᠭᠠᠷᠠᠭᠰᠠᠨ ᠦᠶ᠎ᠡ ᠳᠤ ᠳᠡᠮᠵᠢᠯᠭᠡ ᠦᠵᠡᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠥᠭᠡᠷᠢᠭᠳᠡᠯ ᠳᠤ | ᠲᠤᠯᠭᠠᠷᠠᠭᠰᠠᠨ ᠦᠶ᠎ᠡ ᠳᠤ ᠵᠢᠯᠣᠭᠤᠳᠤᠯᠭ᠎ᠠ ᠦᠵᠡᠭᠦᠯᠵᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠶᠢ ᠬᠦᠯᠢᠶᠡᠰᠦᠯᠡᠵᠦ ᠪᠠᠶᠢᠭ᠎ᠠ ᠳᠦᠷᠢᠮ ᠤᠨ | ᠬᠠᠷᠰᠢ ᠰᠠᠭᠠᠳ ᠢ ᠠᠷᠢᠯᠭᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ | ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ ᠂ ᠳᠦᠷᠢᠮ ᠪᠣᠯᠣᠨ ᠬᠠᠤᠯᠢ ᠴᠠᠭᠠᠵᠠ ᠶᠢᠨ | ᠲᠠᠯ᠎ᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠡᠷᠬᠡ | ᠲᠡᠭᠰᠢ ᠪᠠᠷ ᠬᠠᠨᠳᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠵᠣᠷᠢᠭᠵᠢᠭᠤᠯᠤᠨ ᠳᠡᠮᠵᠢᠵᠦ ᠂ ᠵᠠᠬ᠎ᠠ | ᠳᠡᠯᠭᠡᠭᠦᠷ ᠤᠨ ᠵᠢᠱᠢᠯᠲᠡ ᠪᠣᠯᠣᠨ ᠢᠲᠡᠭᠡᠯ ᠢ ᠬᠥᠭᠵᠢᠭᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠳᠤᠮᠳᠠᠬᠢ | ᠴᠢᠬᠤᠯᠠ ᠦᠢᠯᠡᠳᠦᠯ ᠢ ᠢᠳᠡᠪᠬᠢᠲᠡᠢ ᠪᠠᠳᠠᠷᠠᠭᠤᠯᠵᠤ ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠳᠤᠮᠳᠠ ᠵᠢᠵᠢᠭ | ᠪᠢᠴᠢᠯ ᠠᠵᠤ ᠠᠬᠤᠶᠢᠯᠠᠯ ᠪᠣᠯᠣᠨ ᠦᠢᠯᠡᠳᠪᠦᠷᠢ ᠬᠤᠳᠠᠯᠳᠤᠭᠠᠨ ᠤ ᠬᠤᠪᠢ ᠡᠷᠦᠭᠡ ᠶᠢᠨ ᠬᠥᠭᠵᠢᠯᠲᠡ ᠶᠢ ᠳᠡᠮᠵᠢᠵᠦ ᠂ | ᠲᠠᠪᠴᠠᠩ ᠤᠨ ᠠᠵᠤ ᠠᠬᠤᠶᠢᠯᠠᠯ ᠤᠨ ᠠᠵᠢᠯ ᠣᠯᠭᠤᠯᠲᠠ ᠶᠢ ᠡᠭᠦᠳᠭᠦ ᠂ ᠬᠡᠷᠡᠭᠯᠡᠭᠡ ᠶᠢ ᠥᠷᠭᠡᠳᠬᠡᠬᠦ ᠂ ᠣᠯᠠᠨ | ᠤᠯᠤᠰ ᠤᠨ ᠥᠷᠢᠰᠦᠯᠳᠦᠭᠡᠨ ᠳᠤ ᠴᠢᠳᠠᠪᠤᠷᠢ ᠪᠠᠨ ᠪᠠᠳᠠᠷᠠᠭᠤᠯᠬᠤ ᠶᠢ ᠳᠡᠮᠵᠢᠭᠦ ᠬᠡᠷᠡᠭᠲᠡᠢ ᠃ ᠳᠣᠲᠣᠨᠣ ᠪᠥᠭᠡᠳ | ᠲᠣᠳᠣᠷᠬᠠᠢ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠦᠴᠢᠷ | ᠵᠣᠪᠠᠭᠤᠷᠢ ᠶᠢ ᠨᠢ ᠰᠢᠢᠳᠪᠦᠷᠢᠯᠡᠨ ᠥᠭᠴᠦ ᠂ ᠲᠡᠳᠡᠨ ᠢ ᠵᠣᠷᠢᠭᠲᠠᠢ ᠠᠵᠢᠯᠯᠠᠵᠤ ᠂ ᠳᠠᠷᠤᠭᠠᠰᠤ ᠦᠭᠡᠢ ᠪᠠᠷ | ᠠᠵᠢᠯᠯᠠᠬᠤ ᠪᠤᠯᠭᠠᠵᠤ ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠯᠲᠡ ᠶᠢ ᠬᠥᠭᠡᠭᠡᠴᠡᠯᠳᠦᠭᠦᠯᠬᠦ ᠬᠡᠷᠡᠭᠲᠡᠢ ᠃ ᠦᠵᠡᠯ | ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠬᠥᠲᠥᠯᠥᠨ ᠵᠢᠯᠤᠭᠤᠳᠴᠤ ᠨᠠᠮ ᠤᠨ ᠲᠥᠪ ᠬᠤᠷᠢᠶ᠎ᠠ ᠶᠢᠨ | ︽ᠬᠤᠶᠠᠷ ᠡᠷᠡᠰ ᠭᠤᠶᠢᠪᠢᠰᠢ ᠦᠭᠡᠢ ᠪᠠᠶᠢᠬᠤ ︾ ᠂ ︽ᠬᠤᠶᠠᠷ ᠡᠷᠡᠭᠦᠯ ︾ ᠤᠨ ᠲᠤᠬᠠᠢ ᠴᠢᠭᠯᠡᠯᠲᠡ | ᠲᠥᠷᠥ ᠶᠢᠨ ᠪᠣᠳᠣᠯᠭ᠎ᠠ ᠶᠢ ᠵᠥᠪ ᠣᠶᠢᠯᠠᠭᠠᠭᠤᠯᠵᠤ ᠂ ᠡᠷᠡᠭᠡᠯᠵᠡᠯ ᠢ ᠨᠢ ᠠᠷᠢᠯᠭᠠᠵᠤ ᠂ ᠳᠠᠷᠤᠭᠠᠰᠤ ᠶᠢ ᠨᠢ | ᠬᠥᠩᠭᠡᠷᠡᠭᠦᠯᠵᠦ ᠂ ᠵᠣᠷᠢᠭᠲᠠᠢ ᠪᠠᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠳᠤ ᠨᠡᠩ ᠥᠨᠳᠥᠷ ᠱᠠᠭᠠᠷᠳᠠᠯᠭ᠎ᠠ ᠳᠤᠷᠠᠳᠴᠠᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠳᠤ ᠣᠷᠣᠰᠢᠵᠤ ᠪᠠᠶᠢᠭ᠎ᠠ ᠳᠤᠲᠠᠭᠤᠳᠠᠯ ᠪᠣᠯᠣᠨ ᠲᠤᠯᠭᠠᠷᠠᠵᠤ ᠪᠠᠶᠢᠭ᠎ᠠ ᠥᠷᠢᠰᠦᠯᠳᠦᠭᠡᠨ ᠢ | ᠭᠦᠨᠵᠡᠭᠡᠢ ᠡᠵᠡᠮᠳᠡᠵᠦ᠂ ᠬᠥᠭᠵᠢᠯᠲᠡ ᠶᠢᠨ ᠭᠡᠯᠪᠡᠷᠢ ᠪᠠᠨ ᠬᠤᠪᠢᠷᠠᠭᠤᠯᠵᠤ ᠂ ᠠᠵᠤ ᠦᠢᠯᠡᠰ ᠤᠨ ᠪᠦᠲᠦᠴᠡ ᠪᠠᠨ | ᠲᠣᠬᠢᠷᠠᠭᠤᠯᠵᠤ ᠂ ᠨᠡᠮᠡᠭᠳᠡᠯ ᠤᠨ ᠬᠥᠳᠡᠯᠭᠡᠭᠦ ᠬᠦᠴᠦᠨ ᠢᠶᠠᠨ ᠬᠤᠪᠢᠷᠠᠭᠤᠯᠵᠤ ᠂ ᠭᠤᠣᠯ ᠦᠢᠯᠡᠰ ᠢᠶᠠᠨ ᠪᠠᠲᠤ ᠰᠠᠬᠢᠵᠤ | ᠂ ᠪᠣᠳᠠᠲᠤ ᠴᠣᠭᠴᠠ ᠶᠢᠨ ᠦᠢᠯᠡᠰ ᠢᠶᠠᠨ ᠬᠦᠴᠦᠷᠬᠡᠭᠵᠢᠭᠦᠯᠵᠦ ᠂ ᠤᠬᠠᠮᠰᠠᠷ ᠠᠴᠠ ᠪᠠᠨ ᠴᠢᠨᠠᠷ ᠰᠠᠶᠢᠲᠠᠢ | ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ ᠃ ᠴᠢᠳᠠᠪᠤᠷᠢ ᠲᠠᠢ ᠂ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠬᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠶᠢ ᠴᠢᠩᠭᠠᠳᠬᠠᠵᠤ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠳᠤᠮᠳᠠ ᠨᠡᠩ ᠶᠡᠭᠡ ᠦᠢᠯᠡᠳᠦᠯ ᠦᠵᠡᠭᠦᠯᠭᠦ ᠬᠡᠷᠡᠭᠲᠡᠢ ᠃ | ᠠᠷᠠᠳ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠂ ᠨᠠᠩ ᠣᠯᠠᠨ | ᠠᠷᠠᠳ ᠤᠨ ᠬᠥᠷᠥᠩᠭᠡ ᠶᠢᠨ ᠤᠯᠤᠰ ᠤᠨ ᠴᠢᠬᠤᠯᠠ ᠶᠡᠭᠡ ᠢᠨᠵᠧᠨᠧᠷᠢᠩ ᠂ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ | ᠵᠣᠷᠢᠭᠵᠢᠭᠤᠯᠬᠤ ᠪᠠ ᠲᠠᠲᠠᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠃ ᠡᠯ᠎ᠡ ᠲᠥᠷᠥᠯ ᠤᠨ | ᠬᠥᠷᠥᠩᠭᠡ ᠶᠢᠨ ᠡᠷᠡᠭᠦᠯ ᠢᠶᠠᠷ ᠭᠦᠭᠵᠢᠭᠦ ᠶᠢ ᠬᠠᠤᠯᠢ ᠶᠣᠰᠣᠭᠠᠷ ᠵᠢᠷᠤᠮᠵᠢᠭᠤᠯᠬᠤ ᠪᠠ ᠬᠥᠲᠥᠯᠥᠨ ᠵᠢᠯᠤᠭᠤᠳᠴᠤ ᠂ | ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ ᠂ ᠡᠯ᠎ᠡ | ᠲᠥᠷᠥᠯ ᠤᠨ ᠥᠮᠴᠢᠯᠡᠯ ᠤᠨ ᠠᠵᠤ ᠠᠬᠤᠶᠢᠯᠠᠯ ᠳᠤ ᠭᠤᠣᠯᠴᠢ ᠪᠠᠷ ᠥᠷᠢᠰᠦᠯᠳᠦᠬᠦ ᠂ ᠥᠷᠢᠰᠦᠯᠳᠦᠨ ᠭᠦᠭᠵᠢᠭᠦ | ᠣᠷᠴᠢᠨ ᠨᠥᠬᠦᠴᠡᠯ ᠢ ᠡᠭᠦᠳᠴᠦ ᠥᠭᠭᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠡᠰᠡᠨ ᠦᠭᠡᠢ ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠤ ᠭᠡᠰᠡᠨ ᠦᠭᠡᠢ ᠂ ᠴᠥᠮ ᠬᠠᠮᠲᠤ ᠪᠠᠷ ᠪᠠᠶᠠᠵᠢᠬᠤ ᠶᠢ ᠠᠬᠢᠭᠤᠯᠬᠤ | ᠴᠢᠬᠤᠯᠠ ᠬᠦᠴᠦᠨ ᠮᠥᠨ ᠂ ᠴᠥᠮ ᠬᠠᠮᠲᠤ ᠪᠠᠷ ᠪᠠᠶᠠᠵᠢᠬᠤ ᠶᠢ ᠠᠬᠢᠭᠤᠯᠬᠤ ᠨᠡᠶᠢᠭᠡᠮ ᠤᠨ ᠬᠠᠷᠢᠭᠤᠴᠠᠯᠭ᠎ᠠ ᠶᠢ ᠡᠷᠬᠡᠪᠰᠢ | ᠡᠭᠦᠷᠭᠡᠯᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ | ᠨᠡᠮᠡᠭᠳᠡᠭᠦᠯᠵᠦ ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ ᠂ ᠤᠷᠢᠳ ᠢᠶᠠᠷ ᠪᠠᠶᠠᠵᠢᠭᠰᠠᠨ ᠨᠢ ᠰᠡᠭᠦᠯᠡᠷ ᠪᠠᠶᠠᠵᠢᠬᠤ ᠪᠠᠨ ᠳᠠᠶᠢᠴᠢᠯᠠᠬᠤ ᠂ ᠬᠠᠮᠲᠤ ᠪᠠᠷ | ᠪᠠᠶᠠᠵᠢᠬᠤ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠪᠤᠳᠤᠯ ᠢᠶᠠᠨ ᠴᠢᠩᠭᠠᠳᠬᠠᠬᠤ ᠬᠡᠷᠡᠭᠲᠡᠢ ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠵᠤ ᠠᠬᠤᠶᠢᠯᠠᠯ ᠤᠨ ᠳᠣᠲᠣᠭᠠᠳᠤ ᠳᠠᠭᠠᠨ ᠡᠶ᠎ᠡ ᠵᠣᠬᠢᠴᠠᠩᠭᠤᠢ | ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ ᠂ ᠪᠦᠭᠦ ᠠᠵᠢᠯᠲᠠᠨ ᠤ ᠠᠰᠢᠭ ᠲᠤᠰᠠ ᠶᠢᠨ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ | ᠠᠵᠢᠯᠲᠠᠨ ᠳᠤ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ | ᠬᠤᠷᠢᠭ᠎ᠠ ᠱᠤᠭᠤᠮ ᠢ ᠪᠠᠲᠤ ᠴᠣᠭᠴᠠᠯᠠᠵᠤ ᠂ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ | ᠂ ᠤᠯᠤᠰ ᠢᠶᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠂ ᠬᠠᠤᠯᠢ ᠶᠢ ᠰᠠᠬᠢᠵᠤ ᠡᠵᠡᠩᠨᠡᠬᠦ ᠂ ᠦᠢᠯᠡᠰ ᠪᠣᠰᠬᠠᠵᠤ | ᠰᠢᠨ᠎ᠡ ᠶᠢ ᠡᠭᠦᠳᠭᠦ ᠂ ᠨᠡᠶᠢᠭᠡᠮ ᠳᠤ ᠠᠴᠢ ᠬᠠᠷᠢᠭᠤᠯᠠᠬᠤ ᠥᠯᠢᠭᠡᠷ ᠳᠠᠭᠤᠷᠢᠶᠠᠯ ᠪᠤᠯᠬᠤ ᠬᠡᠷᠡᠭᠲᠡᠢ ᠃ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ ᠂ ᠨᠡᠶᠢᠭᠡᠮ ᠤᠨ ᠨᠡᠶᠢᠲᠡ ᠶᠢᠨ | ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠪᠠ ᠡᠷᠭᠢᠯᠡᠵᠦ ᠂ ᠪᠠᠶᠠᠵᠢᠭᠰᠠᠨ ᠴᠤ | ᠬᠠᠷᠢᠭᠤᠴᠠᠯᠭ᠎ᠠ ᠡᠭᠦᠷᠭᠡᠯᠡᠬᠦ ᠂ ᠪᠠᠶᠠᠵᠢᠭᠰᠠᠨ ᠴᠤ ᠵᠢᠷᠤᠮ ᠢ ᠡᠷᠭᠢᠮᠯᠡᠭᠦ ᠂ ᠪᠠᠶᠠᠵᠢᠭᠰᠠᠨ ᠴᠤ ᠬᠠᠶᠢᠷ᠎ᠠ ᠶᠢ | ᠳᠡᠭᠡᠳᠦᠯᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠱᠢ ᠲᠠᠢ ᠹᠧᠩ ᠂ ᠾᠧ ᠯᠢ ᠹᠧᠩ ᠂ ᠬᠤᠤ ᠮᠢᠩ ᠶᠢᠨ ᠂ ᠭᠤᠤ ᠶᠦᠨ ᠯᠦᠩ ᠨᠠᠷ ᠳᠤᠭᠤᠶᠢᠯᠠᠩ | ᠬᠠᠮᠲᠤᠷᠠᠭᠰᠠᠨ ᠬᠤᠷᠠᠯ ᠳᠤ ᠣᠷᠣᠯᠴᠠᠪᠠ᠃ | | | |