ᠤᠷᠤᠢ ᠶᠢᠨ ᠰᠦᠮ᠎ᠡ ᠰᠤᠮᠤ᠄ ᠮᠥᠩᠭᠦᠨ ᠭᠦᠢᠯᠭᠡᠭᠡᠨ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠬᠥᠭᠵᠢᠯᠲᠡ ᠳᠤ ᠦᠢᠯᠡᠴᠢᠯᠡᠵᠦ ᠬᠠᠪᠤᠷ ᠤᠨ ᠲᠠᠷᠢᠶᠠᠯᠠᠭ᠎ᠠ ᠳᠤ ᠲᠤᠰᠠᠯᠠᠨ᠎ᠠ
ᠨᠡᠶᠢᠲᠡᠯᠡᠭᠰᠡᠨ ᠴᠠᠭ᠄
2023/3/9
     ᠤᠢᠢᠷ᠎ᠠ ᠶᠢᠨ ᠡᠳᠦᠷ᠂ ᠤᠷᠤᠢ ᠶᠢᠨ ᠰᠦᠮ᠎ᠡ ᠰᠤᠮᠤ ᠶᠢᠨ ᠨᠠᠮ ᠤᠨ  ᠬᠤᠷᠢᠶ᠎ᠠ᠂ ᠵᠠᠰᠠᠭ ᠤᠨ ᠣᠷᠳᠣᠨ ᠤ ᠡᠮᠦᠨᠡᠬᠢ ᠬᠤᠭᠤᠴᠠᠭᠠᠨ ᠤ ᠤᠯᠤᠯᠴᠠᠭ᠎ᠠ ᠰᠣᠯᠢᠯᠴᠠᠭ᠎ᠠ ᠪᠠᠷ ᠳᠠᠮᠵᠢᠨ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠠᠤᠬᠠᠨ ᠬᠤᠰᠢᠭᠤᠨ ᠤ ᠰᠠᠯᠪᠤᠷᠢ ᠪᠠᠩᠬᠢ ᠤᠷᠤᠢ ᠶᠢᠨ ᠰᠦᠮ᠎ᠡ ᠰᠤᠮᠤ ᠶᠢᠨ ᠡᠯ᠎ᠡ ᠭᠠᠴᠠᠭ᠎ᠠ ᠳᠤ ᠬᠦᠷᠴᠦ᠂ ᠬᠠᠷᠢᠶ᠎ᠠ ᠣᠷᠣᠨ ᠤ ᠮᠠᠯᠴᠢᠨ ᠲᠠᠷᠢᠶᠠᠴᠢᠨ ᠡᠷᠦᠬᠡ ᠳᠤ ᠲᠠᠷᠢᠶᠠᠯᠠᠩ ᠢ ᠲᠤᠰᠠᠯᠠᠬᠤ ᠵᠢᠭᠡᠯᠡᠯᠭᠡ ᠲᠠᠯᠪᠢᠵᠤ᠂ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ ︽ᠬᠠᠮᠤᠭ ᠰᠡᠭᠦᠯᠴᠢ ᠶᠢᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠮᠠᠯᠵᠢᠬᠤ ᠣᠷᠣᠨ ᠤ ᠤᠯᠠᠨ ᠲᠦᠮᠡᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠢᠴᠢ ᠠᠵᠤ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃    ᠣᠯᠠᠨ ᠵᠢᠯ ᠤᠨ ᠲᠤᠷᠰᠢ᠂ ᠡᠯ᠎ᠡ ᠪᠠᠩᠬᠢ ᠶᠢᠨ ᠳᠠᠭᠠᠭᠠᠯᠲᠠ ᠶᠢᠨ ᠲᠥᠷᠥ ᠶᠢᠨ ᠪᠣᠳᠣᠯᠭ᠎ᠠ ᠳᠤ ᠬᠢᠵᠠᠭᠠᠷᠯᠠᠭᠳᠠᠵᠤ ᠂ ᠰᠤᠮᠤ ᠶᠢᠨ ᠬᠠᠷᠢᠶ᠎ᠠ ᠣᠷᠣᠨ ᠤ ᠮᠠᠰᠢ ᠣᠯᠠᠨ ᠮᠠᠯᠴᠢᠨ ᠲᠠᠷᠢᠶᠠᠴᠢᠨ ᠲᠦᠮᠡᠨ ᠤ  ᠦᠢᠯᠡᠳᠪᠦᠷᠢᠯᠡᠯ ᠡᠵᠡᠩᠨᠡᠯᠲᠡ ᠶᠢᠨ ᠪᠠᠯᠠ ᠮᠥᠩᠭᠦ ᠳᠤᠲᠠᠭᠳᠠᠬᠤ ᠪᠠᠶᠢᠳᠠᠯ ᠣᠷᠣᠰᠢᠵᠤ᠂ ᠡᠯ᠎ᠡ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢ ᠬᠦᠨᠳᠦ ᠨᠣᠴᠢᠲᠠᠶ ᠬᠢᠵᠠᠭᠠᠷᠯᠠᠵᠤ ᠪᠠᠶᠢᠬᠤ ᠪᠥᠭᠡᠳ ᠪᠥᠬᠦ ᠰᠤᠮᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠲᠦᠢᠯ ᠤᠨ ᠠᠰᠢᠭ ᠥᠬᠡᠶ ᠨᠥᠯᠥᠭᠡ ᠦᠵᠡᠭᠦᠯᠵᠦ ᠪᠠᠶᠢᠨ᠎ᠠ᠃ ᠬᠥᠭᠵᠢᠯᠲᠡ ᠶᠢᠨ  ᠪᠣᠭᠤᠮᠲᠠ ᠶᠢ  ᠰᠢᠢᠳᠪᠦᠷᠢᠯᠡᠬᠦ ᠶᠢᠨ ᠲᠥᠯᠥᠭᠡ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠵᠤ ᠤᠷᠤᠢ ᠶᠢᠨ ᠰᠦᠮ᠎ᠡ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠠᠤᠬᠠᠨ ᠬᠤᠰᠢᠭᠤᠨ ᠤ ᠰᠠᠯᠪᠤᠷᠢ ᠪᠠᠩᠬᠢ ᠶᠢᠨ ︽ᠲᠠᠷᠢᠶᠠᠴᠢᠳ ᠲᠤ ᠠᠰᠢᠭ ᠬᠦᠷᠲᠡᠭᠡᠬᠦ e ᠵᠢᠭᠡᠯᠡᠯᠭᠡ ︾ ᠶᠢᠨ ᠢᠲᠡᠭᠡᠮᠵᠢᠲᠦ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠠᠰᠢᠭᠲᠠᠶ ᠲᠣᠬᠢᠶᠠᠯ ᠢ ᠠᠰᠢᠭᠯᠠᠨ᠂ ᠢᠳᠡᠪᠬᠢᠲᠡᠶ ᠪᠠᠷ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ ᠲᠠᠷᠢᠶᠠᠯᠠᠩ ᠤᠨ ᠪᠠᠩᠬᠢ ᠶᠢᠨ ᠲᠤᠬᠠᠶᠢᠯᠠᠭᠰᠠᠨ ᠠᠵᠢᠯ ᠤᠨ ᠳᠠᠭᠠᠭᠠᠮᠠᠯ ᠢ ᠡᠯ᠎ᠡ ᠭᠠᠴᠠᠭᠠᠨ ᠳᠤ ᠤᠷᠢᠵᠤ᠂ ᠲᠤᠬᠠᠶ ᠶᠢᠨ ᠲᠠᠯᠠᠪᠤᠷ ᠲᠤ ᠮᠠᠯᠴᠢᠨ ᠲᠠᠷᠢᠶᠠᠴᠢᠨ ᠳᠤ ᠵᠢᠭᠡᠯᠡᠯᠭᠡ ᠲᠠᠯᠪᠢᠬᠤ ᠭᠠᠷ ᠭᠦᠢᠴᠡᠳᠭᠡᠯ ᠬᠢᠵᠦ᠂ ᠠᠷᠠᠳ ᠲᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ ᠶᠢ ᠦᠨᠡᠨ ᠬᠦ ᠪᠡᠶᠡᠯᠡᠭᠦᠯᠵᠡᠶ᠂ ᠪᠦᠷᠢᠳᠬᠡᠯ ᠢ ᠦᠨᠳᠦᠰᠦᠯᠡᠪᠡᠯ᠂ ᠡᠭᠦᠨ ᠳᠤ ᠬᠠᠪᠢᠷᠭ᠎ᠠ ᠭᠠᠴᠠᠭ᠎ᠠ ᠳᠤ ᠨᠢᠭᠡ ᠡᠳᠦᠷ ᠲᠤ ᠮᠠᠯᠴᠢᠨ ᠲᠠᠷᠢᠶᠠᠴᠢᠨ ᠳᠤ 800 ᠭᠠᠷᠤᠶ ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ ᠮᠠᠯᠴᠢᠨ ᠲᠠᠷᠢᠶᠠᠴᠢᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠥᠷᠨᠢᠭᠦᠯᠬᠦ᠂ ᠠᠵᠤ  ᠦᠢᠯᠡᠰ ᠤᠨ ᠬᠡᠪᠴᠢᠶ᠎ᠡ ᠶᠢ ᠥᠷᠭᠡᠳᠬᠡᠬᠦ ᠵᠡᠷᠭᠡ ᠳᠤ ᠲᠤᠯᠭᠠᠷᠠᠵᠤ ᠪᠠᠶᠢᠭ᠎ᠠ ᠪᠠᠯᠠ ᠮᠥᠩᠭᠦ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠢ ᠪᠦᠲᠦᠮᠵᠢᠲᠡᠶ  ᠰᠢᠢᠳᠪᠦᠷᠢᠯᠡᠵᠦ᠂ ᠥᠷᠭᠡᠨ ᠣᠯᠠᠨ ᠲᠦᠮᠡᠨ ᠤ ᠬᠠᠮᠲᠤ ᠶᠢᠨ ᠬᠦᠷᠢᠶᠡᠯᠡᠯ ᠢ ᠣᠯᠤᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠠᠤᠬᠠᠨ ᠬᠤᠰᠢᠭᠤᠨ ᠳᠠᠬᠢ ᠰᠠᠯᠪᠤᠷᠢ ᠪᠠᠩᠬᠢ ᠶᠢᠨ ᠭᠠᠷᠭᠠᠭᠰᠠᠨ ︽ᠲᠠᠷᠢᠶᠠᠴᠢᠳ ᠲᠤ ᠠᠰᠢᠭ ᠬᠦᠷᠲᠡᠭᠡᠬᠦ e ᠵᠢᠭᠡᠯᠡᠯᠭᠡ︾ ᠶᠢᠨ ᠲᠤᠬᠠᠶᠢᠯᠠᠭᠰᠠᠨ ᠠᠵᠢᠯ ᠵᠢᠯ ᠤᠨ ᠬᠦᠦ ᠮᠥᠩᠭᠦ ᠨᠢ ᠵᠥᠪᠬᠡᠨ 4.55% ᠪᠠᠶᠢᠵᠤ᠂ ᠵᠢᠭᠡᠯᠡᠯᠭᠡ ᠶᠢᠨ ᠬᠤᠭᠤᠴᠠᠭ᠎ᠠ ᠨᠢ 3 ᠵᠢᠯ᠂ ᠬᠠᠮᠤᠭ ᠤᠨ ᠶᠡᠭᠡ ᠬᠡᠮᠵᠢᠶ᠎ᠡ ᠨᠢ 30 ᠲᠦᠮᠡᠨ ᠲᠥᠭᠦᠷᠢᠭ ᠲᠤ ᠬᠦᠷᠴᠦ᠂ ᠲᠠᠷᠢᠶᠠᠯᠠᠬᠤ ᠮᠠᠯᠵᠢᠬᠤ ᠡᠷᠦᠬᠡ ᠭᠡᠷ ᠪᠦᠯᠢ ᠶᠢᠨ ᠣᠷᠣᠨ ᠰᠠᠭᠤᠴᠠ ᠶᠢᠨ ᠪᠠᠶᠢᠳᠠᠯ᠂ ᠭᠠᠵᠠᠷ ᠰᠢᠷᠣᠶ ᠶᠢᠨ ᠡᠵᠡᠩᠨᠡᠯᠲᠡ ᠶᠢᠨ ᠪᠠᠶᠢᠳᠠᠯ᠂ ᠲᠡᠵᠢᠭᠡᠨ ᠦᠷᠡᠵᠢᠭᠦᠯᠬᠦ ᠬᠡᠪᠴᠢᠶ᠎ᠡ ᠵᠡᠷᠭᠡ ᠨᠥᠬᠦᠴᠡᠯ ᠢᠶᠠᠨ ᠦᠨᠳᠦᠰᠦᠯᠡᠨ ᠢᠲᠡᠭᠡᠮᠵᠢᠲᠦ ᠵᠢᠭᠡᠯᠡᠯᠭᠡ ᠭᠤᠶᠤᠴᠢᠯᠠᠵᠤ ᠪᠣᠯᠤᠨ᠎ᠠ᠂ ᠮᠠᠯᠵᠢᠬᠤ ᠲᠠᠷᠢᠶᠠᠯᠠᠬᠤ ᠡᠷᠦᠬᠡ ᠵᠢᠯ ᠪᠦᠷᠢ ᠵᠥᠪᠬᠡᠨ ᠬᠦᠤ ᠮᠥᠩᠭᠦ ᠶᠢ ᠳ᠋ᠦᠩᠨᠡᠨ ᠪᠤᠳᠤᠵᠤ᠂ ᠭᠤᠷᠪᠠᠨ ᠵᠢᠯ ᠳᠤ ᠡᠬᠡ ᠮᠥᠩᠭᠦ ᠶᠢ ᠨᠢ ᠪᠤᠴᠠᠭᠠᠨ᠎ᠠ᠂ ᠡᠭᠦᠨ ᠤ ᠵᠡᠷᠭᠡ ᠳᠤ᠂ ᠲᠠᠷᠢᠶᠠᠯᠠᠩ ᠤᠨ ᠪᠠᠩᠬᠢ ᠪᠠᠰᠠ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠵᠢᠭᠡᠯᠡᠯᠭᠡ ᠡᠷᠭᠢᠯᠡᠬᠦ ᠴᠠᠭ ᠤᠨ ᠬᠢᠵᠠᠭᠠᠷ ᠢ ᠪᠣᠭᠤᠨᠢᠰᠬᠠᠨ᠂ ᠵᠢᠭᠡᠯᠡᠯᠭᠡ ᠳᠠᠭᠠᠭᠠᠴᠢᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠢᠭᠡᠯᠡᠯᠭᠡ ᠶᠢᠨ ᠶᠠᠰᠤ ᠴᠢᠨᠠᠷ ᠢ ᠪᠠᠲᠤᠯᠠᠵᠤ᠂ ᠲᠤᠬᠠᠶᠢᠯᠠᠭᠰᠠᠨ ᠠᠵᠢᠯ ᠢ ᠬᠡᠷ ᠲᠤᠨᠢ ᠬᠦᠷᠴᠦ ᠭᠦᠢᠴᠡᠳᠭᠡᠵᠦ᠂ ᠣᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠵᠦ᠂ ᠬᠠᠮᠤᠭ ᠤᠨ ᠶᠡᠭᠡ ᠬᠠᠷᠠᠭᠠᠯᠵᠠᠯ ᠢ ᠠᠷᠠᠳ ᠲᠤ ᠠᠰᠢᠭ ᠬᠦᠷᠲᠡᠭᠡᠵᠦ᠂ ᠲᠠᠷᠢᠶᠠᠴᠢᠳ ᠢ ᠳᠡᠮᠵᠢᠨ ᠲᠠᠷᠢᠶᠠᠴᠢᠳ ᠲᠤ ᠠᠰᠢᠭ ᠬᠦᠷᠲᠡᠭᠡᠬᠦ ᠶᠢ ᠦᠨᠡᠨ  ᠬᠦ  ᠪᠡᠶᠡᠯᠡᠭᠦᠯᠪᠡ  ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号