ᠪᠠᠶᠢᠰᠡ ᠶᠢᠨ ᠬᠤᠷᠢᠶ᠎ᠠ ᠪᠠᠯᠭᠠᠰᠤ᠄ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ  ᠶᠢᠨ ᠠᠵᠢᠯᠯᠠᠭ᠎ᠠ ᠦᠷᠨᠢᠭᠦᠯᠵᠦ ︽3 · 8︾ ᠤ ᠡᠮᠡᠭᠲᠡᠶᠢᠴᠦᠳ ᠤᠨ ᠪᠠᠶᠠᠷ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2023/3/9
   2023 ᠣᠨ ᠤ 3 ᠰᠠᠷ᠎ᠠ ᠶᠢᠨ 8 ᠤ ᠡᠳᠦᠷ᠂ ︽3 · 8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠡᠳᠦᠷ᠂ ᠪᠠᠶᠢᠰᠡ ᠶᠢᠨ ᠬᠤᠷᠢᠶ᠎ᠠ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠤᠯᠪᠣᠭᠠᠲᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ  ᠢᠮᠠᠭᠠᠲᠤ ᠲᠣᠰᠬᠤᠨ ᠳᠤ ᠬᠦᠷᠴᠦ ︽ᠡᠬᠡᠴᠦᠤᠯ ᠤᠨ ᠡᠷᠡᠭᠦᠯ ᠮᠡᠨᠳᠦ ᠶᠢᠨ ᠬᠤᠷᠳᠤᠨ ᠲᠡᠷᠭᠡ︾ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠤᠬᠠᠮᠰᠠᠷ ᠪᠠ ᠡᠷᠡᠭᠦᠯ ᠬᠠᠮᠠᠭᠠᠯᠠᠯ ᠡᠷᠡᠭᠦᠯᠵᠢᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ᠃    ᠲᠣᠰ ᠤᠳᠠᠭᠠᠨ ᠤ ᠠᠵᠢᠯᠯᠠᠭ᠎ᠠ ᠳᠤ ᠪᠠᠶᠢᠰᠡ ᠶᠢᠨ ᠬᠤᠷᠢᠶ᠎ᠠ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 4 ᠡᠮᠴᠢ ᠰᠤᠪᠢᠯᠠᠭᠴᠢ ᠶᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠡᠮᠴᠢ ᠰᠤᠪᠢᠯᠠᠭᠴᠢ ᠶᠢ ︽ ᠡᠬᠡᠴᠦᠦᠯ ᠤᠨ ᠡᠷᠡᠭᠦᠯ ᠮᠡᠨᠳᠦ ᠶᠢᠨ ᠬᠤᠷᠳᠤᠨ ᠲᠡᠷᠭᠡ︾ ᠳᠤ ᠰᠠᠭᠤᠯᠭᠠᠵᠤ᠂ ᠴᠢᠰᠤᠨ ᠳᠠᠷᠤᠯᠲᠠ ᠶᠢᠨ ᠬᠡᠮᠵᠢᠭᠦᠷ᠂ B ᠬᠡᠲᠦ ᠳᠣᠯᠭᠢᠶᠠᠨ ᠤ ᠡᠮᠡᠭᠲᠡᠶ ᠶᠢᠨ ᠰᠠᠯᠠᠭᠠᠨ ᠤ ᠪᠠᠶᠢᠴᠠᠭᠠᠯᠲᠠ ᠶᠢᠨ ᠬᠡᠮᠵᠢᠭᠦᠷᠯᠢᠭ ᠵᠡᠷᠭᠡ ᠲᠥᠬᠦᠭᠡᠷᠦᠮᠵᠢ ᠶᠢ ᠠᠪᠴᠤ ᠲᠣᠰᠬᠤᠨ ᠳᠤ ᠬᠦᠷᠴᠦ ᠠᠯᠪᠠᠨ ᠵᠢᠷᠤᠮ ᠤᠨ ᠡᠮᠴᠢᠯᠡᠭᠡ ᠬᠢᠯᠭᠡᠵᠡᠶ᠃ ᠬᠥᠳᠡᠯᠭᠡᠭᠡᠨ ᠤ ᠳᠤᠮᠳᠠ᠂ ᠡᠮᠴᠢ ᠰᠤᠪᠢᠯᠠᠭᠴᠢᠳ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ ᠡᠮᠨᠡᠭᠦᠯᠬᠦ ᠪᠠᠷ ᠢᠷᠡᠭᠰᠡᠨ ᠡᠮᠡᠭᠲᠡᠶᠢᠴᠦᠳ ᠤᠨ ᠴᠢᠰᠤᠨ ᠳᠠᠷᠤᠯᠲᠠ ᠶᠢ ᠬᠡᠮᠵᠢᠵᠦ᠂ ᠵᠢᠷᠦᠬᠡᠨ ᠤ ᠯᠤᠭᠰᠢᠯᠲᠠ ᠶᠢᠨ ᠵᠢᠷᠤᠭ᠂ ᠴᠡᠭᠡᠵᠢ ᠬᠡᠪᠡᠯᠢ ᠶᠢᠨ ᠬᠡᠰᠡᠭ ᠤᠨ B ᠬᠡᠳᠦ ᠳᠣᠯᠭᠢᠶᠠᠨ ᠤ ᠪᠠᠶᠢᠴᠠᠭᠠᠯᠲᠠ ᠬᠢᠵᠦ᠂ ᠲᠡᠭᠦᠨ ᠤ ᠴᠢᠬᠤᠯᠠ ᠬᠡᠰᠡᠭ ᠤᠨ ᠡᠷᠡᠭᠦᠯ ᠮᠡᠨᠳᠦ ᠶᠢᠨ ᠳᠠᠯᠳᠠ ᠭᠡᠮ ᠢ ᠠᠷᠢᠯᠭᠠᠨ ᠦᠭᠪᠡ᠃ ᠠᠯᠪᠠᠨ ᠵᠢᠷᠤᠮ ᠤᠨ ᠡᠮᠴᠢᠯᠡᠭᠡ ᠳᠤ ᠪᠠᠰᠠ ᠰᠦᠢᠳᠬᠡᠯ ᠬᠤᠷᠢᠶᠠᠬᠤ ᠦᠭᠡᠢ ᠪᠠᠷ ᠠᠰᠠᠭᠤᠨ ᠯᠠᠪᠯᠠᠬᠤ ᠭᠠᠵᠠᠷ ᠭᠠᠷᠭᠠᠵᠤ᠂ ᠡᠮᠡᠭᠲᠠᠶᠢᠴᠦᠳ ᠲᠤ ᠰᠡᠳᠬᠢᠴᠡ ᠶᠢᠨ ᠡᠷᠡᠭᠦᠯᠵᠢᠯ ᠤᠨ ᠵᠥᠪᠯᠡᠯᠭᠡ ᠥᠭᠬᠦ ᠪᠠ ᠬᠥᠩᠭᠡᠵᠢᠭᠰᠡᠨ ᠤ ᠳᠠᠷᠠᠭᠠᠬᠢ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠤᠨ ᠮᠡᠳᠡᠯᠭᠡ ᠶᠢᠨ ᠤᠬᠠᠭᠤᠯᠭ᠎ᠠ ᠬᠢᠵᠦ᠂ ᠰᠦᠢᠳᠬᠡᠯ ᠬᠤᠷᠢᠶᠠᠬᠤ ᠦᠭᠡᠢ ᠪᠠᠷ ᠤᠬᠠᠭᠤᠯᠬᠤ᠂ ᠰᠦᠢᠳᠬᠡᠯ ᠬᠤᠷᠢᠶᠠᠬᠤ ᠦᠭᠡᠢ ᠪᠠᠷ ᠪᠠᠶᠢᠴᠠᠭᠠᠬᠤ᠂ ᠰᠦᠢᠳᠬᠡᠯ ᠬᠤᠷᠢᠶᠠᠬᠤ ᠦᠭᠡᠢ ᠪᠠᠷ ᠡᠮ ᠬᠦᠷᠭᠡᠬᠦ᠂ ᠤᠬᠠᠭᠤᠯᠭ᠎ᠠ ᠶᠢᠨ ᠮᠠᠲ᠋ᠧᠷᠢᠶᠠᠯ ᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠬᠤ ᠶᠢ ᠦᠨᠡᠨ ᠬᠦ ᠪᠡᠶᠡᠯᠡᠭᠦᠯᠵᠡᠶ᠃ ᠣᠶᠢᠯᠠᠭᠠᠭᠰᠠᠨ ᠢᠶᠠᠷ ᠂ ᠠᠵᠢᠯᠯᠠᠭ᠎ᠠ ᠶᠢᠨ ᠬᠤᠭᠤᠴᠠᠭᠠᠨ ᠳᠤ ᠬᠥᠩᠭᠡᠵᠢᠭᠰᠡᠨ ᠤ ᠳᠠᠷᠠᠭᠠᠬᠢ ᠰᠡᠳᠬᠢᠴᠡ ᠶᠢᠨ ᠡᠷᠡᠭᠦᠯ ᠮᠡᠨᠳᠦ ᠶᠢᠨ ᠤᠬᠠᠭᠤᠯᠭ᠎ᠠ ᠶᠢᠨ ᠮᠠᠲ᠋ᠧᠷᠢᠶᠠᠯ᠂ ᠡᠮ ᠤᠨ  ᠵᠦᠢᠯ ᠵᠡᠷᠭᠡ ᠶᠢ ᠨᠡᠶᠢᠲᠡ 200 ᠭᠠᠷᠤᠶ ᠬᠤᠪᠢ ᠲᠠᠷᠬᠠᠭᠠᠵᠤ᠂ ᠡᠮ ᠤᠨ  ᠵᠦᠢᠯ ᠤᠨ ᠥᠷᠲᠡᠭ ᠨᠢ 500 ᠭᠠᠷᠤᠶ ᠲᠥᠭᠦᠷᠢᠭ ᠪᠠᠶᠢᠵᠤ᠂ ᠨᠡᠶᠢᠲᠡ 40 ᠭᠠᠷᠤᠶ  ᠡᠮᠡᠭᠲᠡᠶᠢᠴᠦᠳ ᠲᠤ  ᠠᠰᠢᠭ ᠬᠦᠷᠲᠡᠭᠡᠪᠡ᠃    ᠲᠣᠰ ᠤᠳᠠᠭᠠᠨ ᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠠᠮᠵᠢᠭᠤᠯᠤᠨ᠂ ᠡᠮᠡᠭᠲᠡᠶᠢᠴᠦᠳ ᠤᠨ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ︽ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ︾ ᠶᠢᠨ ᠠᠷᠭ᠎ᠠ ᠮᠠᠶ᠋ᠢᠭ ᠢᠶᠠᠷ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠵᠦ᠂ ᠡᠮᠡᠭᠲᠡᠶᠢᠴᠦᠳ ᠤᠨ ᠰᠠᠶᠢᠨ ᠦᠨᠡᠯᠡᠯᠲᠡ ᠶᠢ ᠣᠯᠤᠭᠰᠠᠨ ᠪᠥᠭᠡᠳ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠢᠴᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠵᠡᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号