ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠠᠤᠬᠠᠨ ᠬᠤᠰᠢᠭᠤᠨ  ᠳᠤ ᠢᠷᠡᠵᠦ  ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠰᠬᠠᠶ ᠰᠡᠳᠦᠪᠲᠦ ᠪᠠᠶᠢᠴᠠᠭᠠᠨ ᠰᠣᠳᠤᠯᠤᠯᠲᠠ ᠦᠷᠨᠢᠭᠦᠯᠪᠡ
ᠨᠡᠶᠢᠲᠡᠯᠡᠭᠰᠡᠨ ᠴᠠᠭ᠄
2023/3/9
   
   3  ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠡᠷᠬᠢᠯᠡᠭᠴᠢ ᠭᠡᠰᠢᠭᠦᠨ ᠱᠢ ᠸᠠᠨ ᠵᠢᠶᠦ᠋ᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠠᠤᠬᠠᠨ ᠬᠤᠰᠢᠭᠤᠨ ᠳᠤ ᠢᠷᠡᠵᠦ  ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠦᠸᠧ ᠰᠢᠤ ᠶᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠧ ᠰᠢᠤ ᠯᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠵᠣᠣ ᠴᠠᠩ ᠱᠠᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠯᠢᠨ ᠵᠢᠶᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
   ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ  ᠰᠠᠯᠪᠤᠷᠢ ᠰᠢᠶᠠᠩ ᠤᠨ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ᠂ ᠬᠤᠰᠢᠭᠤᠨ ᠤ ᠷᠧᠨ ᠺᠠᠩ ᠰᠤᠪᠢᠯᠠᠯᠲᠠ ᠶᠢᠨ ᠬᠤᠷᠢᠶ᠎ᠠ᠂ ᠬᠤᠰᠢᠭᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠤᠨ  ᠡᠮ ᠡᠮᠨᠡᠯᠭᠡ ᠶᠢᠨ ᠪᠠᠲᠤᠯᠠᠭ᠎ᠠ ᠶᠢᠨ ᠴᠣᠩᠬᠤᠪᠴᠢ᠂ ᠷᠧᠨ ᠴᠤᠸᠠᠨ ᠡᠮ ᠤᠨ ᠥᠷᠥᠭᠡ᠂ ᠬᠤᠰᠢᠭᠤᠨ ᠤ ᠬᠢᠲᠠᠳ ᠡᠮᠨᠡᠯᠭᠡ  ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ ᠬᠤᠯᠪᠣᠭᠳᠠᠯ ᠪᠦᠬᠦᠢ ᠡᠮ ᠡᠮᠨᠡᠯᠭᠡ ᠶᠢᠨ ᠠᠵᠤ ᠠᠬᠤᠶᠢᠯᠠᠯ ᠪᠠ  ᠡᠮ ᠡᠮᠨᠡᠯᠭᠡ ᠶᠢᠨ ᠪᠠᠶᠢᠭᠤᠯᠤᠮᠵᠢ ᠳᠤ ᠬᠦᠷᠴᠦ᠂ ᠡᠭᠦᠨ ᠤ ᠬᠠᠮᠲᠤ ᠡᠷᠦᠬᠡ ᠳᠤ ᠬᠦᠷᠴᠦ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠤᠳᠠᠭᠠᠨ ᠴᠢᠨᠠᠷᠲᠠᠶ ᠡᠪᠡᠳᠴᠢᠨ ᠢᠶᠠᠷ ᠡᠮ ᠬᠡᠷᠡᠭᠯᠡᠬᠦ ᠳᠤ ᠬᠦᠴᠢᠷᠲᠡᠶ ᠣᠯᠠᠨ ᠲᠦᠮᠡᠨ ᠢ ᠰᠤᠷᠪᠤᠯᠵᠢᠯᠠᠵᠤ᠂ ᠪᠥᠬᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ᠂ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠵᠢᠴᠢ ᠡᠮ ᠡᠮᠨᠡᠯᠭᠡ ᠶᠢᠨ ᠪᠠᠲᠤᠯᠠᠭ᠎ᠠ ᠶᠢᠨ ᠥᠭᠡᠷᠡᠴᠢᠯᠡᠯᠲᠡ ᠶᠢᠨ ᠠᠵᠢᠯ ᠤᠨ ᠭᠤᠤᠯ ᠠᠷᠭ᠎ᠠ᠂ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠨᠠᠷᠢᠨ ᠣᠶᠢᠯᠠᠭᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠨᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠬᠤᠯᠪᠣᠭᠳᠠᠵᠤ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠣᠶᠢᠷ᠎ᠠ ᠶᠢᠨ ᠵᠢᠯ ᠳᠤ᠂ ᠬᠤᠰᠢᠭᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠶᠢ ᠢᠮᠠᠭᠲᠠ ᠪᠠᠷᠢᠮᠲᠠᠯᠠᠵᠤ᠂  ᠡᠮ ᠡᠮᠨᠡᠯᠭᠡ ᠶᠢᠨ ᠪᠠᠲᠤᠯᠠᠭ᠎ᠠ ᠶᠢᠨ ᠡᠷᠬᠡ ᠲᠡᠭᠰᠢ ᠴᠢᠨᠠᠷ᠂ ᠵᠣᠬᠢᠴᠠᠯᠳᠤ ᠴᠢᠨᠠᠷ ᠢ ᠲᠠᠰᠤᠷᠠᠯᠲᠠ ᠥᠬᠡᠶ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠰᠡᠳᠬᠢᠭᠳᠡᠯ ᠢ ᠲᠠᠰᠤᠷᠠᠯᠲᠠ ᠥᠬᠡᠶ ᠨᠡᠮᠡᠭᠳᠡᠭᠦᠯᠵᠦ ᠪᠠᠶᠢᠨ᠎ᠠ ᠭᠡᠪᠡ᠃
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠬᠤᠰᠢᠭᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ  ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠡᠷᠴᠢᠮ ᠢ ᠴᠢᠩᠭᠠᠷᠠᠭᠤᠯᠤᠨ᠂  ᠡᠮ ᠡᠮᠨᠡᠯᠭᠡ ᠶᠢᠨ ᠳᠠᠭᠠᠳᠬᠠᠯ ᠤᠨ ᠥᠭᠡᠷᠡᠴᠢᠯᠡᠯᠲᠡ ᠶᠢᠨ ᠠᠵᠢᠯ ᠢ ᠴᠢᠨᠠᠷ ᠰᠠᠶᠢᠲᠠᠢ ᠪᠠᠶᠡᠯᠡᠭᠦᠯᠬᠦ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号