ᠤᠷᠤᠢ ᠶᠢᠨ ᠰᠦᠮ᠎ᠡ ᠰᠤᠮᠤ  ᠶᠢᠨ ︽ᠵᠢᠵᠢᠭ ᠠᠵᠤ ᠦᠢᠯᠡᠰ︾ ᠨᠢ ᠠᠷᠠᠳ ᠢᠷᠭᠡᠳ ᠤᠨ ᠪᠠᠶᠠᠵᠢᠨ ᠴᠢᠨᠡᠭᠡᠯᠢᠭᠵᠢᠬᠦ ᠶᠢᠨ ︽ᠶᠡᠭᠡ ᠬᠠᠭᠠᠯᠭ᠎ᠠ︾ ᠶᠢ  ᠨᠡᠬᠡᠭᠡᠨ᠎ᠡ
ᠨᠡᠶᠢᠲᠡᠯᠡᠭᠰᠡᠨ ᠴᠠᠭ᠄
2023/4/12
   ᠠᠵᠤ ᠦᠢᠯᠡᠰ ᠬᠦᠴᠦᠷᠬᠡᠭᠵᠢᠪᠡᠯ ᠠᠵᠤ ᠠᠬᠤᠢ ᠬᠦᠴᠦᠷᠬᠡᠭᠵᠢᠵᠦ᠂ ᠠᠵᠤ ᠦᠢᠯᠡᠰ ᠬᠥᠭᠵᠢᠪᠡᠯ ᠠᠷᠠᠳ ᠤᠯᠠᠨ ᠪᠠᠶᠠᠵᠢᠨ᠎ᠠ᠃ ᠤᠷᠤᠢ ᠶᠢᠨ ᠰᠦᠮ᠎ᠡ ᠰᠤᠮᠤ ᠣᠳᠣ ᠶᠢᠨ ᠳᠠᠪᠠᠭᠤᠯᠢᠭ ᠠᠵᠤ ᠦᠢᠯᠡᠰ ᠢᠶᠠᠨ ᠰᠢᠯᠢᠳᠡᠭᠵᠢᠭᠦᠯᠦᠨ ᠬᠦᠴᠦᠷᠬᠡᠭᠵᠢᠭᠦᠯᠦᠭᠰᠡᠨ ᠰᠠᠭᠤᠷᠢᠨ ᠳᠡᠭᠡᠷ᠎ᠡ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠠᠷᠢᠶᠠᠲᠤ ᠣᠷᠣᠨ ᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ︽ᠵᠢᠵᠢᠭ ᠠᠵᠤ  ᠦᠢᠯᠡᠰ᠂ ᠲᠣᠮᠣ ᠠᠵᠤ ᠠᠬᠤᠶ︾ ᠶᠢᠨ ᠠᠵᠤ  ᠦᠢᠯᠡᠰ ᠤᠨ ᠬᠥᠭᠵᠢᠯᠲᠡ ᠶᠢᠨ ᠰᠡᠳᠬᠢᠮᠵᠢ ᠶᠢ ᠲᠣᠳᠣᠷᠬᠠᠶᠢᠯᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠠᠷᠭ᠎ᠠ ᠵᠠᠮ ᠢ ᠨᠡᠭᠡᠭᠡᠨ᠂ ᠴᠢᠨᠠᠷ ᠰᠠᠶᠢᠲᠠᠶ ︽ᠵᠢᠵᠢᠭ ᠠᠵᠤ ᠦᠢᠯᠡᠰ︾ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠠᠵᠤ  ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ  ᠨᠡᠮᠡᠷᠢᠯᠡᠨ᠎ᠡ᠃    ᠥᠷᠭᠡᠨ ᠢᠶᠠᠷ ᠪᠠᠶᠢᠴᠠᠭᠠᠨ ᠰᠤᠳᠤᠯᠵᠤ ᠨᠠᠷᠢᠨ ᠨᠢᠮᠪᠠᠶ ᠠᠷᠭ᠎ᠠ ᠤᠬᠠᠭᠠᠨ  ᠰᠦᠪᠡᠭᠴᠢᠯᠡᠨ᠎ᠡ᠃ ᠬᠠᠷᠢᠶᠠᠲᠤ ᠣᠷᠣᠨ ᠤ ᠡᠬᠢ ᠪᠠᠶᠠᠯᠢᠭ ᠤᠨ ᠳᠠᠪᠠᠭᠤᠯᠢᠭ᠂ ᠠᠵᠤ  ᠦᠢᠯᠡᠰ ᠤᠨ ᠰᠠᠭᠤᠷᠢ᠂ ᠤᠨᠴᠠᠯᠢᠬᠳᠤ ᠰᠣᠶᠣᠯ ᠵᠡᠷᠭᠡ ᠣᠨᠴᠠᠯᠢᠭ ᠲᠠᠢ ᠤᠶᠠᠯᠳᠤᠭᠤᠯᠤᠨ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠯ᠎ᠡ ᠱᠠᠲᠤᠨ ᠤ ᠺᠠᠳ᠋ᠷᠴᠤᠳ ᠢ ᠳᠠᠭᠠᠭᠤᠯᠤᠨ ︽ᠵᠠᠭᠤᠨ ᠺᠠᠳ᠋ᠷ ᠮᠢᠩᠭᠠᠨ ᠡᠷᠦᠬᠡ ᠶᠢ  ᠬᠤᠯᠪᠤᠬᠤ︾ ᠠᠵᠢᠯᠯᠠᠭ᠎ᠠ ᠪᠠᠷ ᠳᠠᠮᠵᠢᠭᠤᠯᠤᠨ ᠡᠷᠦᠬᠡ ᠳᠤ ᠬᠦᠷᠴᠦ ᠰᠤᠷᠪᠤᠯᠵᠢᠯᠠᠬᠤ᠂ ᠶᠠᠷᠢᠯᠴᠠᠬᠤ ᠬᠤᠷᠠᠯ ᠥᠷᠨᠢᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠰᠠᠨᠠᠮᠵᠢ ᠶᠢᠨ ᠪᠠᠶᠢᠴᠠᠭᠠᠨ ᠰᠤᠳᠤᠯᠤᠯᠲᠠ ᠶᠢ ᠥᠷᠭᠡᠨ ᠢᠶᠠᠷ ᠥᠷᠨᠢᠭᠦᠯᠵᠦ᠂ ᠠᠵᠤ ᠦᠢᠯᠡᠰ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠥᠷᠭᠡᠨ ᠳᠡᠯᠭᠡᠷ ᠪᠠᠶᠢᠴᠠᠭᠠᠨ ᠰᠤᠳᠤᠯᠤᠯᠲᠠ᠂ ᠭᠦᠨᠵᠡᠭᠡᠶ ᠠᠷᠭ᠎ᠠ ᠤᠬᠠᠭᠠᠨ ᠰᠦᠪᠡᠭᠴᠢᠯᠡᠬᠦ ᠪᠠᠷ ᠳᠡᠮᠵᠢᠨ᠂ ᠮᠠᠯᠵᠢᠬᠤ ᠲᠠᠷᠢᠶᠠᠯᠠᠬᠤ ᠡᠷᠦᠬᠡ ᠶᠢᠨ ᠪᠣᠳᠠᠲᠠᠶ ᠨᠥᠬᠦᠴᠡᠯ ᠵᠢᠴᠢ ᠬᠥᠭᠵᠢᠯᠲᠡ ᠶᠢᠨ ᠬᠦᠰᠡᠯ ᠰᠠᠨᠠᠭ᠎ᠠ ᠶᠢ ᠦᠨᠳᠦᠰᠦᠯᠡᠨ᠂ ᠰᠤᠮᠤ ᠶᠢᠨ ᠨᠠᠮ ᠤᠨ ᠬᠤᠷᠢᠶ᠎ᠠ ᠶᠢᠨ ᠪᠠᠷᠠᠭᠠᠯᠬᠢᠯᠠᠯ ᠤᠨ ᠴᠢᠨᠠᠷᠲᠠᠶ ᠪᠣᠳᠣᠯᠬᠢᠯᠠᠯ ᠂ ᠪᠥᠬᠦ ᠲᠠᠯ᠎ᠠ ᠶᠢᠨ ᠴᠢᠨᠠᠷᠲᠠᠶ ᠠᠷᠭ᠎ᠠ ᠤᠬᠠᠭᠠᠨ ᠰᠦᠪᠡᠭᠴᠢᠯᠡᠵᠦ᠂ ᠲᠠᠪᠤᠨ ᠵᠦᠢᠯ ᠤᠨ ᠤᠨᠴᠠᠯᠢᠭᠳᠤ ︽ᠵᠢᠵᠢᠭ ᠠᠵᠤ ᠦᠢᠯᠡᠰ︾  ᠤᠨ ᠰᠢᠯᠢᠳᠡᠭ ᠢ ᠨᠢ ᠰᠣᠩᠭᠤᠨ ᠲᠣᠭᠲᠠᠭᠠᠵᠤ᠂ ᠲᠣᠰ ᠲᠣᠰ  ᠴᠠᠭᠠᠨ ᠢᠳᠡᠭᠡ᠂  ᠢᠳᠡᠰᠢᠨ ᠬᠤᠨᠢ ᠶᠢ ᠪᠣᠷᠳᠣᠬᠤ᠂ ᠮᠠᠯᠴᠢᠨ ᠠᠶᠢᠯ ᠤᠨ ᠵᠢᠭᠤᠯᠴᠢᠯᠠᠯ᠂ ᠬᠦᠷᠢᠶ᠎ᠡ ᠬᠠᠰᠢᠶ᠎ᠠ ᠶᠢᠨ ᠠᠵᠤ ᠠᠬᠤᠶ ᠵᠢᠴᠢ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠣᠯᠤᠨ᠎ᠠ᠃    ᠵᠣᠬᠢᠶᠠᠨ ᠪᠠᠶᠢᠭᠤᠯᠤᠯᠲᠠ ᠶᠢ ᠲᠣᠳᠣᠷᠬᠠᠶᠢᠯᠠᠵᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠵᠦᠢᠯ ᠤᠨ ᠵᠢᠵᠢᠭ ᠠᠵᠤ ᠦᠢᠯᠡᠰ ᠤᠨ ᠪᠦᠲᠦᠮᠵᠢᠲᠡᠶ  ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠤᠷᠤᠢ ᠶᠢᠨ ᠰᠦᠮ᠎ᠡ ᠰᠤᠮᠤ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠬᠥᠲᠥᠯᠥᠨ ᠳᠠᠭᠠᠭᠤᠯᠬᠤ ᠭᠤᠣᠯ ᠱᠤᠭᠤᠮ ᠢ ᠪᠠᠷᠢᠮᠲᠠᠯᠠᠵᠤ᠂ ᠰᠤᠮᠤᠨ ᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ︽ᠵᠢᠵᠢᠭ ᠠᠵᠤ ᠦᠢᠯᠡᠰ᠂ ᠲᠣᠮᠣ ᠠᠵᠤ ᠠᠬᠤᠶ︾ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠡᠷᠡᠴᠢᠯᠡᠨ ᠵᠢᠵᠢᠭ ᠠᠵᠤ ᠦᠢᠯᠡᠰ ᠨᠢᠭᠡᠪᠦᠷᠢ ᠳᠤ ᠴᠢᠭᠯᠡᠭᠦᠯᠦᠨ᠂ ᠲᠤᠰ ᠲᠤᠰ ᠲᠤᠰᠬᠠᠶ ᠠᠵᠢᠯ ᠢ ᠠᠬᠢᠭᠤᠯᠬᠤ ᠳᠤᠭᠤᠶᠢᠯᠠᠩ ᠪᠠᠶᠢᠭᠤᠯᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠪᠠᠭ ᠤᠨ ᠪᠦᠷᠢᠯᠳᠦᠬᠦᠨ ᠢᠶᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠭᠠᠴᠠᠭᠠᠨ ᠤ ᠨᠠᠮ ᠤᠨ ᠡᠭᠦᠷ ᠤᠨ ᠱᠦᠵᠢ ᠪᠠᠷ ᠲᠦᠷᠦᠭᠦᠯᠡᠭᠦᠯᠦᠭᠰᠡᠨ᠂ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷ ᠢ ᠵᠢᠭᠠᠨ ᠲᠣᠭᠲᠠᠭᠠᠵᠤ ᠪᠥᠬᠦ ᠬᠦᠴᠦᠨ ᠢᠶᠠᠷ ᠢᠶᠠᠨ ᠬᠠᠮᠵᠢᠯᠴᠠᠭᠤᠯᠤᠨ᠂ ᠬᠠᠷᠢᠭᠤᠴᠠᠯᠭ᠎ᠠ ᠶᠢᠨ ᠭᠤᠤᠯ ᠴᠣᠭᠴᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠯᠲᠠ ᠨᠢ ᠡᠮᠬᠢ ᠵᠢᠷᠤᠮ ᠲᠠᠢ᠂ ᠠᠵᠢᠯ ᠤᠨ ᠬᠤᠪᠢᠶᠠᠷᠢᠯᠠᠯ ᠨᠢ ᠲᠣᠳᠣᠷᠬᠠᠶ ᠨᠠᠮ ᠤᠨ ᠪᠠᠶᠢᠭᠤᠯᠤᠯᠲᠠ ᠶᠢᠨ ᠬᠥᠲᠥᠯᠦᠨ ᠳᠠᠭᠠᠭᠤᠯᠬᠤ ᠠᠵᠢᠯ ᠤᠨ ᠰᠢᠰᠲ᠋ᠧᠮᠵᠢ ᠶᠢ ᠪᠦᠷᠢᠯᠳᠦᠭᠦᠯᠵᠦ᠂ ᠡᠯ᠎ᠡ ᠵᠢᠵᠢᠭ ᠠᠵᠤ ᠦᠢᠯᠡᠰ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠬᠦᠴᠦᠲᠡᠶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃    ᠰᠤᠷᠤᠯᠴᠠᠯᠭ᠎ᠠ ᠪᠠᠨ ᠴᠢᠩᠭᠠᠳᠬᠠᠵᠤ ᠴᠢᠳᠠᠪᠤᠷᠢ ᠪᠠᠨ ᠨᠡᠮᠡᠭᠳᠡᠭᠦᠯᠦᠨ᠎ᠡ᠃ ᠡᠯ᠎ᠡ ᠵᠦᠢᠯ ᠤᠨ ᠤᠨᠴᠠᠯᠢᠭᠳᠤ ︽ᠵᠢᠵᠢᠭ ᠠᠵᠤ ᠦᠢᠯᠡᠰ︾ ᠢ ᠬᠡᠷᠡᠭᠵᠢᠭᠦᠯᠬᠦ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠥᠯᠥᠭᠡ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠣᠰ ᠲᠣᠰ ᠰᠤᠮᠤ ᠭᠠᠴᠠᠭ᠎ᠠ ᠬᠤᠶᠠᠷ ᠱᠠᠲᠤᠨ ᠤ ᠺᠠᠳ᠋ᠷ ᠪᠠ ᠮᠠᠯᠴᠢᠨ ᠲᠠᠷᠢᠶᠠᠴᠢᠨ ᠡᠷᠦᠬᠡ ᠳᠤ ᠵᠣᠷᠢᠭᠤᠯᠤᠨ ᠬᠤᠰᠢᠭᠤᠨ ᠤ ᠳᠣᠲᠣᠨ᠎ᠠ ᠭᠠᠳᠠᠨᠠᠬᠢ ᠠᠵᠤ ᠦᠢᠯᠡᠰ ᠤᠨ ᠬᠥᠭᠵᠢᠯᠲᠡ ᠶᠢᠨ ᠲᠡᠷᠢᠭᠦᠨ ᠤ ᠭᠠᠵᠠᠷ ᠣᠷᠣᠨ᠂ ᠬᠤᠷᠰᠢᠶ᠎ᠠ᠂ ᠰᠦᠯᠵᠢᠶᠡᠨ ᠤ ᠰᠠᠭᠤᠷᠢᠨ ᠭᠠᠵᠠᠷ ᠵᠡᠷᠭᠡ ᠳᠤ ᠬᠦᠷᠴᠦ ᠲᠣᠭᠤᠷᠢᠨ ᠦᠵᠡᠵᠦ ᠪᠠᠶᠢᠴᠠᠭᠠᠨ ᠪᠣᠯᠪᠠᠰᠤᠷᠠᠭᠤᠯᠵᠤ ᠰᠤᠷᠤᠯᠴᠠᠭᠤᠯᠤᠨ᠎ᠠ᠃ ᠲᠡᠷᠢᠭᠦᠨ ᠤ ᠠᠷᠭ᠎ᠠ ᠬᠢᠳᠡᠯ ᠢ ᠰᠤᠷᠤᠯᠴᠠᠨ ᠲᠣᠯᠢᠳᠠᠵᠤ᠂ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠪᠠᠨ ᠥᠷᠭᠡᠳᠬᠡᠨ᠂ ᠣᠯᠠᠨ ᠳᠤ ᠣᠷᠣᠰᠢᠵᠤ ᠪᠠᠶᠢᠭ᠎ᠠ ᠰᠡᠵᠢᠭ ᠲᠠᠢ ᠠᠰᠠᠭᠤᠳᠠᠯ ᠢ ᠰᠢᠢᠳᠪᠦᠷᠢᠯᠡᠵᠦ᠂ ᠠᠵᠤ  ᠦᠢᠯᠡᠰ ᠤᠨ ᠬᠥᠭᠵᠢᠯᠲᠡ ᠶᠢᠨ ᠴᠢᠳᠠᠪᠤᠷᠢ ᠪᠠ ᠢᠲᠡᠭᠡᠯ ᠢᠶᠠᠨ ᠨᠡᠮᠡᠭᠳᠡᠭᠦᠯᠦᠨ᠂ ᠮᠠᠯᠵᠢᠬᠤ ᠲᠠᠷᠢᠶᠠᠯᠠᠬᠤ ᠡᠷᠦᠬᠡ ᠶᠢᠨ ᠠᠵᠤ  ᠦᠢᠯᠡᠰ ᠢᠶᠠᠨ ᠬᠥᠭᠵᠢᠭᠦᠯᠬᠦ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃    ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠪᠣᠳᠠᠲᠤ ᠦᠷ᠎ᠡ ᠪᠦᠲᠦᠮᠵᠢ ᠶᠢ ᠪᠠᠲᠤᠯᠠᠨ᠎ᠠ᠃ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠦᠬᠦ ᠬᠦᠴᠦᠨ ᠤ ᠠᠬᠢᠭᠤᠯᠤᠯ ᠳᠣᠣᠷ᠎ᠠ᠂ ᠰᠤᠮᠤ ᠭᠠᠴᠠᠭ᠎ᠠ ᠬᠤᠶᠠᠷ ᠱᠠᠲᠤᠨ ᠤ ᠺᠠᠳ᠋ᠷᠴᠤᠳ ᠤᠨ ᠬᠠᠮᠲᠤ ᠶᠢᠨ ᠴᠢᠷᠮᠠᠶᠢᠯᠭ᠎ᠠ ᠪᠠᠷ᠂ ᠡᠯ᠎ᠡ ᠵᠦᠢᠯ ᠤᠨ ᠤᠨᠴᠠᠯᠢᠭᠳᠤ ︽ᠵᠢᠵᠢᠭ ᠠᠵᠤ  ᠦᠢᠯᠡᠰ︾ ᠤᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢ ᠨᠢᠭᠡᠨᠲᠡ ᠪᠡᠶᠡᠯᠡᠭᠦᠯᠵᠦ᠂ ᠡᠯ᠎ᠡ ᠵᠦᠢᠯ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠂ ᠴᠠᠭᠠᠨ ᠢᠳᠡᠭᠡ ᠪᠣᠯᠪᠠᠰᠤᠷᠠᠭᠤᠯᠬᠤ 3 ᠡᠷᠦᠬᠡ᠂  ᠢᠳᠡᠰᠢᠨ ᠬᠤᠨᠢ ᠪᠣᠷᠳᠣᠵᠤ ᠲᠠᠷᠭᠤᠯᠠᠭᠤᠯᠬᠤ 126 ᠡᠷᠦᠬᠡ᠂ ᠮᠠᠯᠴᠢᠨ ᠠᠶᠢᠯ ᠤᠨ ᠵᠢᠭᠤᠯᠴᠢᠯᠠᠯ ᠤᠨ 5 ᠡᠷᠦᠬᠡ᠂ ᠬᠦᠷᠢᠶᠡᠨ ᠤ ᠠᠵᠤ ᠠᠬᠤᠶ 52 ᠡᠷᠦᠬᠡ  ᠂ 1 ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠪᠦᠯᠬᠦᠮ ᠬᠥᠭᠵᠢᠭᠦᠯᠬᠦ ᠪᠠᠷ ᠨᠢᠭᠡᠨᠲᠡ ᠲᠣᠭᠲᠠᠭᠠᠭᠰᠠᠨ ᠪᠥᠭᠡᠳ 5 ᠬᠥᠮᠦᠨ ᠡᠯᠧᠺᠲᠷᠣᠨ ᠬᠤᠳᠠᠯᠳᠤᠭᠠᠨ ᠤ ᠭᠤᠤᠯ ᠨᠡᠪᠲᠡᠷᠡᠭᠦᠯᠦᠭᠴᠢ ᠶᠢ ᠬᠥᠮᠦᠵᠢᠭᠦᠯᠵᠦ᠂ ᠡᠯ᠎ᠡ  ᠵᠦᠢᠯ ᠤᠨ ᠵᠢᠵᠢᠭ ᠠᠵᠤ  ᠦᠢᠯᠡᠰ ᠴᠥᠮ ᠱᠠᠲᠤ ᠦᠶ᠎ᠡ ᠶᠢᠨ ᠴᠢᠨᠠᠷᠲᠠᠶ ᠬᠥᠭᠵᠢᠯᠲᠡ ᠶᠢᠨ ᠦᠷ᠎ᠡ ᠪᠦᠲᠦᠮᠵᠢ ᠤᠯᠪᠠ᠃    ᠳᠠᠷᠠᠭᠠᠴᠢ ᠶᠢᠨ ᠠᠯᠬᠤᠮ ᠳᠤ᠂ ᠤᠷᠤᠢ ᠶᠢᠨ ᠰᠦᠮ᠎ᠡ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠷᠭᠦᠯᠵᠢᠯᠡᠨ ᠬᠦᠴᠦᠯᠡᠵᠦ᠂ ᠰᠤᠮᠤ ᠭᠠᠴᠠᠭ᠎ᠠ ᠬᠤᠶᠠᠷ ᠱᠠᠲᠤᠨ ᠤ ᠺᠠᠳ᠋ᠷᠴᠤᠳ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠡᠯ᠎ᠡ ︽ᠵᠢᠵᠢᠭ ᠠᠵᠤ ᠦᠢᠯᠡᠰ︾ ᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ︽ᠵᠢᠵᠢᠭ ᠠᠵᠤ ᠦᠢᠯᠡᠰ︾ ᠢᠶᠠᠷ ᠠᠷᠠᠳ ᠤᠯᠠᠨ ᠢ ᠪᠠᠶᠠᠵᠢᠭᠤᠯᠬᠤ ︽ ᠶᠡᠭᠡ ᠬᠠᠭᠠᠯᠭ᠎ᠠ︾ ᠶᠢ ᠨᠡᠭᠡᠭᠡᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠰᠤᠮᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号