ᠠᠣᠬᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ  ᠠᠵᠢᠯ ᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2023/4/12
   ᠨᠢᠭᠡ ᠳᠤ᠂ ᠬᠤᠲᠠ ᠲᠣᠭᠤᠷᠢᠭ ᠤᠨ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ  ᠤᠨ ᠡᠷᠴᠢᠮ ᠢᠶᠠᠨ ᠦᠷᠭᠡᠳᠭᠡᠨ᠎ᠡ᠃ ᠠᠵᠢᠯᠲᠡᠳ ᠢ ᠵᠣᠬᠢᠶᠠᠨ ᠪᠠᠶᠢᠭᠤᠯᠤᠨ ᠬᠤᠲᠠ ᠲᠣᠭᠤᠷᠢᠭ ᠤᠨ ᠢᠯᠴᠢ ᠬᠠᠩᠭᠠᠬᠤ᠂ ᠤᠰᠤ ᠬᠠᠩᠭᠠᠬᠤ᠂ ᠷᠠᠳᠢᠣ᠋ ᠲᠧᠯᠸᠢᠰ᠂ ᠤᠰᠤ ᠵᠠᠯᠠᠬᠤ ᠵᠡᠷᠭᠡ ᠡᠯ᠎ᠡ ᠵᠦᠢᠯ ᠤᠨ ᠭᠠᠵᠠᠷ ᠳᠣᠤᠷᠠᠬᠢ ᠬᠤᠭᠤᠯᠠᠶ ᠱᠤᠭᠤᠮ ᠢ ᠳᠠᠬᠢᠨ ᠰᠢᠨ᠎ᠡ ᠪᠠᠷ ᠬᠡᠮᠵᠢᠨ ᠪᠦᠷᠢᠳᠬᠡᠵᠦ᠂ ᠰᠢᠨ ᠾᠦᠢ ᠬᠤᠲᠠ ᠲᠣᠭᠤᠷᠢᠭ ᠤᠨ ᠬᠤᠭᠤᠯᠠᠶ ᠱᠤᠭᠤᠮ ᠤᠨ ᠲᠠᠷᠬᠠᠯᠲᠠ ᠶᠢᠨ ᠵᠢᠷᠤᠭ ᠢ ᠵᠢᠷᠤᠨ᠎ᠠ᠃ ᠬᠤᠲᠠ  ᠲᠣᠭᠤᠷᠢᠭ ᠤᠨ ᠳᠣᠲᠣᠷᠠᠬᠢ ᠵᠠᠮ᠂ ᠵᠠᠮ ᠤᠨ ᠵᠠᠬ᠎ᠠ ᠶᠢᠨ ᠴᠢᠯᠠᠭᠤ ᠶᠢ ᠰᠡᠯᠪᠢᠨ ᠵᠠᠰᠠᠬᠤ ᠠᠵᠢᠯ ᠢ ᠵᠣᠬᠢᠶᠠᠨ ᠪᠠᠶᠢᠭᠤᠯᠵᠤ᠂ ᠪᠣᠷᠣᠭᠠᠨ ᠤ ᠪᠣᠬᠢᠷᠲᠤᠯ ᠤᠨ ᠬᠤᠭᠤᠯᠠᠶ ᠲᠣᠤᠷ᠂ ᠦᠶᠡᠷ ᠢ ᠰᠡᠷᠭᠡᠶᠢᠯᠡᠬᠦ ᠰᠤᠪᠠᠭ ᠢ ᠪᠥᠬᠦ ᠲᠠᠯ᠎ᠠ ᠪᠠᠷ ᠴᠡᠪᠡᠷᠯᠡᠨ ᠮᠠᠯᠲᠠᠵᠤ᠂ ᠬᠡᠪ ᠤᠨ ᠶᠣᠰᠣᠭᠠᠷ ᠬᠡᠷᠡᠭᠯᠡᠬᠦ ᠪᠠ ᠦᠶᠡᠷ ᠤᠨ ᠬᠤᠭᠤᠴᠠᠭᠠᠨ ᠤ ᠤᠰᠤ ᠲᠠᠲᠠᠷᠠᠭᠤᠯᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃    ᠬᠤᠶᠠᠷ ᠲᠤ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠶ ᠦᠷᠨᠢᠭᠦᠯᠦᠨ᠎ᠡ᠃ ᠪᠥᠬᠦ ᠬᠤᠰᠢᠭᠤᠨ ᠤ 39 ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠲᠥᠷᠥᠯ  ᠵᠦᠢᠯ ᠳᠤ ᠮᠥᠷᠳᠡᠨ ᠴᠡᠭᠴᠡᠯᠡᠨ ᠵᠠᠰᠠᠯᠲᠠ ᠬᠢᠪᠠ᠃ ᠲᠤᠰᠬᠠᠶ ᠪᠠᠶᠢᠴᠠᠭᠠᠯᠲᠠ ᠵᠢᠴᠢ  ᠡᠷᠭᠢᠨ ᠬᠠᠷᠠᠬᠤ ᠠᠵᠢᠯ ᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠵᠦ᠂ 16 ᠵᠦᠢᠯ ᠤᠨ ᠠᠮᠤᠷ ᠲᠦᠪᠰᠢᠨ ᠤ ᠳᠠᠯᠳᠠ ᠬᠡᠮ ᠰᠣᠭᠤᠭ ᠢ ᠢᠯᠡᠷᠡᠭᠦᠯᠵᠦ᠂ ᠴᠥᠮ ᠴᠡᠭᠴᠡᠯᠡᠨ ᠵᠠᠰᠠᠵᠤ ᠳᠠᠭᠤᠰᠬᠠᠪᠠ᠃ ᠲᠥᠷᠥᠯ ᠵᠦᠢᠯ ᠤᠨ ᠭᠤᠤᠯ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠡᠯᠡᠳᠬᠡᠯ ᠬᠤᠷᠠᠯ ᠢ ᠬᠤᠷᠠᠯᠳᠤᠭᠤᠯᠵᠤ᠂ ᠠᠵᠢᠯ ᠢᠶᠠᠨ ᠡᠬᠢᠯᠡᠭᠦᠯᠬᠦ ᠪᠠ ᠰᠡᠷᠭᠦᠭᠡᠬᠦ ᠲᠠᠰ ᠳᠠᠷᠠᠭᠠᠯᠠᠯ ᠢ ᠰᠢᠯᠢᠳᠡᠭᠵᠢᠭᠦᠯᠦᠨ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠶ ᠪᠠᠶᠢᠷᠢᠯᠠᠭᠤᠯᠬᠤ ᠪᠠ ᠪᠦᠬᠦᠨ ᠢ ᠲᠤᠰᠢᠶᠠᠵᠤ᠂ ᠠᠵᠤ ᠠᠬᠤᠶᠢᠯᠠᠯ ᠤᠨ ᠠᠵᠢᠯ ᠢᠶᠠᠨ ᠤᠷᠤᠭᠰᠢᠲᠠᠶ ᠡᠬᠢᠯᠡᠭᠦᠯᠦᠨ ᠰᠡᠷᠭᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃    ᠭᠤᠷᠪᠠ ᠳᠤ᠂ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠰᠢᠲᠠᠮᠠᠬᠠᠢ ᠬᠡᠶ ᠶᠢᠨ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠶᠢᠲᠡ 7141 ᠲᠦᠮᠡᠨ ᠲᠥᠭᠦᠷᠢᠭ ᠤᠨ ᠪᠠᠯᠠ ᠣᠷᠣᠭᠤᠯᠵᠤ᠂ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠷᠣᠭᠤᠯᠤᠭᠠᠳ᠂ ᠣᠲᠣ ᠶᠠᠭ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ ᠪᠠᠶᠢᠨ᠎ᠠ᠃ 2022 ᠣᠨ ᠤ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢᠨ ︽ᠡᠷᠬᠢᠨ ᠬᠠᠷᠠᠬᠤ︾ ᠪᠠ 2023 ᠣᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 3 ᠳ᠋ᠤᠭᠠᠷ ᠰᠠᠷ᠎ᠠ ᠶᠢᠨ 10 ᠤ ᠡᠳᠦᠷ ᠠᠴᠠ ᠡᠬᠢᠯᠡᠨ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ︽ᠠᠵᠤ ᠠᠬᠤᠶᠢᠯᠠᠯ ᠥᠪᠡᠷ ᠢᠶᠠᠨ ᠪᠠᠶᠢᠴᠠᠭᠠᠬᠤ᠂ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠳᠠᠬᠢᠨ ᠪᠠᠶᠢᠴᠠᠭᠠᠬᠤ᠂ ᠬᠤᠰᠢᠭᠤᠨ ᠱᠠᠲᠤᠨ ᠤ ᠰᠢᠮᠳᠠᠭᠤᠯᠤᠨ ᠪᠠᠶᠢᠴᠠᠭᠠᠬᠤ︾ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠣᠲᠣ ᠶᠠᠭ ᠨᠢᠭᠡᠳᠦᠭᠡᠷ ᠱᠠᠲᠤᠨ ᠤ ᠥᠪᠡᠷ ᠢᠶᠠᠨ ᠪᠠᠶᠢᠴᠠᠭᠠᠬᠤ ᠠᠵᠢᠯ ᠢ ᠬᠢᠵᠦ ᠪᠠᠶᠢᠨ᠎ᠠ᠃    ᠳᠥᠷᠪᠡ ᠳᠤ᠂ ᠠᠤᠬᠠᠨ ᠬᠤᠰᠢᠭᠤᠨ ᠤ ᠥᠪᠡᠰᠦᠪᠡᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ ᠠᠬᠢᠭᠤᠯᠤᠨ᠎ᠠ᠃ ᠰᠢᠨ᠎ᠡ ᠪᠠᠷ ᠵᠢᠭᠰᠠᠭᠠᠨ ᠪᠠᠶᠢᠴᠠᠭᠠᠭᠰᠠᠨ ᠬᠡᠷ ᠪᠠᠶᠢᠰᠢᠩ ᠤᠨ ᠵᠢᠷᠤᠭ ᠤᠨ ᠲᠣᠯᠪᠤ 2310 ᠪᠠᠶᠢᠵᠤ᠂ ᠡᠭᠦᠨ ᠳᠤ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠪᠠᠷᠢᠭᠰᠠᠨ ᠬᠡᠷ 3᠂ ᠪᠤᠰᠤᠳ ᠥᠪᠡᠰᠦᠪᠡᠨ ᠪᠠᠷᠢᠭᠰᠠᠨ ᠬᠡᠷ 634 ᠪᠠᠶᠢᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ᠂ ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ ᠵᠠᠰᠠᠬᠤ ᠶᠢ ᠪᠡᠶᠡᠯᠡᠭᠦᠯᠬᠦ ᠬᠡᠷᠡᠭᠲᠡᠢ  ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号