ᠠᠤᠬᠠᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠤᠨ ᠭᠤᠤᠯ ᠳᠤᠭᠤᠶᠢᠯᠠᠩ ᠤᠨ ︵ᠦᠷᠭᠡᠳᠭᠡᠭᠰᠡᠨ ︶ ᠰᠤᠷᠤᠯᠴᠠᠯᠭ᠎ᠠ ᠶᠢᠨ ᠬᠤᠷᠠᠯ ᠵᠢᠴᠢ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ  ᠪᠣᠯᠪᠠᠰᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/12
   
   4 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠤᠨ ᠭᠤᠤᠯ ᠳᠤᠭᠤᠶᠢᠯᠠᠩ ᠤᠨ ︵ᠦᠷᠭᠡᠳᠭᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ  ᠪᠣᠯᠪᠠᠰᠤᠷᠠᠯ ᠤᠨ ᠬᠤᠷᠠᠯ ᠬᠤᠰᠢᠭᠤᠨ ᠤ ᠬᠤᠷᠠᠯ ᠤᠨ ᠲᠥᠪ ᠲᠤ ᠬᠤᠷᠠᠯᠳᠤᠵᠤ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦᠶ ᠱᠢ ᠵᠥᠩ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠵᠢᠯᠣᠭᠤᠳᠬᠤ ᠳᠤᠭᠤᠶᠢᠯᠠᠩ ᠤᠨ ᠭᠡᠰᠢᠭᠦᠨ᠂ ᠬᠡᠷ ᠲᠡᠭᠡᠨ ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠵᠠᠩ ᠱᠧᠩ ᠾᠧ ᠬᠤᠷᠠᠯ ᠢ ᠡᠷᠭᠢᠯᠡᠪᠡ᠃    ᠬᠤᠷᠠᠯ ᠳᠡᠭᠡᠷ᠎ᠡ᠂ ᠯᠢᠦᠶ ᠱᠢ ᠵᠥᠩ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃ ᠯᠢᠦᠶ ᠱᠢ ᠵᠥᠩ ᠤᠨ ᠬᠢᠴᠢᠶᠡᠯ ᠨᠢ ᠠᠤᠬᠠᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠵᠣᠭᠰᠣᠴᠠ ᠥᠨᠳᠥᠷ᠂ ᠮᠡᠳᠡᠭᠡ ᠵᠠᠩᠭᠢ ᠶᠢᠨ ᠬᠡᠮᠵᠢᠶ᠎ᠡ ᠶᠡᠭᠡ᠂ ᠲᠠᠶᠢᠯᠤᠮᠵᠢ ᠨᠡᠪᠲᠡᠷᠬᠡᠶ ᠪᠠᠶᠢᠵᠤ᠂ ᠮᠠᠨ ᠤ ᠬᠤᠰᠢᠭᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠠᠩ ᠰᠠᠶᠢᠨ ᠥᠷᠨᠢᠭᠦᠯᠬᠦ ᠳᠤ ᠠᠰᠢᠭᠲᠠᠶ ᠯᠠᠪᠯᠠᠯᠲᠠ ᠪᠠ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃    ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠤᠳᠠᠭᠠᠨ ᠤ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠵᠢᠯᠣᠭᠤᠳᠬᠤ ᠳᠤᠭᠤᠶᠢᠯᠠᠩ ᠤᠨ ᠮᠠᠨ ᠤ ᠬᠤᠰᠢᠭᠤᠨ ᠤ ᠬᠡᠰᠡᠭ ᠰᠢᠶᠠᠩ ᠪᠠᠯᠭᠠᠰᠤᠨ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠣᠳᠤᠯᠵᠤ ᠵᠢᠭᠠᠨ  ᠵᠢᠯᠤᠭᠤᠳᠤᠭᠰᠠᠨ  ᠣᠯᠳᠠᠬᠤᠶ᠎ᠠ ᠪᠡᠷᠬᠡ ᠲᠣᠬᠢᠶᠠᠯ ᠢ ᠴᠢᠩᠭ᠎ᠠ ᠠᠳᠬᠤᠨ᠂ ᠵᠢᠭᠠᠨ ᠵᠢᠯᠣᠭᠤᠳᠬᠤ ᠳᠤᠭᠤᠶᠢᠯᠠᠩ ᠤᠨ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠶᠢᠨ ᠵᠢᠯᠣᠭᠤᠳᠣᠯᠭ᠎ᠠ ᠪᠠᠷ ᠠᠵᠠ ᠲᠣᠬᠢᠶᠠᠯ ᠪᠣᠯᠭᠠᠵᠤ᠂ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠦᠷ᠎ᠡ ᠪᠦᠲᠦᠭᠡᠯ ᠢᠶᠠᠷ ᠲᠣᠯᠢ ᠪᠣᠯᠭᠠᠵᠤ᠂ ᠢᠳᠡᠪᠬᠢᠲᠡᠶ ᠪᠠᠷ ᠦᠵᠡᠯᠲᠡ ᠪᠠᠨ ᠬᠤᠪᠢᠷᠠᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠠᠯ᠎ᠠ ᠪᠠᠷ᠂ ᠢᠮᠠᠭᠲᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠲᠠᠢ ᠠᠳᠠᠯᠢ ᠴᠢᠭᠯᠡᠯ ᠢᠶᠠᠷ ᠬᠦᠴᠦᠯᠡᠵᠦ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ ᠪᠠᠷ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠮᠠᠨ ᠤ ᠬᠤᠰᠢᠭᠤᠨ ᠳᠤ ᠪᠥᠬᠦ ᠲᠠᠯ᠎ᠠ ᠪᠠᠷ ᠥᠷᠨᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠤᠬᠠᠨ ᠤ ᠣᠨᠴᠠᠯᠢᠭ ᠲᠠᠢ  ᠦᠢᠯᠡᠳᠦᠯᠭᠡ ᠶᠢᠨ ᠦᠷ᠎ᠡ ᠪᠦᠲᠦᠭᠡᠯ ᠢ  ᠡᠭᠦᠳᠬᠦ ᠬᠡᠷᠡᠭᠲᠡᠢ︕    ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠷᠪᠠ ᠶᠢ ᠨᠢᠭᠡ ᠴᠤᠭᠴᠠᠵᠢᠭᠤᠯᠤᠭᠰᠠᠨ ᠠᠵᠢᠯ ᠤᠨ ᠠᠭᠤᠯᠭ᠎ᠠ ᠪᠠ ᠪᠠᠷᠢᠮᠵᠢᠶ᠎ᠠ ᠶᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠣᠶᠢᠯᠠᠭᠠᠵᠤ᠂ ᠭᠤᠷᠪᠠ ᠶᠢ ᠨᠢᠭᠡ ᠴᠤᠭᠴᠠᠵᠢᠭᠤᠯᠤᠭᠰᠠᠨ ᠠᠵᠢᠯ ᠤᠨ ᠵᠠᠩᠭᠢᠯᠠᠭ᠎ᠠ ᠶᠢᠨ ᠭᠤᠭᠴᠤᠭ᠎ᠠ ᠶᠢ ᠣᠨᠣᠪᠴᠢᠲᠠᠶ ᠡᠵᠡᠮᠳᠡᠵᠦ᠂ ᠪᠥᠬᠦ ᠬᠤᠰᠢᠭᠤᠨ ᠳᠤ ᠭᠤᠷᠪᠠᠨ ᠲᠠᠯ᠎ᠠ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠭᠰᠡᠨ᠂ ᠬᠠᠮᠵᠢᠯᠴᠠᠭᠰᠠᠨ ᠥᠨᠳᠥᠷ ᠪᠦᠲᠦᠮᠵᠢᠲᠡᠶ᠂ ᠠᠶᠤᠯ ᠲᠦᠭᠰᠢᠭᠦᠷᠢ ᠶᠢ ᠡᠵᠡᠮᠳᠡᠵᠦ ᠪᠣᠯᠬᠤ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠲᠠᠷᠢᠶᠠᠯᠠᠩ ᠳᠤ  ᠦᠢᠯᠡᠴᠢᠯᠡᠬᠦ ᠰᠢᠰᠲ᠋ᠧᠮ ᠢ ᠪᠠᠶᠢᠭᠤᠯᠬᠤ ᠬᠡᠷᠡᠭᠲᠡᠶ᠃    ᠬᠤᠰᠢᠭᠤᠨ ᠤ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ  ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠪᠠ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠪᠥᠬᠦ ᠬᠤᠰᠢᠭᠤᠨ ᠤ ᠡᠯ᠎ᠡ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠠᠷᠠᠳ ᠲᠤ  ᠦᠢᠯᠡᠴᠢᠯᠡᠬᠦ ᠺᠣᠮᠫᠠᠨᠢ ᠶᠢᠨ ᠬᠠᠤᠯᠢ ᠶᠢᠨ ᠡᠷᠬᠡᠲᠡᠨ ᠵᠢᠴᠢ ᠨᠢᠭᠲᠠᠯᠠᠨ ᠪᠤᠳᠤᠭᠴᠢ ᠬᠤᠷᠠᠯ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号