ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/12
   4 ᠰᠠᠷ᠎ᠠ ᠶᠢᠨ 11 ᠤ ᠡᠳᠦᠷ᠂ ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠤᠷᠠᠯ ᠬᠤᠰᠢᠭᠤᠨ ᠤ ᠬᠤᠷᠠᠯ ᠤᠨ ᠲᠥᠪ ᠲᠤ ᠬᠤᠷᠠᠯᠳᠤᠪᠠ᠃ ᠬᠤᠷᠠᠯ ᠤᠨ ᠭᠤᠣᠯ ᠡᠭᠦᠷᠭᠡ ᠪᠣᠯ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ︽ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠬᠥᠭᠵᠢᠭᠦᠯᠵᠦ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ︾ ᠬᠤᠯᠪᠣᠭᠳᠠᠯ ᠪᠦᠬᠦᠢ ᠱᠠᠭᠠᠷᠳᠠᠯᠭ᠎ᠠ ᠪᠣᠯᠤᠨ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ  ᠳᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠵᠠᠩ ᠱᠧᠩ ᠾᠧ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠴᠢ ᠬᠠᠩ ᠬᠤᠷᠠᠯ ᠳᠤ ᠣᠷᠣᠯᠴᠠᠵᠠᠶ᠃ ᠵᠠᠩ ᠱᠧᠩ ᠾᠧ ᠬᠤᠷᠠᠯ ᠢ ᠡᠷᠬᠢᠯᠡᠪᠡ᠃    ᠬᠤᠷᠠᠯ ᠳᠡᠭᠡᠷ᠎ᠡ᠂ ᠵᠠᠩ ᠴᠢ ᠬᠠᠩ ︽ᠠᠤᠬᠠᠨ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠪᠠ᠃    ᠮᠠ ᠯᠢ ᠬᠤᠸᠠ ᠪᠦᠭᠦ ᠬᠤᠰᠢᠭᠤᠨ ᠤ ᠰᠤᠷᠭᠠᠨ  ᠬᠥᠮᠦᠵᠢᠯ ᠤᠨ ᠠᠵᠢᠯ ᠢ ᠰᠠᠶᠢᠲᠤᠷ ᠬᠢᠬᠦ ᠲᠣᠬᠠᠢ ᠭᠤᠷᠪᠠᠨ ᠲᠠᠯ᠎ᠠ ᠶᠢᠨ ᠰᠠᠨᠠᠯ ᠢ ᠴᠢᠬᠤᠯᠠᠴᠢᠯᠠᠭᠰᠠᠨ ᠪᠠᠶᠢᠨ᠎ᠠ᠃ ᠨᠢᠭᠡ ᠳᠤ᠂ ᠪᠠᠶᠢᠳᠠᠯ ᠢ ᠲᠣᠳᠣᠷᠬᠠᠶ ᠲᠠᠨᠢᠵᠤ᠂ ᠵᠥᠷᠢᠶ᠎ᠡ ᠪᠠᠨ ᠣᠨᠣᠪᠴᠢᠲᠠᠶ ᠡᠷᠢᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠪᠠ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠢ ᠪᠠᠷᠢᠮᠵᠢᠶᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠰᠤᠷᠭᠠᠨ ᠬᠥᠮᠦᠵᠢᠯ ᠤᠨ ᠡᠯ᠎ᠡ ᠲᠠᠯ᠎ᠠ ᠶᠢᠨ ᠠᠵᠢᠯ ᠢ ᠰᠠᠶᠢᠲᠤᠷ ᠬᠢᠵᠦ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠦᠨᠡᠨᠬᠦ ᠰᠠᠶᠢᠲᠤᠷ ᠡᠷᠭᠢᠯᠡᠬᠦ ᠬᠡᠷᠡᠭᠲᠡᠶ᠃ ᠬᠤᠶᠠᠷ ᠲᠤ᠂ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠬᠦᠴᠦᠯᠡᠵᠦ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠴᠢᠨᠠᠭᠰᠢᠳᠠ ᠠᠬᠢᠭᠤᠯᠬᠤ ᠬᠡᠷᠡᠭᠲᠡᠢ᠃ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ  ᠠᠳᠬᠤᠬᠤ ᠬᠡᠷᠡᠭᠲᠡᠢ᠃ ᠭᠤᠷᠪᠠ ᠳᠤ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠪᠠᠲᠤᠯᠠᠭ᠎ᠠ ᠶᠢ ᠤᠯᠠᠮ ᠨᠢᠭᠡ ᠠᠯᠬᠤᠮ  ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠭᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠲᠥᠰᠦᠯ ᠤᠨ ᠱᠠᠭᠠᠷᠳᠠᠯᠭ᠎ᠠ ᠶᠣᠰᠣᠭᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠢᠳᠡᠪᠬᠢᠲᠡᠶ ᠪᠠᠷ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠪᠦᠭᠦ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃    ᠵᠠᠩ ᠱᠧᠩ ᠾᠧ ᠳ᠋ᠦᠩᠨᠡᠯᠲᠡ ᠶᠢᠨ ᠶᠠᠷᠢᠶᠠᠨ ᠳᠠᠭᠠᠨ᠂ ᠡᠯ᠎ᠡ  ᠨᠢᠭᠡᠴᠢ ᠶᠢᠨ ᠬᠢᠨ ᠦᠳᠲᠡᠷ ᠲᠦᠷᠭᠡᠨ ᠬᠥᠳᠡᠯᠦᠯᠴᠡᠵᠦ᠂ ᠬᠤᠷᠠᠯ ᠤᠨ ᠵᠣᠷᠢᠭ ᠰᠠᠨᠠᠭ᠎ᠠ ᠶᠢ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠃ ᠨᠢᠭᠲᠠ ᠬᠠᠮᠵᠢᠯᠴᠠᠵᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠵᠣ᠂ ᠨᠠᠶᠢᠳᠠᠪᠤᠷᠢᠵᠢᠭᠤᠯᠬᠤ ᠲᠠᠯ᠎ᠠ ᠪᠠᠷ ᠨᠡᠶᠢᠯᠡᠮᠡᠯ ᠬᠦᠴᠦᠨ ᠢ ᠪᠣᠶ ᠪᠣᠯᠭᠠᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠪᠥᠬᠦ ᠲᠠᠯ᠎ᠠ ᠪᠠᠷ ᠬᠦᠴᠦᠯᠡᠬᠦ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠰᠤᠷᠭᠠᠨ ᠬᠥᠮᠦᠵᠢᠯ ᠤᠨ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃    ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ︔ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠭ ᠤᠨ ᠭᠡᠰᠢᠭᠦᠨ ᠵᠢᠴᠢ ᠲᠣᠪᠴᠢᠶ᠎ᠠ ᠪᠠᠶᠢᠭᠤᠯᠭ᠎ᠠ ᠲᠠᠰᠤᠭ ᠤᠨ ᠬᠠᠷᠢᠭᠤᠴᠠᠯᠭᠠᠲᠠᠨ᠂ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠪᠠᠭ ᠤᠨ ᠭᠡᠰᠢᠭᠦᠨ ᠵᠢᠴᠢ ᠵᠠᠩᠭᠢᠯᠠᠭ᠎ᠠ ᠶᠢᠨ ᠺᠠᠳ᠋ᠷ᠂ ᠡᠯ᠎ᠡ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠱᠦᠵᠢ᠂ ᠰᠤᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠳᠠᠷᠤᠭ᠎ᠠ ᠬᠤᠷᠠᠯ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号