ᠠᠤᠬᠠᠨ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠠᠵᠢᠯ ᠢ ᠰᠠᠶᠢᠰᠢᠶᠠᠨ ᠬᠥᠬᠢᠭᠦᠯᠵᠦ ᠠᠬᠢᠭᠤᠯᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2023/4/12
   4 ᠰᠠᠷ᠎ᠠ ᠶᠢᠨ 11 ᠤ ᠡᠳᠦᠷ᠂ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠠᠵᠢᠯ ᠢ ᠰᠠᠶᠢᠰᠢᠶᠠᠨ ᠬᠥᠬᠢᠭᠦᠯᠵᠦ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠢᠦᠶ ᠯᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠰᠢᠨ ᠾᠦᠢ ᠪᠠᠯᠭᠠᠰᠤᠨ ᠤ ᠭᠤᠤ ᠵᠢᠶᠠ  ᠸᠧ ᠫᠦ᠋ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠵᠡᠷᠭᠡ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ  10 ᠥᠷᠲᠡᠭᠡ ᠶᠢ ᠬᠥᠬᠢᠭᠦᠯᠦᠨ ᠰᠠᠶᠢᠰᠢᠶᠠᠭᠰᠠᠨ ᠪᠥᠭᠡᠳ ︽2022 ᠣᠨ ᠤ ᠬᠤᠰᠢᠭᠤᠨ ᠲᠠᠰ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠱᠢᠶ᠎ᠡ ᠦᠵᠡᠭᠦᠯᠬᠦ ᠥᠷᠲᠡᠭᠡ︾ ᠭᠡᠵᠦ ᠨᠡᠷᠡᠶᠢᠳᠪᠡ᠃    ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠭᠦᠸᠧ ᠢᠦᠶ ᠯᠢᠩ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠂ ᠡᠯ᠎ᠡ ᠪᠣᠯᠪᠠᠰᠤᠨ ᠤ ᠦᠢᠯᠡᠳᠦᠯᠭᠡ ᠶᠢᠨ ᠥᠷᠲᠡᠭᠡ ᠨᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠦᠯᠭᠡ ᠶᠢᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ᠃ ᠭᠤᠣᠯᠳᠠᠯᠭ᠎ᠠ ᠶᠢ ᠲᠤᠪᠤᠶᠢᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠪᠣᠳᠠᠲᠠᠢ ᠡᠭᠦᠷᠭᠡ ᠶᠢ ᠪᠠᠲᠤ ᠡᠵᠡᠮᠳᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡᠨ ᠤ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠪᠠᠷᠢᠮᠵᠢᠶ᠎ᠠ ᠲᠠᠢ ᠬᠠᠷᠢᠴᠠᠭᠤᠯᠵᠤ ᠪᠠᠶᠢᠭᠠᠳ ᠰᠠᠶᠢᠲᠤᠷ ᠬᠢᠬᠦ ᠬᠡᠷᠡᠭᠲᠡᠢ᠃ ᠠᠴᠢᠶᠠᠯᠠᠪᠤᠷᠢ ᠶᠢ ᠠᠮᠢᠳᠤᠯᠢᠭ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃
   ᠲᠣᠰ ᠤᠳᠠᠭᠠᠨ ᠤ ᠬᠥᠬᠢᠭᠦᠯᠦᠨ ᠰᠠᠶᠢᠰᠢᠶᠠᠬᠤ ᠬᠤᠷᠠᠯ ᠨᠢ ᠪᠣᠯᠪᠠᠰᠤᠨ ᠠᠤᠬᠠᠨ ᠤ ᠭᠤᠶᠢᠳᠠ ᠰᠠᠶᠢᠬᠠᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ ᠪᠥᠬᠦ ᠬᠤᠰᠢᠭᠤᠨ ᠤ ᠡᠯ᠎ᠡ ᠪᠣᠯᠪᠠᠰᠤᠨ ᠤ ᠦᠢᠯᠡᠳᠦᠯᠭᠡ ᠶᠢᠨ  ᠥᠷᠲᠡᠭᠡ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠶ ᠳᠦᠷᠢ ᠪᠠᠶᠢᠳᠠᠯ ᠢᠶᠠᠷ  ᠪᠣᠯᠪᠠᠰᠤᠨ ᠤ  ᠦᠢᠯᠡᠳᠦᠯᠭᠡ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢ ᠵᠣᠷᠢᠭᠵᠢᠭᠤᠯᠵᠤ᠂ ᠪᠠᠶᠠᠨ ᠴᠢᠨᠡᠭᠡᠯᠢᠭ ᠪᠣᠯᠪᠠᠰᠤᠨ ᠦᠵᠡᠰᠬᠦᠯᠡᠩᠲᠦ ᠰᠠᠶᠢᠬᠠᠨ ᠰᠢᠨ᠎ᠡ ᠠᠤᠬᠠᠨ ᠢ ᠪᠥᠲᠥᠭᠡᠨ ᠪᠠᠶᠢᠭᠤᠯᠬᠤ ᠳᠤ ᠲᠠᠰᠤᠷᠠᠯᠲᠠ ᠥᠬᠡᠶ ᠣᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠬᠤ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号