ᠭᠤᠷᠪᠠᠨᠬᠤᠸᠠ ᠪᠠᠯᠭᠠᠰᠤ᠄ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ︽ᠬᠠᠪᠤᠷ ᠤᠨ ᠳᠠᠶᠢᠯᠠᠯᠳᠤᠭᠠᠨ︾ ᠢ ᠡᠬᠢᠯᠡᠭᠦᠯᠦᠨ᠎ᠡ
ᠨᠡᠶᠢᠲᠡᠯᠡᠭᠰᠡᠨ ᠴᠠᠭ᠄
2023/4/12
   ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠢᠶᠠᠷ ᠠᠬᠢᠭᠤᠯᠵᠤ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠢᠨ᠎ᠡ ᠥᠷᠨᠢᠯᠲᠡ ᠶᠢ ᠲᠠᠰᠤᠷᠠᠯᠲᠠ ᠦᠭᠡᠢ ᠪᠤᠢ ᠪᠣᠯᠭᠠᠵᠤ᠂ ᠣᠷᠣᠰᠢᠨ ᠰᠠᠭᠤᠬᠤ ᠳᠤ  ᠲᠠᠭᠠᠯᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠲᠤᠪᠠᠷ ᠪᠦᠳᠦᠭᠡᠨ ᠪᠠᠶᠢᠭᠤᠯᠬᠤ ᠶᠢᠨ ᠲᠥᠯᠥᠭᠡ᠂  ᠭᠤᠷᠪᠠᠨᠬᠤᠸᠠ ᠪᠠᠯᠭᠠᠰᠤ ︽ᠬᠠᠪᠤᠷ ᠤᠨ ᠤᠯᠠᠷᠢᠯ ᠤᠨ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ︾ ᠪᠠᠷ ᠭᠠᠷᠳᠠᠴᠠ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠥᠳᠡᠭᠡ ᠲᠣᠰᠬᠤᠨ ᠤ ︽ᠦᠡᠭᠭᠡ ᠵᠢᠰᠦ︾ ᠶᠢ ᠨᠡᠩ ᠥᠨᠳᠥᠷ ᠪᠣᠯᠭᠠᠵᠤ᠂ ︽ᠰᠠᠭᠤᠷᠢ ᠦᠩᠭᠡ︾ ᠶᠢ ᠨᠡᠩ ᠭᠡᠷᠡᠯᠲᠡᠢ ᠪᠣᠯᠭᠠᠬᠤ ᠶᠢ ᠬᠦᠴᠦᠯᠡᠨ ᠠᠬᠢᠭᠤᠯᠪᠠ᠃    ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠳᠤ ᠬᠤᠶᠢᠷᠭᠤᠰᠢᠬᠤ ᠦᠭᠡᠢ ᠪᠠᠶᠢᠬᠤ ᠬᠡᠷᠡᠭᠲᠡᠶ᠃ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ ᠴᠢᠬᠤᠯᠠ ᠠᠵᠢᠯ ᠪᠣᠯᠭᠠᠨ ᠴᠢᠩᠭ᠎ᠠ ᠠᠳᠬᠤᠵᠤ᠂ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠲᠤ ᠳᠠᠷᠠᠭᠠᠯᠠᠨ ᠨᠠᠶᠢᠳᠠᠪᠤᠷᠢᠵᠢᠭᠤᠯᠬᠤ ᠶᠢ ᠠᠳᠬᠤᠵᠤ᠂ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠲᠦᠷᠦᠭᠦᠯᠡᠨ ᠠᠳᠬᠤᠬᠤ᠂ ᠲᠣᠰᠬᠤᠨ ᠢ ᠳᠠᠭᠠᠭᠠᠴᠢᠯᠠᠭᠰᠠᠨ ᠬᠠᠷᠢᠭᠤᠴᠠᠯᠭᠠᠲᠠᠨ ᠪᠣᠳᠠᠲᠠᠶ ᠠᠳᠬᠤᠬᠤ᠂ ᠡᠯ᠎ᠡ ᠲᠣᠰᠬᠤᠨ ᠤ ᠭᠤᠤᠯ ᠬᠠᠷᠢᠭᠤᠴᠠᠯᠭ᠎ᠠ ᠪᠠᠨ ᠭᠦᠢᠴᠡᠳᠭᠡᠵᠦ ᠠᠳᠬᠤᠬᠤ ᠠᠵᠢᠯ ᠤᠨ ᠪᠠᠶᠢᠷᠢᠰᠢᠯ ᠢ ᠪᠣᠶ ᠪᠣᠯᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠦᠨᠡᠨᠬᠦ ︽ᠬᠠᠷᠢᠭᠤᠴᠠᠭᠰᠠᠨ ᠲᠠᠷᠢᠶ᠎ᠠ︾ ᠪᠠ ︽ᠬᠤᠪᠢᠳᠠᠭᠰᠠᠨ ᠠᠵᠢᠯ︾ ᠢᠶᠠᠨ ᠪᠣᠯᠭᠠᠵᠤ ᠨᠠᠷᠢᠯᠢᠭ ᠳᠠᠷᠢᠵᠤ ᠨᠢᠮᠪᠠᠶ  ᠠᠷᠠᠴᠢᠯᠠᠨ᠎ᠠ᠃    ᠠᠵᠢᠯ ᠤᠨ ᠪᠠᠷᠢᠮᠵᠢᠶ᠎ᠠ ᠲᠠᠢ ᠨᠢᠭᠲᠠ ᠤᠶᠠᠯᠳᠤᠭᠤᠯᠤᠨ ᠨᠢᠭᠡᠳᠦᠯᠲᠡᠶ ᠲᠥᠯᠥᠪᠯᠡᠬᠦ ᠶᠢ  ᠴᠢᠩᠭᠠᠳᠬᠠᠬᠤ ᠬᠡᠷᠡᠭᠲᠡᠢ᠃ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠠᠶᠢᠯ ᠲᠣᠰᠬᠤᠨ ᠤ ᠳᠣᠲᠣᠨ᠎ᠠ ᠭᠠᠳᠠᠨᠠᠬᠢ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠵᠦ᠂ ᠡᠯ᠎ᠡ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ᠂ ᠨᠠᠮ ᠤᠨ ᠭᠡᠰᠢᠭᠦᠨ ᠣᠯᠠᠨ ᠲᠦᠮᠡᠨ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ ᠠᠷᠢᠭᠤᠨ ᠴᠡᠪᠡᠷ ᠤᠨ ᠡᠩᠨᠡᠭᠡ ᠵᠡᠷᠭᠡ ᠶᠢ ᠢᠳᠡᠪᠬᠢᠲᠡᠶ ᠪᠠᠷ ᠳᠠᠶᠢᠴᠢᠯᠠᠵᠤ᠂ ᠭᠡᠷ ᠪᠠᠶᠢᠰᠢᠩ ᠤᠨ ᠡᠮᠦᠨ᠎ᠡ ᠬᠤᠶᠢᠨ᠎ᠠ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠶᠠᠪᠤᠳᠠᠯ ᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠵᠤ᠂ ᠠᠶᠢᠯ ᠲᠣᠰᠬᠤᠨ ᠤ ᠡᠷᠬᠢᠨ ᠲᠣᠭᠤᠷᠢᠨ᠂ ᠲᠠᠷᠢᠶᠠᠨ ᠭᠠᠵᠠᠷ ᠤᠨ ᠦᠵᠦᠭᠦᠷ ᠵᠡᠷᠭᠡ ᠣᠷᠣᠨ ᠪᠦᠰᠡ ᠶᠢ ᠲᠥᠪᠯᠡᠷᠡᠭᠦᠯᠦᠨ ᠴᠡᠪᠡᠷᠯᠡᠵᠦ᠂ ᠲᠣᠰᠬᠤᠨ ᠳᠤ ᠣᠷᠣᠬᠤ ᠵᠠᠮ᠂ ᠲᠣᠰᠬᠤᠨ ᠲᠠᠢ ᠬᠤᠯᠪᠣᠭᠰᠠᠨ ᠵᠠᠮ ᠵᠢᠴᠢ ᠲᠣᠰᠬᠤᠨ ᠤ ᠳᠣᠲᠣᠷᠠᠬᠢ ᠵᠠᠮ ᠤᠨ ᠬᠤᠶᠠᠷ ᠬᠠᠵᠠᠭᠤ ᠶᠢᠨ ᠡᠯᠳᠡᠪ ᠶᠠᠭᠤᠮ᠎ᠠ᠂ ᠬᠤᠭ ᠨᠣᠪᠰᠢ ᠶᠢ ᠪᠦᠬᠦ ᠲᠠᠯ᠎ᠠ ᠪᠠᠷ ᠴᠡᠪᠡᠷᠯᠡᠵᠦ᠂ ᠠᠶᠢᠯ ᠲᠣᠰᠬᠤᠨ ᠤ ᠳᠣᠲᠣᠨ᠎ᠠ ᠭᠠᠳᠠᠨᠠᠬᠢ ᠣᠷᠴᠢᠨ ᠠᠬᠤᠶ ᠶᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃    ᠪᠦᠬᠦ ᠬᠥᠮᠦᠰ ᠤᠨ ᠳᠠᠶᠢᠴᠢᠯᠠᠯᠳᠠ ᠶᠢ ᠰᠠᠶᠢᠲᠤᠷ  ᠠᠳᠬᠤᠬᠤ ᠬᠡᠷᠡᠭᠲᠡᠢ᠃ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠳᠤ ᠠᠯᠬᠤᠮ ᠳᠠᠷᠠᠭ᠎ᠠ ᠲᠠᠢ ᠪᠠᠷ ᠤᠷᠤᠭᠰᠢᠯᠠᠵᠤ᠂ ᠤᠳᠠᠭᠠᠨ ᠡᠳᠦᠷ ᠵᠤᠵᠠᠭᠠᠨ ᠬᠤᠨᠤᠭ ᠢ ᠥᠩᠭᠡᠷᠡᠭᠡᠵᠦ᠂ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠬᠦ ᠬᠡᠷᠡᠭᠲᠡᠢ᠃  ᠭᠤᠷᠪᠠᠨᠬᠤᠸᠠ ᠪᠠᠯᠭᠠᠰᠤ ︽ᠬᠤᠶᠠᠷ ᠳᠠᠪᠬᠤᠷᠭ᠎ᠠ︾ ᠠᠴᠠ ᠡᠬᠢᠯᠡᠨ ᠠᠳᠬᠤᠵᠤ᠂ ᠪᠦᠬᠦ ᠲᠠᠯ᠎ᠠ ᠪᠠᠷ᠂ ᠪᠦᠬᠦᠨ ᠢ ᠪᠦᠷᠬᠦᠬᠦᠯᠬᠦ ᠤᠬᠠᠭᠤᠯᠭ᠎ᠠ ᠶᠢ ᠪᠡᠶᠡᠯᠡᠭᠦᠯᠵᠦ᠂ ᠺᠠᠳ᠋ᠷ ᠤᠯᠠᠨ ᠲᠦᠮᠡᠨ ᠤ ᠬᠠᠮᠲᠤᠷᠠᠯ ᠤᠨ ᠬᠦᠴᠦᠨ ᠢ ᠨᠢᠭᠲᠠᠷᠠᠭᠤᠯᠤᠨ᠎ᠠ᠃ ︽ᠳᠠᠪᠬᠤᠷᠭ᠎ᠠ︾ ᠶᠢ ᠰᠠᠶᠢᠲᠤᠷ ᠠᠳᠬᠤᠵᠤ᠂ ᠬᠤᠷᠠᠯ ᠲᠣᠬᠢᠶᠠᠯᠳᠤᠪᠠᠯ ᠵᠠᠪᠠᠯ ᠶᠠᠷᠢᠬᠤ᠂ ᠤᠴᠢᠷ ᠶᠠᠪᠤᠳᠠᠯ ᠲᠣᠬᠢᠶᠠᠯᠳᠤᠪᠠᠯ ᠵᠠᠪᠠᠯ ᠶᠠᠷᠢᠯᠴᠠᠬᠤ᠂ ᠪᠠᠶᠠᠷ ᠳᠤᠷᠠᠰᠬᠠᠯ ᠤᠨ ᠡᠳᠦᠷ ᠲᠣᠬᠢᠶᠠᠯᠳᠤᠪᠠᠯ ᠵᠠᠪᠠᠯ ᠳᠤᠷᠠᠳᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠠᠷᠢᠮᠲᠠᠯᠠᠵᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠵᠡᠯ ᠰᠠᠨᠠᠭᠠᠨ ᠤ ᠲᠠᠯ᠎ᠠ ᠪᠠᠷ ᠬᠦᠯᠢᠶᠡᠨ ᠠᠪᠬᠤ᠂ ᠳᠠᠳᠬᠠᠯ ᠤᠨ ᠲᠠᠯ᠎ᠠ ᠪᠠᠷ ᠬᠥᠮᠦᠵᠢᠭᠦᠯᠬᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠴᠤᠤᠷᠢᠶᠠᠲᠤᠭᠤᠯᠬᠤ︔ ︽ᠣᠯᠠᠨ ᠲᠦᠮᠡᠨ ᠤ ᠰᠠᠭᠤᠷᠢ︾ ᠶᠢ ᠪᠠᠬᠢᠵᠢᠭᠦᠯᠵᠦ᠂ ︽ᠬᠥᠮᠦᠨ ᠪᠦᠬᠦᠨ ᠣᠷᠣᠯᠴᠠᠬᠤ︾ ᠠᠭᠤᠷ ᠠᠮᠢᠰᠬᠤᠯ ᠢ ᠪᠣᠶ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠶᠢᠨ ᠯᠠᠪᠳᠠᠭᠤᠨ ᠢᠶᠠᠷ ᠠᠯᠤᠰ ᠢ ᠵᠣᠷᠢᠨ᠂ ︽ᠭᠤᠶᠣ︾ ᠵᠦᠭ ᠤᠷᠤᠭᠰᠢᠯᠠᠬᠤ ᠶᠢ ᠦᠨᠡᠨᠬᠦ  ᠪᠠᠲᠤᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号