ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 14 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 14 ᠤ ᠡᠳᠦᠷ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ | ᠱᠦᠵᠢ ᠰᠢ ᠶᠢᠨ ᠫᠢᠩ ᠤᠨ ᠣᠶᠢᠷ᠎ᠠ ᠳᠤ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠷᠠᠯᠲᠠ ᠶᠢ ᠲᠣᠭᠲᠠᠭᠠᠵᠤ᠂ ᠴᠢᠨᠠᠷ ᠰᠠᠶᠢᠲᠠᠢ | ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠬᠤ | ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠲᠣᠭᠤᠷᠢᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ | ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠬᠤ ᠵᠡᠷᠭᠡ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠰᠢᠪᠲᠤᠯᠤᠯᠲᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠯᠠᠪᠳᠠᠭᠤᠨ ᠢᠶᠠᠷ ᠠᠬᠢᠭᠤᠯᠵᠤ᠂ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠨᠡᠩ ᠤᠯᠠᠨ ᠨᠡᠩ ᠡᠷᠬᠡ ᠲᠡᠭᠰᠢ ᠪᠠᠷ ᠪᠦᠬᠦ ᠠᠷᠠᠳ ᠲᠦᠮᠡᠨ ᠳᠤ ᠡᠳ᠋ᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠣᠳᠣᠬᠠᠨ ᠤ ᠠᠵᠢᠯ ᠣᠯᠭᠤᠯᠲᠠ ᠶᠢᠨ ᠪᠠᠶᠢᠳᠠᠯ ᠪᠣᠯᠣᠨ ᠠᠵᠢᠯ ᠣᠯᠭᠤᠯᠲᠠ ᠶᠢ ᠰᠢᠯᠢᠳᠡᠭᠵᠢᠭᠦᠯᠦᠨ | ᠲᠣᠬᠢᠷᠠᠭᠤᠯᠵᠤ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠴᠠᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ | ᠮᠥᠨ᠃ ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠶᠡᠷᠦᠩᠬᠡᠢ ᠳᠤ ᠨᠢ ᠲᠣᠭᠲᠠᠭᠤᠨ ᠪᠠᠶᠢᠯᠭᠠᠬᠤ ᠶᠢ | ᠪᠠᠲᠤᠯᠠᠬᠤ ᠶᠢᠨ ᠬᠠᠮᠲᠤ᠂ ᠱᠠᠲᠤᠴᠢ ᠴᠢᠨᠠᠷᠲᠠᠢ ᠲᠦᠷᠦ ᠶᠢᠨ ᠪᠣᠳᠣᠯᠭ᠎ᠠ ᠶᠢ ᠬᠠᠨᠳᠤᠯᠭᠠᠲᠤ ᠴᠢᠨᠠᠷᠲᠠᠢ ᠪᠠᠷ | ᠰᠢᠯᠢᠳᠡᠭᠵᠢᠭᠦᠯᠦᠨ ᠲᠣᠬᠢᠷᠠᠭᠤᠯᠵᠤ ᠪᠠᠭᠤᠷᠠᠢ ᠭᠤᠭᠴᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠠᠵᠢᠯ | ᠣᠯᠭᠤᠯᠲᠠ ᠶᠢᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠦᠯᠡᠳᠡᠭᠡᠯ ᠬᠡᠮᠵᠢᠶ᠎ᠡ ᠶᠢ | ᠲᠣᠭᠲᠠᠪᠤᠷᠢᠵᠢᠭᠤᠯᠤᠨ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ᠂ ᠭᠤᠣᠯᠳᠠᠯᠭ᠎ᠠ ᠶᠢ ᠪᠠᠲᠤᠯᠠᠬᠤ ᠶᠢ ᠲᠤᠪᠤᠶᠢᠯᠭᠠᠨ᠂ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠳᠡᠮᠵᠢᠬᠦ ᠪᠠ ᠠᠵᠢᠯ ᠤᠨ ᠪᠠᠶᠢᠷᠢ ᠨᠡᠮᠡᠭᠳᠡᠭᠦᠯᠤᠨ ᠤᠷᠮᠠᠰᠢᠭᠤᠯᠬᠤ ᠠᠷᠭ᠎ᠠ | ᠬᠡᠮᠵᠢᠶ᠎ᠡ ᠶᠢ ᠬᠦᠴᠦᠲᠡᠢ ᠪᠥᠭᠡᠳ ᠪᠦᠲᠦᠮᠵᠢᠲᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠬᠥᠮᠥᠨ ᠬᠡᠷᠡᠭᠯᠡᠬᠦ ᠢᠳᠡᠪᠬᠢᠵᠢᠯ ᠢ | ᠨᠡᠩ ᠶᠡᠭᠡ ᠬᠡᠮᠵᠢᠶ᠎ᠡ ᠪᠠᠷ ᠳᠠᠶᠢᠴᠢᠯᠠᠬᠤ ᠮᠥᠷᠲᠡᠭᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠲᠠᠷᠢᠶᠠᠴᠢᠨ | ᠬᠥᠯᠥᠰᠦᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠦᠢᠯᠡᠴᠢᠯᠡᠭᠡ ᠶᠢ ᠬᠢᠨᠠᠮᠠᠭᠠᠢ ᠰᠠᠶᠢᠲᠤᠷ | ᠬᠢᠵᠦ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠡᠪᠴᠢᠶ᠎ᠡ ᠶᠢ ᠤᠯᠠᠮ ᠨᠢᠭᠡ ᠠᠯᠬᠤᠮ | ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢᠨ ᠣᠷᠣᠨ ᠵᠠᠢ ᠶᠢ ᠤᠯᠠᠨ ᠠᠷᠭ᠎ᠠ ᠵᠠᠮ ᠢᠶᠠᠷ ᠥᠷᠭᠡᠳᠬᠡᠬᠦ ᠬᠡᠷᠡᠭᠲᠡᠢ᠃ ᠠᠵᠢᠯ | ᠠᠯᠳᠠᠭᠰᠠᠳ ᠪᠠ ᠠᠵᠢᠯ ᠣᠯᠬᠤ ᠳᠤ ᠬᠦᠴᠢᠷᠲᠡᠢ ᠪᠤᠰᠤᠳ ᠬᠥᠮᠥᠰ ᠢ ᠲᠦᠷᠦᠯ ᠬᠤᠪᠢᠶᠠᠨ ᠬᠠᠪᠰᠤᠷᠤᠨ ᠲᠡᠳᠬᠦᠬᠦ | ᠬᠡᠷᠡᠭᠲᠡᠢ᠃ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠪᠣᠳᠠᠲᠠᠢ | ᠪᠥᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠢᠯᠡᠳᠬᠦ ᠦᠢᠯᠡᠰ᠂ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠵᠡᠷᠭᠡ ᠶᠢᠨ ᠠᠵᠢᠯ ᠣᠯᠭᠤᠯᠲᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢᠨ | ᠤᠳᠤᠷᠢᠳᠤᠮᠵᠢ ᠶᠢ ᠲᠣᠪᠤᠶᠢᠯᠭᠠᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠬᠠᠨᠳᠤᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ | ᠪᠣᠯᠣᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠤᠷᠸ᠎ᠠ ᠲᠦᠷᠦ ᠶᠢᠨ | ᠪᠣᠳᠣᠯᠭ᠎ᠠ᠂ ᠠᠵᠤ ᠦᠢᠯᠡᠰ ᠤᠨ ᠲᠦᠷᠦ ᠶᠢᠨ ᠪᠣᠳᠣᠯᠭ᠎ᠠ ᠵᠡᠷᠭᠡ ᠶᠢᠨ ᠳᠡᠮᠵᠢᠯᠭᠡ ᠶᠢ ᠴᠢᠩᠭᠠᠳᠬᠠᠵᠤ᠂ ᠪᠦᠲᠦᠮᠵᠢᠲᠡᠢ | ᠬᠡᠷᠡᠭᠴᠡᠭᠡ ᠶᠢ ᠥᠷᠭᠡᠳᠬᠡᠬᠦ ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠬᠦ ᠪᠠ ᠠᠵᠤ ᠠᠬᠤᠶᠢᠯᠠᠯ ᠤᠨ ᠡᠵᠡᠩᠨᠡᠯᠲᠡ ᠶᠢ | ᠲᠣᠭᠲᠠᠪᠤᠷᠢᠵᠢᠭᠤᠯᠬᠤ ᠪᠠᠷ ᠳᠠᠮᠵᠢᠭᠤᠯᠤᠨ ᠨᠡᠩ ᠤᠯᠠᠨ ᠠᠵᠢᠯ ᠣᠯᠭᠤᠯᠲᠠ ᠶᠢ ᠲᠠᠶᠢᠴᠢᠯᠠᠵᠤ᠂ ᠠᠵᠢᠯ ᠣᠯᠭᠤᠯᠲᠠ ᠶᠢᠨ | ᠨᠡᠮᠡᠭᠳᠡᠯ ᠪᠣᠯᠣᠨ ᠠᠵᠤ ᠠᠬᠤᠢ ᠶᠢᠨ ᠬᠥᠭᠵᠢᠯᠲᠡ ᠶᠢᠨ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠶᠢ | ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ︽ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠠᠮᠢᠶᠠᠷᠤᠯᠲᠠ ᠶᠢᠨ ᠳᠦᠷᠢᠮ ︵ᠵᠠᠰᠠᠪᠤᠷᠢ | ᠣᠷᠣᠭᠤᠯᠤᠭᠰᠠᠨ ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ᠂ ᠣᠶᠢᠷ᠎ᠠ ᠶᠢᠨ ᠵᠢᠯ ᠤᠳ ᠠᠴᠠ | ᠨᠠᠭᠠᠰᠢ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠡᠷᠡᠭᠯᠡᠯᠲᠡ ᠶᠠᠪᠤᠬᠤ ᠳᠤᠳᠤᠮ ᠥᠷᠭᠡᠳᠴᠦ᠂ ᠢᠨᠲ᠋ᠧᠷ | ᠰᠦᠯᠵᠢᠶ᠎ᠡ ᠪᠣᠯᠣᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ᠂ ᠠᠷᠠᠳ ᠢᠷᠭᠡᠳ ᠪᠣᠯᠣᠨ ᠬᠠᠤᠯᠢ ᠶᠢᠨ | ᠡᠷᠬᠡᠲᠡᠨ ᠤ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ ᠬᠢ ᠴᠢᠬᠤᠯᠠ ᠴᠢᠨᠠᠷ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ | ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠳᠠᠯᠳᠤᠭᠠᠨ ᠳᠤ | ᠬᠡᠷᠡᠭᠯᠡᠬᠦ ᠨᠢᠭᠤᠴᠠ ᠨᠣᠮᠧᠷ ᠤᠨ ᠬᠡᠷᠡᠭᠯᠡᠯᠲᠡ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ | ᠲᠠᠪᠴᠠᠩ ᠤᠨ ᠠᠵᠤ ᠠᠬᠤᠶᠢᠯᠠᠯ ᠠᠴᠠ ᠬᠡᠷᠡᠭᠯᠡᠭᠴᠢ ᠶᠢᠨ ᠨᠢᠭᠤᠴᠠ ᠨᠣᠮᠧᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ | ᠬᠠᠤᠯᠢ ᠶᠣᠰᠣᠭᠠᠷ ᠭᠦᠢᠴᠡᠳᠬᠡᠬᠦ ᠶᠢ ᠰᠢᠮᠳᠠᠭᠤᠯᠵᠤ᠂ ᠬᠤᠪᠢ ᠬᠥᠮᠥᠨ ᠤ ᠨᠢᠭᠤᠴᠠ᠂ ᠬᠤᠳᠠᠯᠳᠤᠭᠠᠨ ᠤ ᠨᠢᠭᠤᠴᠠ ᠪᠠ | ᠵᠠᠰᠠᠭ ᠤᠨ ᠣᠷᠳᠣᠨ ᠤ ᠬᠤᠷᠴᠠ ᠰᠡᠷᠭᠡᠭ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ᠲᠣᠭᠠᠴᠢᠯᠠᠭᠰᠠᠨ ᠠᠵᠤ ᠠᠬᠤᠢ ᠶᠢᠨ ᠲᠦᠷᠭᠡᠨ ᠬᠥᠭᠵᠢᠯᠲᠡ ᠶᠢᠨ ᠬᠠᠨᠳᠤᠰᠢ ᠳᠤ ᠨᠡᠩ ᠰᠠᠶᠢᠨ ᠵᠣᠬᠢᠴᠠᠭᠤᠯᠵᠤ᠂ | ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠦᠨ ᠬᠡᠷᠡᠭᠯᠡᠬᠦ ᠶᠢ | ᠠᠬᠢᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠵᠠᠬ᠎ᠠ ᠳᠡᠯᠭᠡᠭᠦᠷ ᠤᠨ ᠦᠷᠭᠦᠯᠵᠢᠯᠡᠨ ᠡᠷᠡᠭᠦᠯ ᠢᠶᠠᠷ | ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |