ᠠᠤᠬᠠᠨ ᠬᠤᠰᠢᠭᠤᠨ ᠤ ᠰᠠᠨ ᠢ ᠵᠢᠩ ᠤᠢ ᠰᠢᠭᠤᠢ ᠶᠢᠨ ᠲᠠᠯᠠᠪᠠᠢ ᠶᠢᠨ ᠰᠡᠶᠢᠷᠡᠭᠵᠢᠭᠰᠡᠨ ᠤᠢ ᠰᠢᠭᠤᠢ  ᠶᠢᠨ  ᠬᠦᠢ ᠶᠢ ᠥᠭᠡᠷᠡᠴᠢᠯᠡᠬᠦ ᠠᠵᠢᠯᠯᠠᠭ᠎ᠠ  ᠶᠠᠪᠤᠭᠳᠠᠵᠤ ᠪᠣᠢ
ᠨᠡᠶᠢᠲᠡᠯᠡᠭᠰᠡᠨ ᠴᠠᠭ᠄
2023/4/26
   
   4 ᠰᠠᠷ᠎ᠠ ᠶᠢᠨ 19 ᠤ ᠡᠳᠦᠷ᠂ ᠠᠤᠬᠠᠨ ᠬᠤᠰᠢᠭᠤᠨ ᠤ ᠰᠠᠨ ᠢ ᠵᠢᠩ ᠤᠢ ᠰᠢᠭᠤᠢ ᠶᠢᠨ ᠲᠠᠯᠠᠪᠠᠢ ᠶᠢᠨ ᠰᠠᠨ ᠢ ᠵᠢᠩ ᠬᠤᠪᠢᠶᠠᠷᠢ ᠲᠠᠯᠠᠪᠠᠢ ᠶᠢᠨ ᠡᠮᠦᠨ᠎ᠡ  ᠣᠶᠢᠲᠤ ᠭᠠᠵᠠᠷ ᠲᠤ᠂ 50 ᠭᠠᠷᠤᠢ ᠣᠶᠢᠵᠢᠭᠤᠯᠤᠯᠲᠠ ᠶᠢᠨ ᠬᠥᠮᠦᠰ᠂ 8 ᠰᠠᠤᠷᠢ ᠭᠤᠬ᠎ᠠ ᠮᠠᠰᠢᠨ᠂ ᠤᠰᠤᠯᠠᠬᠤ ᠲᠡᠷᠭᠡ ᠪᠣᠯᠤᠨ ᠴᠢᠬᠢ ᠵᠥᠭᠡᠭᠡᠪᠦᠷᠢᠯᠡᠬᠦ ᠲᠡᠷᠭᠡ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠠᠭᠠᠷᠠᠯᠲᠠᠢ ᠠᠵᠢᠯᠯᠠᠵᠤ᠂ ᠪᠠᠴᠢᠮ ᠶᠠᠭᠠᠷᠠᠯᠲᠠᠢ ᠪᠠᠶᠢᠳᠠᠯ ᠢᠯᠡᠷᠡᠪᠡ᠃    ᠰᠡᠶᠢᠷᠡᠭᠵᠢᠭᠰᠡᠨ ᠣᠢ ᠰᠢᠭᠤᠢ ᠶᠢᠨ ᠭᠦᠢ ᠶᠢ ᠥᠭᠡᠷᠡᠴᠢᠯᠡᠨ ᠰᠡᠷᠭᠦᠭᠡᠬᠦ ᠮᠡᠷᠭᠡᠵᠢᠯ ᠤᠨ ᠵᠠᠭᠪᠤᠷ ᠢ ᠭᠦᠨᠵᠡᠭᠡᠶ ᠰᠦᠪᠡᠭᠴᠢᠯᠡᠬᠦ ᠶᠢᠨ ᠲᠥᠯᠥᠭᠡ᠂ ᠡᠨᠡ ᠵᠢᠯ᠂ ᠠᠤᠬᠠᠨ ᠬᠤᠰᠢᠭᠤᠨ ᠤ ᠰᠠᠨ ᠢ ᠵᠢᠩ ᠣᠢ ᠰᠢᠭᠤᠢ ᠶᠢᠨ ᠲᠠᠯᠠᠪᠠᠢ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠰᠡᠶᠢᠷᠡᠭᠵᠢᠭᠰᠡᠨ ᠣᠢ ᠰᠢᠭᠤᠢ ᠶᠢᠨ ᠭᠦᠢ ᠶᠢ ᠥᠭᠡᠷᠡᠴᠢᠯᠡᠨ ᠰᠡᠷᠭᠦᠭᠡᠬᠦ ᠲᠥᠷᠥᠯ ᠵᠦᠢᠯ ᠳᠤ ᠲᠦᠰᠢᠭᠯᠡᠨ᠂  ᠰᠡᠩᠳᠡᠩ ᠮᠣᠳᠤ᠂  ᠬᠠᠲᠠᠭᠤ ᠴᠠᠭᠠᠨ ᠢᠶᠠᠷ ᠭᠤᠣᠯ ᠪᠣᠯᠭᠠᠵᠤ ᠮᠣᠳᠣ ᠲᠠᠷᠢᠭᠰᠠᠨ ᠮᠣᠳᠣᠯᠢᠭ ᠲᠣᠰᠣᠨ ᠮᠠᠲ᠋ᠧᠷᠢᠶᠠᠯ ᠤᠨ ᠣᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ 1260 ᠮᠦ᠂ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ ᠪᠠᠷᠤᠭ 300 ᠲᠦᠮᠡᠨ ᠲᠥᠭᠦᠷᠢᠭ ᠬᠦᠷᠪᠡ᠃ ᠥᠭᠡᠷᠡᠴᠢᠯᠡᠬᠦ ᠠᠴᠠ ᠡᠮᠦᠨ᠎ᠡ᠂ ᠲᠣᠰ ᠭᠠᠵᠠᠷ ᠣᠷᠣᠨ ᠨᠢ ᠴᠥᠮ ᠬᠦᠨᠳᠦ ᠬᠡᠮᠵᠢᠶᠡᠨ ᠤ ᠤᠯᠢᠶᠠᠰᠤᠨ ᠮᠣᠳᠣᠨ ᠤ ᠰᠡᠶᠢᠷᠡᠭᠵᠢᠭᠰᠡᠨ ᠣᠢ ᠰᠢᠭᠤᠢ ᠶᠢᠨ ᠭᠦᠢ ᠪᠣᠯᠤᠨ᠎ᠠ᠃    ᠣᠶᠢᠵᠢᠭᠤᠯᠤᠯᠲᠠ ᠶᠢᠨ ᠳᠤᠮᠳᠠ᠂ ᠡᠨᠡ ᠬᠦ ᠣᠢ ᠰᠢᠭᠤᠢ ᠶᠢᠨ ᠲᠠᠯᠠᠪᠠᠢ ᠨᠢ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠲᠥᠷᠥᠯ ᠵᠦᠢᠯ ᠪᠠ ᠣᠷᠴᠢᠨ ᠲᠣᠭᠤᠷᠢᠨ ᠤ ᠨᠥᠬᠦᠴᠡᠯ ᠲᠠᠢ ᠪᠠᠨ ᠤᠶᠠᠯᠳᠤᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠰᠢᠯᠢᠳᠡᠭ ᠮᠣᠳᠣᠨ ᠤ ᠲᠥᠷᠥᠯ ᠢ ᠨᠠᠷᠢᠨ ᠬᠢᠨᠠᠮᠠᠭᠠᠢ ᠰᠢᠯᠢᠨ ᠰᠣᠩᠭᠤᠵᠤ᠂ ᠰᠡᠩᠳᠡᠩ ᠮᠣᠳᠤ᠂  ᠬᠠᠲᠠᠭᠤ  ᠴᠠᠭᠠᠨ ᠢ ᠥᠭᠡᠷᠡᠴᠢᠯᠡᠨ ᠰᠢᠨᠡᠳᠬᠡᠬᠦ ᠰᠢᠯᠢᠳᠡᠭ ᠮᠣᠳᠣᠨ ᠤ ᠲᠥᠷᠥᠯ ᠪᠣᠯᠭᠠᠪᠠ᠃ ᠢᠨᠵᠧᠨᠧᠷᠢᠩ ᠳᠤ ᠬᠡᠰᠡᠭ ᠬᠡᠯᠪᠡᠷᠢ ᠪᠠᠷ ᠲᠣᠬᠢᠷᠠᠭᠤᠯᠬᠤ ᠶᠢ ᠬᠡᠷᠡᠭᠵᠢᠭᠦᠯᠵᠦ᠂ 200x200  ᠮᠧᠲᠷ ᠲᠣᠤᠷᠵᠢᠭᠤᠯᠤᠨ ᠣᠶᠢᠵᠢᠭᠤᠯᠵᠤ᠂ ᠭᠠᠳᠠᠷ ᠲᠠᠯ᠎ᠠ ᠨᠢ 4 ᠮᠥᠷ ᠵᠢᠭᠠᠷᠲᠤ ᠨᠠᠷᠠᠰᠤ ᠪᠠ 2 ᠮᠥᠷ ᠮᠦᠢᠯ 2 ᠮᠥᠷ ᠤᠨ ᠠᠯᠲᠠᠨ ᠨᠠᠪᠴᠢᠲᠤ ᠠᠭᠴᠢ  ᠶᠢ ᠬᠡᠷᠡᠭᠯᠡᠨ ᠣᠢ ᠶᠢᠨ ᠪᠦᠰᠡ ᠬᠢᠵᠦ᠂ ᠲᠣᠰ ᠣᠶ ᠶᠢᠨ ᠪᠦᠰᠡ ᠨᠢ ᠰᠡᠷᠭᠡᠶᠢᠯᠡᠨ ᠬᠠᠮᠠᠭᠠᠯᠠᠬᠤ ᠴᠢᠳᠠᠮᠵᠢ ᠪᠠᠷ ᠪᠠᠷᠠᠬᠤ ᠥᠬᠡᠶ ᠪᠠᠰᠠ ᠮᠠᠰᠢ ᠴᠢᠩᠭ᠎ᠠ ᠭᠤᠶᠣᠯᠠᠯ ᠤᠨ ᠦᠷ᠎ᠡ ᠪᠦᠲᠦᠮᠵᠢ ᠲᠠᠢ ᠪᠠᠶᠢᠵᠤ᠂ ᠳᠣᠣᠷᠵᠢᠯᠲᠠ ᠳᠤ ᠰᠡᠩᠳᠡᠩ ᠮᠣᠳᠤ ᠪᠠ ᠬᠠᠲᠠᠭᠤ ᠴᠠᠭᠠᠨ ᠳᠠᠷᠢᠵᠤ᠂ ᠮᠣᠳᠣᠨ ᠤ ᠮᠥᠷ ᠤᠨ ᠵᠠᠶ ᠶᠢ ᠴᠥᠮ 2 × 5 ᠮᠧᠲᠷ ᠪᠠᠶᠢᠯᠭᠠᠨ᠎ᠠ᠃ ᠥᠨᠳᠥᠷ ᠪᠠᠷᠢᠮᠵᠢᠶᠠᠲᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠲᠥᠯᠥᠭᠡ᠂ ᠢᠨᠵᠧᠨᠧᠷᠢᠩ ᠤᠨ ᠣᠶᠢᠵᠢᠭᠤᠯᠤᠯᠲᠠ ᠳᠤ ᠮᠠᠰᠢᠨ ᠢᠶᠠᠷ ᠭᠠᠵᠠᠷ ᠲᠡᠭᠰᠢᠯᠡᠬᠦ᠂ ᠲᠣᠮᠣ ᠴᠢᠬᠢ ᠳᠠᠷᠢᠬᠤ ᠶᠢ ᠬᠡᠷᠡᠭᠯᠡᠨ ᠳᠠᠷᠢᠵᠤ᠂ ᠲᠠᠷᠢᠭᠰᠠᠨ ᠮᠤᠳᠤᠨ  ᠴᠢᠬᠢ ᠶᠢᠨ ᠬᠤᠭᠤᠴᠠᠭ᠎ᠠ ᠨᠢ ᠴᠥᠮ 5 ᠵᠢᠯ ᠠᠴᠠ ᠳᠡᠭᠡᠭᠰᠢ ᠪᠣᠯᠤᠨ᠎ᠠ᠃    ᠶᠠᠭ ᠲᠤᠬᠠᠶ ᠶᠢᠨ ᠲᠠᠯᠠᠪᠤᠷ ᠲᠤ ᠣᠶᠢᠵᠢᠭᠤᠯᠬᠤ ᠠᠵᠢᠯ ᠢ ᠵᠢᠯᠣᠭᠤᠳᠴᠤ ᠪᠠᠶᠢᠭ᠎ᠠ ᠨᠢᠭᠡ ᠣᠶ ᠰᠢᠭᠤᠶ ᠶᠢᠨ ᠲᠠᠯᠠᠪᠠᠶ ᠶᠢᠨ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ 4 ᠰᠠᠷ᠎ᠠ ᠶᠢᠨ 9 ᠤ ᠡᠳᠦᠷ ᠠᠴᠠ ᠡᠬᠢᠯᠡᠨ᠂ ᠣᠶ ᠰᠢᠭᠤᠶ ᠶᠢᠨ ᠲᠠᠯᠠᠪᠠᠶ 10 ᠭᠠᠷᠤᠶ ᠬᠠᠮᠢᠶᠠᠷᠤᠯᠲᠠ ᠶᠢᠨ ᠠᠵᠢᠯᠲᠠᠨ ᠳᠣᠭᠢᠷᠠᠭᠤᠯᠵᠤ᠂ ᠡᠳᠦᠷ ᠪᠦᠷᠢ 40 ᠭᠠᠷᠤᠶ ᠬᠥᠳᠡᠯᠮᠦᠷᠢ ᠬᠦᠴᠦ ᠭᠠᠷᠭᠠᠵᠤ᠂ ᠠᠷᠪᠠᠨ ᠬᠡᠳᠦᠨ ᠰᠠᠤᠷᠢ ᠭᠤᠬᠠᠲᠤ ᠮᠠᠰᠢᠨ᠂ ᠤᠰᠤᠯᠠᠬᠤ ᠲᠡᠷᠭᠡ ᠪᠠ ᠴᠢᠬᠢ ᠵᠥᠭᠡᠭᠡᠪᠦᠷᠢᠯᠡᠬᠦ ᠲᠡᠷᠭᠡ ᠬᠥᠳᠡᠯᠭᠡᠨ᠂ ᠬᠠᠪᠤᠷ ᠤᠨ ᠤᠯᠠᠷᠢᠯ ᠤᠨ ᠣᠶᠢᠵᠢᠭᠤᠯᠬᠤ ᠲᠡᠶᠢᠨ ᠳᠤ ᠪᠥᠬᠦ ᠬᠦᠴᠦᠨ ᠢᠶᠠᠷ ᠢᠶᠠᠨ ᠣᠷᠣᠯᠴᠠᠵᠤ᠂ ᠣᠲᠣ ᠨᠢᠭᠡᠨᠲᠡ ᠢᠨᠵᠧᠨᠧᠷᠢᠩ ᠤᠨ ᠶᠡᠬᠡᠩᠬᠢ ᠠᠵᠢᠯ ᠢ ᠪᠡᠶᠡᠯᠡᠭᠦᠯᠵᠦ᠂ ᠵᠢᠱᠢᠯᠲᠡ ᠪᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠪᠠᠷᠢᠵᠤ ᠳᠠᠭᠤᠰᠬᠠᠨ᠎ᠠ᠃    ᠰᠠᠨ ᠢ ᠵᠢᠩ ᠣᠶ ᠰᠢᠭᠤᠶ ᠶᠢᠨ ᠲᠠᠯᠠᠪᠠᠶ ᠶᠢᠨ ᠰᠡᠩᠳᠡᠩ ᠮᠣᠳᠤ ᠪᠠ ᠬᠠᠲᠠᠭᠤ ᠴᠠᠭᠠᠨ ᠤ ᠢᠨᠵᠧᠨᠧᠷᠢᠩ ᠢ ᠪᠣᠶ ᠪᠣᠯᠭᠠᠵᠤ᠂ ᠮᠣᠳᠣᠯᠢᠭ ᠲᠣᠰᠣᠨ ᠤ ᠮᠠᠲ᠋ᠧᠷᠢᠶᠠᠯ ᠤᠨ ᠣᠶ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠪᠦᠲᠦᠮᠵᠢᠲᠡᠶ ᠠᠬᠢᠭᠤᠯᠵᠤ᠂ ᠠᠤᠬᠠᠨ ᠬᠤᠰᠢᠭᠤ ᠴᠢᠨᠠᠭᠰᠢᠯᠠᠪᠠᠯ ᠤᠯᠠᠭᠠᠨᠬᠠᠳᠠ ᠬᠤᠲᠠ ᠶᠢᠨ ᠬᠦᠨᠳᠦ ᠨᠣᠴᠢᠲᠠᠶ ᠤᠯᠢᠶᠠᠰᠤᠨ ᠮᠣᠳᠣᠨ ᠤ ᠰᠡᠶᠢᠷᠡᠭᠵᠢᠭᠰᠡᠨ ᠣᠢ ᠰᠢᠭᠤᠢ ᠶᠢᠨ ᠭᠦᠢ ᠶᠢᠨ ᠥᠭᠡᠷᠡᠴᠢᠯᠡᠯᠲᠡ ᠳᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠦᠵᠡᠭᠦᠯᠵᠦ᠂ ᠮᠠᠨ ᠤ ᠬᠤᠲᠠ ᠶᠢᠨ ᠭᠠᠳᠠᠭᠰᠢ ᠲᠠᠨᠢᠯᠴᠠᠭᠤᠯᠬᠤ ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠪᠣᠯᠵᠣ᠂ ᠪᠥᠬᠦ ᠬᠤᠲᠠ ᠶᠢᠨ  ᠰᠡᠩᠳᠡᠩ ᠮᠣᠳᠤ᠂ ᠬᠠᠲᠠᠭᠤ ᠴᠠᠭᠠᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ  ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号