ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ  ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ  ᠪᠡᠭᠡᠵᠢᠩ ᠳᠤ ᠬᠤᠷᠠᠯᠳᠤᠵᠤ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ  ᠴᠢᠬᠤᠯᠠᠴᠢᠯᠠᠭᠰᠠᠨ ᠨᠢ ᠭᠤᠣᠯ  ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ ᠰᠢᠨ᠎ᠡ ᠠᠶᠠᠨ ᠳᠤ ᠡᠷᠡᠮᠡᠬᠡᠶᠢᠯᠡᠨ  ᠤᠷᠤᠭᠰᠢᠯᠠᠬᠤ ᠳᠤ  ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠬᠡᠷᠡᠭᠲᠡᠢ
ᠨᠡᠶᠢᠲᠡᠯᠡᠭᠰᠡᠨ ᠴᠠᠭ᠄
2023/4/6
    ᠯᠢ ᠴᠢᠶᠠᠩ  ᠵᠤᠤ ᠯᠧ ᠵᠢᠢ  ᠸᠠᠩ ᠬᠤ᠋ ᠨᠢᠩ  ᠳ᠋ᠢᠩ ᠰᠢᠤᠸᠠᠢ ᠰᠢᠶᠠᠩ  ᠯᠢ ᠰᠢ  ᠬᠠᠨ ᠵᠧᠩ ᠬᠤᠷᠠᠯ ᠳᠤ  ᠣᠷᠣᠯᠴᠠᠵᠤ  ᠼᠠᠢ ᠴᠢ ᠶᠠᠷᠢᠶ᠎ᠠ ᠲᠠᠯᠪᠢᠵᠠᠢ              ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ  ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ 3 ᠤ ᠡᠳᠦᠷ  ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ  ᠱᠦᠵᠢ᠂ ᠤᠯᠤᠰ ᠤᠨ ᠲᠡᠷᠢᠭᠦᠯᠡᠭᠴᠢ᠂  ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ   ᠶᠠᠷᠢᠶ᠎ᠠ ᠲᠠᠯᠪᠢᠪᠠ᠃ ᠲᠡᠷᠡ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ  ᠮᠠᠨᠳᠤᠯᠲᠠ ᠶᠢᠨ ᠠᠤᠭ᠎ᠠ ᠬᠠᠷᠠᠯᠲᠠ  ᠬᠥᠮᠥᠰ ᠢ ᠵᠣᠷᠢᠭᠵᠢᠭᠤᠯᠵᠤ᠂ ᠬᠥᠮᠥᠰ ᠢ ᠤᠷᠮᠠᠰᠢᠭᠤᠯᠤᠨ ᠤᠷᠤᠭᠰᠢᠯᠠᠭᠤᠯᠤᠨ᠎ᠠ᠂  ᠮᠠᠨ ᠤ ᠡᠨᠡ ᠦᠶ᠎ᠡ ᠶᠢᠨ ᠡᠪ ᠬᠠᠮᠲᠤᠴᠤᠳ ᠤᠨ ᠡᠭᠦᠷᠭᠡ ᠥᠩᠭᠡ ᠭᠡᠷᠡᠯᠲᠡᠢ᠂  ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃  ᠪᠢᠳᠡ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠨᠠᠮ ᠤᠨ ᠰᠢᠨ᠎ᠡ ᠶᠢ   ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠪᠦᠭᠦ ᠨᠠᠮ ᠤᠨ ᠮᠠᠷᠺᠰ ᠤᠨ ᠦᠵᠡᠯ ᠤᠨ ᠲᠦᠪᠰᠢᠨ ᠢ  ᠲᠠᠰᠤᠷᠠᠯᠳᠡ ᠦᠭᠡᠢ ᠳᠡᠭᠡᠭᠰᠢᠯᠡᠭᠦᠯᠵᠦ᠂ ᠨᠠᠮ ᠤᠨ  ᠲᠦᠷᠦ ᠪᠠᠷᠢᠬᠤ ᠴᠢᠳᠠᠪᠤᠷᠢ ᠪᠣᠯᠣᠨ ᠤᠳᠤᠷᠢᠳᠬᠤ ᠲᠦᠪᠰᠢᠨ ᠢ  ᠲᠠᠰᠤᠷᠠᠯᠳᠡ ᠦᠭᠡᠢ ᠳᠡᠭᠡᠭᠰᠢᠯᠡᠭᠦᠯᠵᠦ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠳᠤ  ᠰᠡᠳᠬᠢᠯ ᠨᠢᠭᠡᠳᠦᠨ ᠬᠦᠴᠦ   ᠪᠠᠨ ᠬᠠᠮᠲᠤᠳᠬᠠᠵᠤ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ ᠡᠷᠡᠮᠡᠬᠡᠶᠢᠯᠡᠨ ᠤᠷᠤᠭᠰᠢᠯᠠᠵᠤ᠂  ᠨᠡᠶᠢᠭᠡᠮ ᠵᠢᠷᠤᠮᠲᠤ  ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ  ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ  ᠠᠬᠢᠭᠤᠯᠬᠤ ᠶᠢᠨ ᠲᠥᠯᠥᠭᠡ ᠪᠦᠯᠬᠦᠮᠳᠡᠨ  ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠵᠠᠢ᠃  
    4 ᠰᠠᠷ᠎ᠠ ᠶᠢᠨ 3 ᠤ ᠡᠳᠦᠷ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ  ᠬᠤᠷᠠᠯ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂  ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ  ᠶᠠᠷᠢᠶ᠎ᠠ ᠲᠠᠯᠪᠢᠪᠠ᠃            ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠵᠢᠦᠢ ᠫᠧᠩ  ᠰᠡᠭᠦᠳᠡᠷᠯᠡᠪᠡ            ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ  ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ  ᠬᠤᠷᠠᠯ ᠳᠤ ᠣᠷᠣᠯᠴᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ  ᠂ ᠲᠥᠪ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ  ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ  ᠳᠠᠷᠤᠭ᠎ᠠ ᠼᠠᠢ ᠴᠢ ᠳ᠋ᠦᠩᠨᠡᠯᠲᠡ ᠶᠢᠨ ᠶᠠᠷᠢᠶ᠎ᠠ ᠲᠠᠯᠪᠢᠪᠠ᠃            ᠰᠢ ᠶᠢᠨ ᠫᠢᠩ᠂ ᠰᠢᠶᠠᠨ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠣᠯᠭᠠᠨ  ᠪᠦᠭᠦ ᠨᠠᠮ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ  ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ‌ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ  ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠂ ᠪᠦᠭᠦ  ᠨᠠᠮ ᠤᠨ ᠦᠵᠡᠯ ᠰᠠᠨᠠᠭ᠎ᠠ ᠶᠢ ᠨᠢᠭᠡᠳᠬᠡᠬᠦ᠂ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ  ᠰᠢᠢᠳᠪᠦᠷᠢᠯᠡᠬᠦ᠂ ᠨᠠᠮ ᠪᠣᠯᠣᠨ ᠠᠷᠠᠳ ᠣᠯᠠᠨ ᠤ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠬᠤ᠂ ᠨᠠᠮ ᠪᠣᠯᠣᠨ  ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠨᠡ  ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ  ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠠᠬᠢᠭᠤᠯᠬᠤ ᠳᠡᠭᠡᠷ᠎ᠡ ᠬᠦᠴᠦ  ᠲᠠᠯᠪᠢᠵᠤ᠂ ᠨᠠᠮ ᠤᠨ ᠭᠡᠰᠢᠭᠦᠨ᠂ ᠺᠠᠳ᠋ᠷ ᠢ ᠬᠥᠮᠥᠵᠢᠭᠦᠯᠦᠨ ᠵᠢᠯᠤᠭᠤᠳᠴᠤ ᠦᠵᠡᠯ ᠰᠠᠨᠠᠭᠠᠨ ᠤ ᠰᠠᠭᠤᠷᠢ ᠶᠢ ᠵᠠᠰᠠᠨ ᠡᠬᠢ   ᠶᠢ ᠴᠡᠭᠴᠡᠯᠡᠵᠦ᠂ ᠰᠠᠭᠤᠷᠢ ᠶᠢ ᠪᠠᠬᠢᠵᠢᠭᠦᠯᠦᠨ ᠦᠨᠳᠦᠰᠦ ᠶᠢ ᠪᠠᠲᠤᠳᠬᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ  ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ ᠲᠠᠰᠤᠷᠠᠯᠳᠠ ᠦᠭᠡᠢ  ᠳᠡᠭᠡᠭᠰᠢᠯᠡᠭᠦᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ ᠬᠤᠶᠠᠷ ᠢ ᠬᠠᠮᠠᠭᠠᠯᠠᠬᠤ︾  ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ  ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠰᠡᠳᠬᠢᠯ ᠨᠢᠭᠡᠳᠦᠨ᠂ ᠬᠦᠴᠦ ᠪᠠᠨ  ᠬᠠᠮᠲᠤᠳᠬᠠᠬᠤ ᠶᠢ ᠪᠡᠶᠡᠯᠡᠭᠦᠯᠵᠦ᠂ ᠬᠠᠮᠲᠤ ᠪᠠᠷ ᠨᠠᠮ ᠢ ᠬᠠᠨᠳᠤᠭᠰᠠᠨ ᠵᠦᠭ ᠲᠤ ᠳᠡᠶᠢᠯᠦᠭᠳᠡᠰᠢ ᠦᠭᠡᠢ᠂ ᠪᠠᠶᠢᠯᠳᠤᠭᠰᠠᠨ  ᠵᠦᠭ ᠲᠤ ᠢᠯᠠᠭᠳᠠᠰᠢ ᠦᠭᠡᠢ ᠪᠣᠯᠣᠳ ᠲᠡᠮᠦᠷ ᠪᠣᠯᠭᠠᠨ ᠳᠠᠪᠲᠠᠨ ᠪᠤᠯᠪᠠᠰᠤᠷᠠᠭᠤᠯᠬᠤ ᠬᠡᠷᠡᠭᠲᠡᠢ᠃ ᠥᠷᠭᠡᠨ ᠤᠯᠠᠨ  ᠨᠠᠮ ᠤᠨ ᠭᠡᠰᠢᠭᠦᠨ᠂ ᠺᠠᠳ᠋ᠷ ᠢ ᠬᠥᠮᠥᠵᠢᠭᠦᠯᠦᠨ ᠵᠢᠯᠤᠭᠤᠳᠴᠤ ᠦᠵᠡᠯ ᠰᠠᠨᠠᠭ᠎ᠠ ᠶᠢ ᠰᠤᠷᠤᠯᠴᠠᠭᠤᠯᠵᠤ᠂ ᠦᠢᠯᠡ ᠠᠵᠢᠯᠯᠠᠭ᠎ᠠ   ᠳᠤᠨᠢ ᠢᠯᠡᠷᠡᠭᠦᠯᠵᠦ᠂ ᠵᠥᠪ ᠡᠷᠬᠡ ᠶᠢᠨ ᠦᠵᠡᠯᠲᠡ᠂ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ᠂ ᠠᠵᠢᠯ  ᠦᠢᠯᠡᠰ ᠤᠨ ᠦᠵᠡᠯᠲᠡ ᠶᠢ ᠪᠤᠢ ᠪᠤᠯᠭᠠᠵᠤ᠂ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠢ ᠨᠢ  ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ  ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠨᠢ ᠲᠠᠰᠤᠷᠠᠯᠳᠠ ᠦᠭᠡᠢ ᠳᠡᠭᠡᠭᠰᠢᠯᠡᠭᠦᠯᠵᠦ᠂  ᠲᠡᠮᠡᠴᠡᠯ ᠤᠨ ᠵᠣᠷᠢᠭ ᠰᠠᠨᠠᠭ᠎ᠠ ᠪᠣᠯᠣᠨ ᠲᠡᠮᠡᠴᠡᠯ ᠤᠨ ᠴᠢᠳᠠᠪᠤᠷᠢ ᠶᠢ ᠨᠢ ᠬᠥᠮᠥᠵᠢᠭᠦᠯᠬᠦ ᠶᠢ ᠴᠢᠩᠭᠠᠳᠬᠠᠵᠤ᠂ ᠵᠣᠷᠢᠭᠲᠠᠢ ᠪᠠᠷ  ᠵᠢᠳᠬᠦᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠤᠭ ᠵᠣᠷᠢᠭ ᠢ ᠨᠢ ᠪᠠᠳᠠᠷᠠᠭᠤᠯᠬᠤ ᠬᠡᠷᠡᠭᠲᠡᠢ᠃  ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ  ᠬᠥᠮᠥᠵᠢᠭᠦᠯᠦᠨ ᠵᠢᠯᠤᠭᠤᠳᠴᠤ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠤ᠂ ᠬᠦᠷᠦᠯᠴᠡᠬᠦ ᠦᠭᠡᠢ  ᠲᠠᠯ᠎ᠠ ᠪᠠᠨ ᠪᠠᠶᠢᠴᠠᠭᠠᠵᠤ᠂ ᠵᠥᠷᠢᠶ᠎ᠡ ᠪᠠᠨ ᠡᠷᠢᠵᠦ᠂ ᠴᠢᠭᠯᠡᠯ ᠢᠶᠠᠨ ᠲᠣᠳᠣᠷᠬᠠᠶᠢᠯᠠᠵᠤ᠂ ᠤᠯᠤᠰ ᠲᠦᠷᠦ ᠶᠢᠨ  ᠪᠠᠶᠢᠴᠠᠭᠠᠯᠲᠠ ᠶᠢ ᠬᠦᠯᠢᠶᠡᠵᠦ᠂ ᠤᠯᠤᠰ ᠲᠦᠷᠦ ᠶᠢᠨ ᠲᠣᠭᠤᠰᠣ ᠲᠣᠷᠳᠤᠭ  ᠢᠶᠠᠨ ᠴᠡᠪᠡᠷᠯᠡᠵᠦ᠂ ᠦᠢᠯᠡ ᠠᠵᠢᠯᠯᠠᠭ᠎ᠠ ᠶᠢᠨ  ᠬᠡᠯᠪᠡᠷᠢᠯ ᠵᠥᠷᠢᠶ᠎ᠡ ᠪᠠᠨ ᠵᠠᠯᠠᠷᠠᠭᠤᠯᠵᠤ᠂ ᠦᠵᠡᠯ ᠰᠠᠨᠠᠭ᠎ᠠ ᠴᠡᠪᠡᠷ ᠪᠤᠰᠤ᠂ ᠵᠣᠬᠢᠶᠠᠨ ᠪᠠᠶᠢᠭᠤᠯᠤᠯᠲᠠ ᠴᠡᠪᠡᠷ ᠪᠤᠰᠤ ᠪᠠᠶᠢᠬᠤ  ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠥᠪᠡᠷ ᠢ ᠪᠠᠨ ᠴᠡᠪᠡᠷᠰᠢᠭᠦᠯᠬᠦ᠂  ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠭᠦ ᠴᠢᠳᠠᠪᠤᠷᠢ ᠶᠢ  ᠳᠠᠰᠤᠷᠠᠯᠳᠠ ᠦᠭᠡᠢ ᠴᠢᠩᠭᠠᠳᠬᠠᠵᠤ᠂ ᠮᠠᠨ ᠤ ᠨᠠᠮ ᠢᠶᠠᠨ ᠢᠮᠠᠭᠲᠠ ᠥᠷᠨᠢᠭᠦᠨ ᠠᠮᠢᠵᠢᠷᠠᠯ ᠤᠨ ᠬᠦᠴᠦᠨ ᠪᠣᠯᠣᠨ  ᠪᠠᠳᠠᠷᠠᠩᠭᠤᠢ ᠴᠤᠭ ᠵᠢᠪᠬᠤᠭ᠎ᠠ ᠲᠠᠢ ᠪᠤᠯᠭᠠᠵᠤ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ  ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠭᠠᠬᠤ ᠬᠡᠷᠡᠭᠲᠡᠢ‌‍ᠭᠡᠵᠦ ᠵᠢᠭᠠᠵᠤ ᠭᠠᠷᠭᠠᠵᠠᠢ᠃
    ᠰᠢ ᠶᠢᠨ ᠫᠢᠩ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠳᠤ ︽ᠦᠵᠡᠯ ᠰᠠᠨᠠᠭ᠎ᠠ ᠶᠢ ᠰᠤᠷᠤᠯᠴᠠᠬᠤ᠂  ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ  ᠱᠠᠭᠠᠷᠳᠠᠯᠭ᠎ᠠ ᠶᠢ ᠪᠠᠲᠤ ᠡᠵᠡᠮᠳᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ  ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠡᠨᠡ ᠬᠦ ᠦᠵᠡᠯ ᠰᠠᠨᠠᠭ᠎ᠠ ᠶᠢᠨ ᠦᠨᠳᠦᠰᠦᠨ  ᠦᠵᠡᠯᠲᠡ᠂ ᠰᠢᠨᠵᠢᠯᠡᠬᠦ ᠤᠬᠠᠭᠠᠨᠴᠢ ᠰᠢᠰᠲ᠋ᠧᠮ ᠢ ᠪᠦᠭᠦ ᠲᠠᠯ᠎ᠠ ᠪᠠᠷ ᠰᠢᠰᠲ᠋ᠧᠮ ᠲᠠᠢ ᠡᠵᠡᠮᠰᠢᠵᠦ᠂ ᠡᠨᠡ ᠬᠦ ᠦᠵᠡᠯ ᠰᠠᠨᠠᠭ᠎ᠠ   ᠶᠢᠨ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠢ ᠰᠠᠶᠢᠲᠤᠷ ᠡᠵᠡᠮᠳᠡᠵᠦ᠂ ᠡᠭᠦᠨ ᠳᠤ ᠲᠤᠭᠤᠰᠢᠯᠠᠭᠳᠠᠵᠤ ᠪᠠᠶᠢᠭ᠎ᠠ  ᠵᠣᠭᠰᠣᠯᠲᠠ ᠦᠵᠡᠯᠲᠡ ᠠᠷᠭ᠎ᠠ ᠶᠢ ᠰᠠᠶᠢᠲᠤᠷ ᠪᠠᠷᠢᠮᠲᠠᠯᠠᠨ ᠰᠠᠶᠢᠲᠤᠷ ᠬᠡᠷᠡᠭᠯᠡᠵᠦ᠂ ᠨᠠᠮ ᠤᠨ ᠰᠢᠨ᠎ᠡ ᠶᠢ ᠡᠭᠦᠳᠦᠭᠰᠡᠨ  ᠤᠨᠤᠯ ᠤᠨ ᠲᠤᠬᠠᠢ ᠤᠯᠤᠰ ᠲᠦᠷᠦ ᠶᠢᠨ ᠬᠠᠮᠲᠤ ᠶᠢᠨ ᠲᠠᠨᠢᠯᠲᠠ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ᠂  ᠤᠨᠤᠯ ᠤᠨ ᠬᠠᠮᠲᠤ ᠶᠢᠨ ᠲᠠᠨᠢᠯᠲᠠ᠂ ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ  ᠨᠡᠮᠡᠭᠳᠡᠭᠦᠯᠵᠦ᠂ ᠮᠠᠷᠺᠰ ᠤᠨ ᠦᠵᠡᠯ ᠤᠨ ᠵᠢᠩᠬᠢᠨᠢ ᠡᠷᠳᠡᠮ ᠢ ᠦᠨᠡᠨ ᠬᠦ ᠰᠠᠶᠢᠲᠤᠷ ᠰᠤᠷᠴᠤ ᠡᠵᠡᠮᠰᠢᠨ᠂  ᠤᠬᠠᠮᠰᠠᠷ ᠠᠴᠠ ᠪᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠪᠠᠷ ᠡᠯ᠎ᠡ ᠵᠦᠢᠯ ᠤᠨ ᠠᠵᠢᠯ ᠢᠶᠠᠨ ᠵᠢᠯᠣᠭᠤᠳᠤᠭᠤᠯᠬᠤ ᠬᠡᠷᠡᠭᠲᠡᠢ᠃ ᠤᠬᠠᠮᠰᠠᠷ ᠠᠴᠠ ᠪᠠᠨ ᠰᠢᠨ᠎ᠡ ᠴᠠᠭ ᠦᠶ᠎ᠡ ᠶᠢᠨ  ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠡᠶᠡᠴᠢ ᠶᠢᠷᠲᠢᠨᠴᠦ ᠪᠠᠨ ᠥᠭᠡᠷᠡᠴᠢᠯᠡᠵᠦ  ᠂ ᠡᠨᠡ ᠬᠦ ᠦᠵᠡᠯ ᠰᠠᠨᠠᠭ᠎ᠠ ᠶᠢᠨ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠬᠤ᠂ᠦᠵᠡᠯ ᠰᠠᠨᠠᠭ᠎ᠠ ᠶᠢᠨ ᠠᠬᠤᠢ  ᠲᠦᠪᠰᠢᠨ ᠢᠶᠠᠨ ᠳᠡᠭᠡᠭᠰᠢᠯᠡᠭᠦᠯᠭᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ ᠵᠡᠷᠭᠡ ᠠᠯᠢ ᠤᠯᠠᠨ  ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠡᠪ ᠬᠠᠮᠲᠤᠴᠤᠳ ᠤᠨ ᠤᠯᠤᠰ ᠲᠦᠷᠦ ᠶᠢᠨ ᠣᠣᠷ ᠴᠢᠨᠠᠷ ᠢᠶᠠᠨ ᠢᠮᠠᠭᠲᠠ  ᠪᠠᠲᠤᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠪᠤᠰᠤᠳᠴᠢ ᠶᠢᠷᠲᠢᠨᠴᠦ ᠶᠢ ᠥᠭᠡᠷᠡᠴᠢᠯᠡᠬᠦ᠂ ᠠᠵᠢᠯ ᠦᠢᠯᠡᠰ ᠤᠨ  ᠬᠥᠭᠵᠢᠯᠲᠡ ᠶᠢ ᠠᠬᠢᠭᠤᠯᠬᠤ ᠳᠤ ᠬᠡᠷᠡᠭᠯᠡᠵᠦ᠂ ᠴᠠᠭ ᠦᠶ᠎ᠡ ᠶᠢ ᠠᠵᠢᠭᠯᠠᠬᠤ᠂ ᠴᠠᠭ ᠦᠶ᠎ᠡ ᠶᠢ ᠡᠵᠡᠮᠳᠡᠬᠦ᠂ ᠴᠠᠭ ᠦᠶ᠎ᠡ ᠶᠢ  ᠬᠥᠲᠥᠯᠥᠨ ᠳᠠᠭᠠᠭᠤᠯᠬᠤ ᠳᠤ ᠬᠡᠷᠡᠭᠯᠡᠵᠦ᠂ ᠢᠳᠡᠪᠬᠢᠲᠡᠢ ᠪᠠᠷ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠵᠤ  ᠬᠤᠪᠢᠷᠠᠯᠲᠠ ᠶᠢ ᠡᠷᠢᠯᠬᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠨᠠᠮ ᠤᠨ ᠪᠠᠶᠢᠭᠤᠯᠤᠯᠲᠠ ᠳᠤ ᠣᠷᠣᠰᠢᠵᠤ  ᠪᠠᠶᠢᠭ᠎ᠠ ᠡᠯ᠎ᠡ ᠵᠦᠢᠯ ᠤᠨ ᠵᠥᠷᠢᠴᠡᠯ ᠠᠰᠠᠭᠤᠳᠠᠯ ᠢ ᠰᠢᠢᠳᠪᠦᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ  ᠠᠷᠢᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠬᠢᠴᠠ ᠰᠢᠨ᠎ᠡ ᠰᠢᠪᠲᠤᠯᠤᠯᠲᠠ ᠲᠠᠢ  ᠪᠤᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ  ᠦᠵᠡᠯ ᠰᠠᠨᠠᠭ᠎ᠠ ᠠᠴᠠ ᠡᠷᠡᠮᠡᠬᠡᠶᠢᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠲᠡᠭᠦᠨ ᠳᠤ  ᠠᠭᠤᠯᠤᠭᠳᠠᠵᠤ ᠪᠠᠶᠢᠭ᠎ᠠ ᠤᠳᠤᠷᠢᠳᠬᠤ ᠠᠷᠭ᠎ᠠ᠂ ᠰᠡᠳᠭᠢᠭᠦ ᠠᠷᠭ᠎ᠠ᠂ ᠠᠵᠢᠯᠯᠠᠬᠤ ᠠᠷᠭ᠎ᠠ ᠶᠢ ᠪᠣᠯᠪᠠᠰᠤᠷᠠᠩᠭᠤᠢ ᠡᠵᠡᠮᠰᠢᠵᠦ  ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ  ᠴᠥᠬᠦᠷᠡᠰᠢ ᠦᠭᠡᠢ ᠠᠳᠬᠤᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ ᠲᠡᠦᠬᠡ ᠪᠠ  ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠭᠦ ᠪᠣᠳᠠᠲᠤ ᠠᠮᠵᠢᠯᠲᠠ ᠪᠦᠳᠦᠮᠵᠢ ᠵᠢ‌‍ᠴᠢᠷᠮᠠᠶᠢᠨ ᠡᠭᠦᠳᠭᠦ ᠬᠡᠷᠡᠭᠲᠡᠢ  ᠭᠡᠵᠦ ᠴᠢᠬᠤᠯᠠᠴᠢᠯᠠᠪᠠ  
    ᠰᠢ ᠶᠢᠨ ᠫᠢᠩ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠦᠨᠳᠦᠰᠦᠨ ᠡᠭᠦᠷᠭᠡ ᠪᠣᠯ  ᠰᠤᠷᠤᠯᠴᠠᠬᠤ ᠰᠡᠳᠭᠢᠭᠦ ᠬᠡᠷᠡᠭᠯᠡᠬᠦ ᠶᠢ ᠤᠶᠠᠯᠳᠤᠭᠤᠯᠬᠤ᠂ ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠰᠢᠨ᠎ᠡ  ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠰᠡᠯᠡᠩ ᠢᠶᠠᠨ  ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠣᠯᠣᠨ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ  ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠪᠦᠭᠦ ᠨᠠᠮ ᠢ ᠢᠮᠠᠭᠲᠠ ᠨᠢᠭᠡᠳᠦᠯᠲᠡᠢ ᠦᠵᠡᠯ ᠰᠠᠨᠠᠭ᠎ᠠ  ᠂ ᠡᠷᠡᠰ ᠪᠠᠲᠤ ᠵᠣᠷᠢᠭ ᠰᠠᠨᠠᠭ᠎ᠠ᠂ ᠵᠣᠬᠢᠴᠠᠩᠭᠤᠢ ᠠᠵᠢᠯᠯᠠᠭ᠎ᠠ᠂ ᠬᠦᠴᠦᠷᠬᠡᠭ ᠶᠡᠭᠡ ᠲᠠᠶᠢᠴᠢᠨ ᠬᠦᠴᠦᠨ ᠲᠠᠢ ᠪᠠᠶᠢᠯᠭᠠᠵᠤ᠂  ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ ᠂  ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ  ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠶᠠᠪᠤᠳᠠᠯ ᠪᠣᠯᠣᠨ᠎ᠠ᠃ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ  ᠱᠤᠭᠤᠵᠤ ᠦᠨᠳᠦᠰᠦ ᠪᠠᠨ ᠪᠠᠬᠢᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠮᠥᠵᠢᠭᠦᠯᠦᠨ ᠵᠢᠯᠤᠭᠤᠳᠴᠤ  ᠦᠵᠡᠯ ᠰᠠᠨᠠᠭᠠᠨ ᠤ ᠳᠠᠪᠲᠠᠯᠲᠠ᠂ ᠤᠶᠤᠨ ᠰᠠᠨᠠᠭᠠᠨ ᠤ ᠠᠷᠢᠭᠤᠰᠬᠠᠯ ᠢ ᠥᠩᠭᠡᠷᠡᠭᠡᠵᠦ᠂ ᠮᠠᠷᠺᠰ ᠤᠨ ᠦᠵᠡᠯ ᠤᠨ ᠢᠲᠡᠭᠡᠯ  ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠢᠲᠡᠭᠡᠯ ᠬᠦᠰᠡᠯᠡᠩ᠂ ᠳᠤᠮᠳᠠᠳᠤ ᠶᠢᠨ  ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠢᠲᠡᠭᠡᠯ ᠵᠣᠷᠢᠭ ᠢ  ᠪᠠᠲᠤᠳᠬᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠬᠡᠪᠰᠢ ᠤᠭ ᠰᠠᠨᠠᠭ᠎ᠠ ᠪᠠᠨ ᠦᠯᠦ  ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠷᠬᠡᠪᠰᠢ ᠳᠠᠷᠤᠤ ᠬᠢᠴᠢᠶᠡᠩᠭᠦᠢ ᠪᠠᠶᠢᠵᠤ᠂ ᠲᠡᠰᠪᠦᠷᠢ  ᠬᠠᠲᠠᠭᠤᠵᠢᠯᠲᠠᠢ ᠲᠡᠮᠡᠴᠡᠵᠦ᠂ ᠡᠷᠬᠡᠪᠰᠢ ᠵᠣᠷᠢᠭᠲᠠᠢ ᠲᠡᠮᠡᠴᠡᠵᠦ᠂ ᠴᠢᠳᠠᠮᠠᠭᠠᠢ ᠪᠠᠷ ᠲᠡᠮᠡᠴᠡᠵᠦ᠂ ᠢᠲᠡᠭᠡᠯ ᠪᠢᠰᠢᠷᠡᠯ ᠤᠨ  ᠰᠠᠭᠤᠷᠢ ᠶᠢ ᠪᠠᠬᠢᠵᠢᠭᠦᠯᠵᠦ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠦᠷᠢᠯᠡᠵᠦ ᠂ ᠦᠵᠡᠯ ᠰᠠᠨᠠᠭᠠᠨ ᠤ ᠵᠠᠯᠠᠭᠤᠷ ᠢ  ᠯᠠᠪᠳᠠᠭᠤᠨ ᠡᠵᠡᠮᠳᠡᠬᠦ ᠬᠡᠷᠡᠭᠲᠡᠢ᠃ ᠵᠠᠩ ᠴᠢᠨᠠᠷ ᠢᠶᠠᠨ ᠳᠠᠪᠲᠠᠨ ᠪᠤᠯᠪᠠᠰᠤᠷᠠᠭᠤᠯᠵᠤ ᠦᠨᠡᠨᠴᠢ ᠰᠢᠳᠤᠷᠭᠤ ᠪᠠᠶᠢᠬᠤ ᠪᠠᠨ  ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠮᠥᠵᠢᠭᠦᠯᠦᠨ ᠵᠢᠯᠤᠭᠤᠳᠴᠤ ᠤᠯᠤᠰ ᠲᠦᠷᠦ ᠶᠢᠨ ᠵᠠᠩ  ᠴᠢᠨᠠᠷ ᠢᠶᠠᠨ ᠳᠠᠪᠲᠠᠨ ᠪᠤᠯᠪᠠᠰᠤᠷᠠᠭᠤᠯᠵᠤ᠂ ᠨᠠᠮ ᠤᠨ ᠲᠤᠭ ᠢᠶᠠᠷ ᠲᠤᠭ ᠪᠤᠯᠭᠠᠵᠤ᠂ ᠨᠠᠮ ᠤᠨ ᠵᠣᠷᠢᠭ ᠰᠠᠨᠠᠭ᠎ᠠ ᠪᠠᠷ ᠵᠣᠷᠢᠭ  ᠰᠠᠨᠠᠭ᠎ᠠ ᠪᠠᠨ ᠪᠤᠯᠭᠠᠵᠤ᠂ᠨᠠᠮ ᠤᠨ ᠡᠭᠦᠷᠭᠡ ᠬᠠᠷᠢᠭᠤᠴᠠᠯᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠪᠤᠯᠭᠠᠵᠤ᠂ ᠢᠮᠠᠭᠲᠠ  ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ᠂ ᠮᠠᠷᠺᠰ ᠤᠨ ᠦᠵᠡᠯ  ᠳᠤ ᠦᠨᠡᠨᠴᠢ  ᠰᠢᠳᠤᠷᠭᠤ᠂ ᠦᠨᠡᠨ ᠰᠡᠳᠬᠢᠯ ᠠᠴᠠ ᠪᠠᠨ ᠨᠠᠮ ᠢᠶᠠᠨ ᠬᠠᠶᠢᠷᠠᠯᠠᠵᠤ᠂ ᠴᠠᠭ ᠢᠮᠠᠭᠲᠠ ᠨᠠᠮ ᠤᠨ ᠲᠥᠯᠥᠭᠡ‌‍ᠰᠠᠨᠠᠭᠠᠰᠢᠷᠠᠵᠤ᠂  ᠡᠷᠡᠰ ᠪᠠᠲᠤ ᠪᠠᠷ ᠨᠠᠮ ᠢᠶᠠᠨ ᠬᠠᠮᠠᠭᠠᠯᠠᠵᠤ᠂ ᠪᠦᠭᠦ ᠬᠦᠴᠦᠨ ᠢᠶᠠᠷ ᠢᠶᠠᠨ ᠨᠠᠮ ᠢᠶᠠᠨ ᠮᠠᠨᠳᠤᠭᠤᠯᠬᠤ ᠬᠡᠷᠡᠭᠲᠡᠢ᠃ ᠪᠣᠳᠠᠲᠠᠢ  ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ  ᠬᠥᠮᠥᠵᠢᠭᠦᠯᠦᠨ ᠵᠢᠯᠤᠭᠤᠳᠴᠤ ︽ᠤᠯᠤᠰ ᠤᠨ ᠶᠡᠭᠡ ᠶᠠᠪᠤᠳᠠᠯ︾ ᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ᠰᠢᠨ᠎ᠡ ᠴᠠᠭ  ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂  ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷ ᠢ ᠮᠡᠳᠡᠵᠦ  ᠪᠠᠶᠢᠭᠠᠳ ᠬᠦᠴᠦᠯᠡᠨ ᠤᠷᠤᠭᠰᠢᠯᠠᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ᠂  ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭ᠎ᠠ ᠵᠣᠷᠢᠭ ᠰᠦᠯᠳᠡ ᠪᠠᠷ ᠨᠠᠮ  ᠪᠣᠯᠣᠨ ᠠᠷᠠᠳ ᠲᠦᠮᠡᠨ ᠤ ᠲᠥᠯᠥᠭᠡ ᠲᠤᠰᠢᠶᠠᠯ ᠢᠶᠠᠨ ᠰᠠᠶᠢᠲᠤᠷ ᠭᠦᠢᠴᠡᠳᠬᠡᠵᠦ᠂ ᠬᠠᠷᠢᠭᠤᠴᠠᠯᠭ᠎ᠠ ᠪᠠᠨ ᠰᠠᠶᠢᠲᠤᠷ  ᠪᠡᠶᠡᠯᠡᠭᠦᠯᠵᠦ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ  ᠦᠷ᠎ᠡ ᠪᠦᠲᠦᠮᠵᠢ ᠣᠯᠬᠤ ᠶᠢ ᠠᠬᠢᠭᠤᠯᠵᠤ᠂ ᠰᠢᠷᠭᠠᠭᠤ ᠬᠠᠲᠠᠭᠤᠵᠢᠯᠲᠠᠢ ᠲᠡᠮᠡᠴᠡᠯ ᠳᠤ ᠲᠦᠰᠢᠭᠯᠡᠨ ᠠᠵᠢᠯ ᠦᠢᠯᠡᠰ ᠤᠨ  ᠬᠥᠭᠵᠢᠯᠲᠡ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ᠃ ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ ᠲᠦᠮᠡᠨ ᠳᠤ  ᠪᠤᠶᠠᠨ ᠦᠢᠯᠡᠳᠴᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠮᠥᠵᠢᠭᠦᠯᠦᠨ ᠵᠢᠯᠤᠭᠤᠳᠴᠤ ᠠᠷᠠᠳ ᠲᠦᠮᠡᠨ ᠢᠶᠠᠷ  ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠤᠯᠭᠠᠵᠤ᠂ ᠠᠯᠢᠪᠠ ᠪᠦᠭᠦᠨ ᠳᠤ ᠠᠷᠠᠳ ᠲᠦᠮᠡᠨ ᠤ  ᠲᠥᠯᠥᠭᠡ ᠪᠠᠶᠢᠬᠤ᠂ ᠠᠯᠢᠪᠠ ᠪᠦᠭᠦᠨ ᠳᠤ ᠠᠷᠠᠳ ᠲᠦᠮᠡᠨ ᠳᠤ ᠲᠦᠰᠢᠭᠯᠡᠬᠦ ᠶᠢ ᠪᠠᠷᠢᠮᠲᠠᠯᠠᠵᠤ᠂ ᠤᠬᠠᠮᠰᠠᠷ ᠠᠴᠠ ᠪᠠᠨ  ᠠᠷᠭ᠎ᠠ ᠪᠣᠳᠣᠯᠭ᠎ᠠ ᠶᠢ ᠠᠷᠠᠳ ᠲᠦᠮᠡᠨ ᠠᠴᠠ ᠠᠰᠠᠭᠤᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠲᠦᠮᠡᠨ ᠠᠴᠠ  ᠠᠰᠠᠭᠤᠵᠤ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠨ᠂  ᠰᠡᠳᠬᠢᠯ ᠵᠢᠷᠦᠬᠡ ᠪᠠᠨ ᠬᠤᠯᠪᠣᠵᠤ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ  ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ  ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠠᠵᠢᠯ ᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂  ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ  ᠨᠡᠮᠡᠭᠳᠡᠭᠦᠯᠬᠦ ᠬᠡᠷᠡᠭᠲᠡᠢ᠃ ᠠᠷᠢᠭᠤᠨ ᠴᠢᠬᠡᠴᠢ ᠪᠠᠷ ᠠᠯᠪᠠᠨ ᠤ ᠲᠥᠯᠥᠭᠡ ᠵᠢᠳᠭᠦᠭᠦ ᠰᠢᠨ᠎ᠡ ᠰᠤᠷᠲᠠᠯ ᠢ ᠪᠤᠢ ᠪᠤᠯᠭᠠᠵᠤ᠂  ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢ ᠬᠥᠮᠥᠵᠢᠭᠦᠯᠦᠨ ᠵᠢᠯᠤᠭᠤᠳᠴᠤ ᠰᠠᠬᠢᠯᠭ᠎ᠠ ᠪᠠᠲᠤ ᠶᠢᠨ ᠤᠬᠠᠮᠰᠠᠷ᠂ ᠶᠣᠰᠣ  ᠳᠦᠷᠢᠮ ᠤᠨ ᠤᠬᠠᠮᠰᠠᠷ ᠢ ᠨᠢ ᠴᠢᠩᠭᠠᠳᠬᠠᠵᠤ᠂ ︽ᠳᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂  ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠲᠥᠪ  ᠭᠤᠣᠯᠴᠢ ᠪᠠᠷ ᠡᠷᠬᠡ ᠪᠠᠨ ᠬᠡᠷᠡᠭᠯᠡᠬᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠬᠦ᠂ ᠠᠷᠠᠳ ᠤᠨ ᠲᠥᠯᠥᠭᠡ ᠡᠷᠬᠡ ᠪᠠᠨ  ᠬᠡᠷᠡᠭᠯᠡᠬᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠪᠡᠶᠡᠯᠡᠭᠦᠯᠵᠦ᠂ ᠠᠷᠢᠭᠤᠨ ᠲᠤᠩᠭᠠᠯᠠᠭ ᠨᠥᠬᠦᠳ ᠤᠨ  ᠬᠠᠷᠢᠴᠠᠭ᠎ᠠ᠂ ᠶᠣᠰᠣ ᠳᠦᠷᠢᠮ ᠢ ᠰᠠᠬᠢᠨ ᠪᠠᠷᠢᠮᠲᠠᠯᠠᠭᠰᠠᠨ ᠳᠡᠭᠡᠳᠦ ᠳᠣᠣᠷᠠᠳᠤ ᠱᠠᠲᠤᠨ ᠤ ᠬᠠᠷᠢᠴᠠᠭ᠎ᠠ᠂ ᠳᠣᠲᠣᠨᠣ ᠴᠢᠬᠡᠴᠢ  ᠨᠢᠭᠡᠳᠦᠯᠲᠡᠢ ᠰᠢᠨ᠎ᠡ ᠭᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠦᠷᠢᠯᠳᠦᠭᠦᠯᠬᠦ ᠶᠢ  ᠠᠬᠢᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠠ ᠨᠡᠶᠢᠭᠡᠮ ᠤᠨ ᠬᠡᠪ ᠰᠤᠷᠲᠠᠯ ᠤᠨ ᠳᠠᠭᠠᠭᠤᠯᠤᠭᠴᠢ᠂  ᠪᠠᠶᠢᠭᠤᠯᠤᠭᠴᠢ᠂ ᠬᠠᠮᠠᠭᠠᠯᠠᠭᠴᠢ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠰᠢ ᠶᠢᠨ ᠫᠢᠩ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠱᠠᠲᠤ ᠬᠤᠪᠢᠶᠠᠬᠤ ᠦᠭᠡᠢ᠂ ᠭᠤᠭᠴᠤᠭ᠎ᠠ  ᠬᠤᠪᠢᠶᠠᠬᠤ ᠦᠭᠡᠢ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂  ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠬᠤᠯᠪᠣᠯᠳᠤᠭᠤᠯᠵᠤ᠂ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ  ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠤᠭ ᠪᠦᠲᠦᠭᠡᠯ ᠢ ᠤᠩᠰᠢᠵᠤ ᠤᠭ ᠵᠣᠬᠢᠶᠠᠯ ᠢ ᠰᠤᠷᠤᠯᠴᠠᠵᠤ ᠤᠭ ᠶᠣᠰᠣ ᠶᠢ  ᠣᠶᠢᠯᠠᠭᠠᠬᠤ ᠶᠢ ᠪᠠᠷᠢᠮᠲᠠᠯᠠᠵᠤ᠂ ᠢᠯᠡᠭᠦᠬᠡᠨ ᠰᠡᠳᠬᠢᠵᠦ ᠢᠯᠡᠭᠦᠬᠡᠨ ᠪᠣᠳᠣᠯᠬᠢᠯᠠᠬᠤ᠂ ᠨᠡᠪᠲᠡᠷᠡᠯ᠎ᠡ ᠰᠤᠷᠤᠯᠴᠠᠵᠤ  ᠲᠤᠭᠤᠷᠠᠲᠠᠯ᠎ᠠ ᠣᠶᠢᠯᠠᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ  ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠴᠢᠮᠦᠭᠡ‌‍ᠪᠤᠯᠬᠤ ᠴᠢᠬᠤᠯᠠ ᠠᠭᠤᠯᠭ᠎ᠠ᠂  ᠦᠢᠯᠡᠳᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠰᠤᠷᠤᠯᠴᠠᠨ ᠣᠶᠢᠯᠠᠭᠠᠵᠤ᠂ ᠪᠦᠬᠦᠯᠢ ᠴᠣᠭᠴᠠ ᠪᠠᠷ ᠨᠢ ᠡᠵᠡᠮᠳᠡᠵᠦ᠂  ᠨᠡᠶᠢᠯᠡᠭᠦᠯᠦᠨ ᠰᠢᠩᠭᠡᠭᠡᠵᠦ ᠨᠡᠪᠳᠡᠷᠡᠳᠡᠯ᠎ᠡ ᠣᠶᠢᠯᠠᠭᠠᠬᠤ ᠬᠡᠷᠡᠭᠲᠡᠢ᠃ ᠪᠦᠭᠦ ᠨᠠᠮ ᠳᠤ ᠶᠡᠭᠡ ᠪᠠᠷ ᠪᠠᠶᠢᠴᠠᠭᠠᠨ ᠰᠤᠳᠤᠯᠤᠯᠲᠠ  ᠥᠷᠨᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠠᠵᠢᠯ ᠤᠨ ᠲᠥᠰᠥᠯ ᠶᠣᠰᠣᠭᠠᠷ᠂ ᠥᠷᠭᠡᠨ ᠤᠯᠠᠨ ᠨᠠᠮ ᠤᠨ ᠭᠡᠰᠢᠭᠦᠨ  ᠂ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠵᠤ᠂ ᠪᠦᠭᠦ ᠰᠡᠳᠬᠢᠯ ᠪᠦᠭᠦ ᠵᠣᠷᠢᠭ ᠢᠶᠠᠷ   ᠢᠶᠠᠨ᠂ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠠᠵᠤ ᠠᠬᠤᠶᠢᠯᠠᠯ᠂  ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠵᠡᠷᠭᠡ ᠦᠨᠳᠦᠰᠦᠨ ᠱᠠᠲᠤᠨ ᠤ  ᠨᠢᠭᠡᠴᠢ ᠳᠤ ᠭᠦᠨᠵᠡᠭᠡᠶᠢᠷᠡᠵᠦ᠂ ᠰᠤᠳᠠᠯ ‍ᠢ‌ᠨᠢ ᠪᠠᠷᠢᠨ ᠣᠨᠣᠰᠢᠯᠠᠵᠤ᠂ ᠨᠢᠭᠡ ᠨᠢᠭᠡ ᠪᠠᠷ ᠪᠠᠶᠢᠴᠠᠭᠠᠨ ᠰᠢᠨᠵᠢᠯᠡᠵᠦ᠂  ᠠᠰᠠᠭᠤᠳᠠᠯ ᠢ ᠡᠮᠬᠢᠳᠬᠡᠵᠦ᠂ ᠬᠦᠴᠢᠷ ᠠᠰᠠᠭᠤᠳᠠᠯ ᠢ ᠵᠢᠭᠰᠠᠭᠠᠨ ᠪᠠᠶᠢᠴᠠᠭᠠᠵᠤ᠂ ᠨᠠᠮ ᠤᠨ ᠰᠢᠨ᠎ᠡ ᠶᠢ ᠡᠭᠦᠳᠦᠭᠰᠡᠨ  ᠤᠨᠤᠯ ᠢᠶᠠᠷ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠴᠢᠨᠠᠷ ᠰᠠᠶᠢᠲᠠᠢ  ᠬᠥᠭᠵᠢᠯᠲᠡ ᠭᠡᠬᠦ ᠡᠨᠡ ᠬᠦ‌ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ  ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠤᠨᠤᠯ ᠤᠨ ᠰᠤᠷᠤᠯᠴᠠᠯᠭ᠎ᠠ ᠪᠠᠷ ᠬᠥᠭᠵᠢᠯᠲᠡ ᠶᠢᠨ ᠦᠢᠯᠡᠳᠦᠯᠭᠡ ᠶᠢ  ᠵᠢᠯᠣᠭᠤᠳᠤᠭᠤᠯᠬᠤ ᠶᠢ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠬᠦ ᠪᠡᠷ‌‍ᠬᠥ᠋ᠭᠵᠢᠯᠲᠡ ᠶᠢᠨ ᠬᠦᠴᠢᠷ  ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠶᠢ ᠨᠠᠮ ᠤᠨ ᠬᠤᠷᠢᠳᠤᠭᠠᠷ  ᠶᠡᠭᠡ ᠬᠤᠷᠠᠯ ᠠᠴᠠ ᠪᠠᠶᠢᠷᠢᠯᠠᠭᠤᠯᠤᠭᠰᠠᠨ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠬᠦ ᠳᠤᠮᠳᠠ ᠨᠠᠶᠢᠳᠠᠪᠤᠷᠢᠵᠢᠭᠤᠯᠵᠤ᠂ ᠴᠢᠨᠠᠷ  ᠰᠠᠶᠢᠲᠠᠢ ᠬᠥᠭᠵᠢᠯᠲᠡ ᠶᠢ ᠠᠬᠢᠭᠤᠯᠬᠤ ᠰᠢᠨ᠎ᠡ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ  ᠪᠦᠲᠦᠭᠡᠯ ᠢ ᠰᠢᠯᠭᠠᠬᠤ ᠬᠡᠷᠡᠭᠲᠡᠢ᠃ ᠰᠤᠷᠤᠯᠴᠠᠬᠤ ᠶᠢᠨ ᠳᠠᠭᠠᠤ ᠬᠠᠷᠭᠤᠭᠤᠯᠵᠤ᠂ ᠪᠠᠶᠢᠴᠠᠭᠠᠨ ᠦᠵᠡᠬᠦ ᠶᠢᠨ ᠳᠠᠭᠠᠤ  ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ  ᠬᠥᠮᠦᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠵᠤ᠂ ᠠᠷᠠᠳ ᠤᠯᠠᠨ ᠳᠤ ᠠᠰᠠᠭᠤᠳᠠᠯ ᠢ ᠰᠢᠢᠳᠪᠦᠷᠢᠯᠡᠭᠰᠡᠨ ᠪᠣᠳᠠᠲᠤ  ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠢ᠃ ᠲᠥᠪ ᠤᠨ ᠪᠠ ᠲᠦᠷᠦ ᠶᠢᠨ ᠪᠠᠶᠢᠭᠤᠯᠭ᠎ᠠ ᠭᠤᠣᠯ ᠰᠡᠳᠦᠪᠲᠦ  ᠬᠥᠮᠦᠵᠢᠯ ᠤᠨ ᠳᠤᠮᠳᠠ ᠪᠠᠶᠢᠭᠤᠯᠭ᠎ᠠ ᠪᠣᠯᠣᠨ ᠰᠢᠰᠲ᠋ᠧᠮ ᠤᠨ ᠳᠣᠲᠣᠷᠠᠬᠢ ᠺᠠᠳ᠋ᠷ ᠤᠨ ᠡᠩᠨᠡᠭᠡ ᠶᠢ ᠬᠥᠮᠥᠵᠢᠭᠦᠯᠦᠨ ᠴᠡᠭᠴᠡᠯᠡᠬᠦ  ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃            ᠰᠢ ᠶᠢᠨ ᠫᠢᠩ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠪᠣᠯ ᠪᠦᠭᠦ ᠲᠠᠯ᠎ᠠ ᠳᠤ ᠬᠤᠯᠪᠣᠭᠳᠠᠬᠤ ᠶᠡᠭᠡ  ᠶᠠᠪᠤᠳᠠᠯ ᠪᠣᠯᠣᠨ᠎ᠠ᠂ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ ᠶᠤᠮ᠃ ᠡᠯ᠎ᠡ ᠱᠠᠲᠤᠨ ᠤ ᠨᠠᠮ ᠤᠨ  ᠬᠤᠷᠢᠶ᠎ᠠ ᠶᠢᠨ ᠬᠢᠨ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂  ᠭᠤᠣᠯ ᠰᠡᠳᠦᠪᠲᠦ ᠬᠥᠮᠦᠵᠢᠯ ᠢ ᠰᠠᠶᠢᠲᠤᠷ ᠲᠥᠯᠥᠪᠵᠢᠭᠦᠯᠵᠦ᠂ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ  ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ  ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠪᠡᠶ᠎ᠡ ᠪᠠᠷ ᠢᠶᠠᠨ ᠲᠥᠯᠥᠪᠵᠢᠭᠦᠯᠵᠦ᠂ ᠡᠮᠦᠨ᠎ᠡ ᠨᠢ ᠣᠷᠣᠵᠤ ᠵᠢᠯᠤᠭᠤᠳᠴᠤ᠂ ᠱᠠᠯᠠᠪᠳᠠᠭᠤᠯᠤᠨ ᠵᠢᠯᠤᠭᠤᠳᠬᠤ ᠬᠡᠷᠡᠭᠲᠡᠢ᠃  ᠲᠥᠪ ᠠᠴᠠ ᠵᠢᠯᠤᠭᠤᠳᠬᠤ ᠳᠤᠭᠤᠶᠢᠯᠠᠩ ᠲᠣᠮᠢᠯᠠᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ  ᠱᠠᠯᠠᠪᠳᠠᠭᠤᠯᠤᠨ ᠵᠢᠯᠤᠭᠤᠳᠬᠤ ᠬᠡᠷᠡᠭᠲᠡᠢ᠃ ᠮᠤᠵᠢ ᠣᠷᠣᠨ ᠬᠤᠲᠠ ᠶᠢᠨ ᠨᠠᠮ ᠤᠨ ᠬᠤᠷᠢᠶ᠎ᠠ ᠪᠠ ᠠᠵᠢᠯ ᠲᠥᠷᠥᠯ ᠤᠨ  ᠰᠢᠰᠲ᠋ᠧᠮ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ ︵ᠨᠠᠮ ᠤᠨ  ᠬᠤᠷᠢᠶ᠎ᠠ︶ ᠲᠣᠭᠤᠷᠢᠨ ᠵᠢᠯᠤᠭᠤᠳᠬᠤ ᠳᠤᠭᠤᠶᠢᠯᠠᠩ ᠲᠣᠮᠢᠯᠠᠵᠤ᠂ ᠬᠠᠷᠢᠶ᠎ᠠ ᠭᠠᠵᠠᠷ ᠣᠷᠣᠨ  ᠰᠠᠯᠠᠭ᠎ᠠ ᠮᠥᠴᠢᠷ ᠪᠠ  ᠨᠢᠭᠡᠴᠢ ᠶᠢ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ  ᠡᠯ᠎ᠡ ᠨᠢᠭᠡᠴᠢ ᠶᠢᠨ ᠬᠢᠨ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠭᠤᠣᠯ  ᠰᠡᠳᠦᠪᠲᠦ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠲᠤᠰ ᠭᠠᠵᠠᠷ ᠣᠷᠣᠨ ᠲᠤᠰ  ᠰᠠᠯᠠᠭ᠎ᠠ ᠮᠥᠴᠢᠷ ᠲᠤᠰ ᠨᠢᠭᠡᠴᠢ ᠶᠢᠨ ᠭᠤᠣᠯ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠬᠤᠶᠠᠷ ᠲᠠᠯ᠎ᠠ ᠪᠠᠷ  ᠠᠳᠬᠤᠵᠤ᠂ ᠬᠤᠶᠠᠷ ‍ᠢ‌ᠠᠬᠢᠭᠤᠯᠬᠤ ᠶᠢ ᠪᠡᠶᠡᠯᠡᠭᠦᠯᠵᠦ᠂ ᠨᠠᠮ ᠤᠨ ᠭᠡᠰᠢᠭᠦᠨ᠂ ᠺᠠᠳ᠋ᠷ ᠤᠨ ᠰᠡᠳᠬᠢᠯ ᠠᠴᠠ ᠪᠠᠳᠠᠷᠠᠨ  ᠤᠨᠳᠤᠷᠤᠬᠰᠠᠨ ᠰᠤᠷᠤᠯᠴᠠᠯᠭ᠎ᠠ᠂ ᠠᠵᠢᠯ ᠤᠨ ᠬᠠᠯᠠᠭᠤᠨ ᠰᠡᠳᠬᠢᠯᠭᠡ ᠶᠢ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂  ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ  ᠬᠡᠷᠡᠭᠲᠡᠢ ᠭᠡᠵᠦ ᠵᠢᠭᠠᠵᠤ ᠭᠠᠷᠭᠠᠪᠠ᠃            ᠼᠠᠢ ᠴᠢ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠡ  ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠶᠢᠨ  ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ  ᠬᠤᠯᠪᠣᠭᠳᠠᠯ ᠪᠣᠯᠣᠨ ᠬᠠᠷᠠᠯᠲᠠ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠭᠤᠣᠯ ᠰᠡᠳᠦᠪᠲᠦ  ᠬᠥᠮᠦᠵᠢᠯ ᠤᠨ ᠡᠯ᠎ᠡ ᠵᠦᠢᠯ ᠤᠨ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠪᠦᠭᠦ ᠨᠠᠮ ᠤᠨ ᠭᠤᠣᠯ  ᠰᠡᠳᠦᠪᠲᠦ ᠬᠥᠮᠦᠵᠢᠯ ᠢ ᠥᠷᠨᠢᠭᠦᠯᠬᠦ ᠳᠤ ᠦᠨᠳᠦᠰᠦᠨ ᠵᠢᠷᠤᠮᠯᠠᠯ ᠬᠠᠩᠭᠠᠵᠤ᠂ ᠮᠠᠷᠺᠰ ᠤᠨ ᠦᠵᠡᠯ ᠤᠨ ᠬᠥᠲᠥᠯᠪᠦᠷᠢ ᠶᠢᠨ  ᠴᠢᠨᠠᠷᠲᠠᠢ ᠲᠤᠯᠭᠤᠷ ᠪᠢᠴᠢᠭ ᠪᠣᠯᠵᠠᠢ᠃ ᠪᠦᠭᠦ ᠨᠠᠮ ᠤᠨ ᠨᠥᠬᠦᠳ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ᠃ ᠤᠨᠤᠯ ᠢᠶᠠᠷ  ᠵᠡᠪᠰᠡᠭᠯᠡᠬᠦ ᠶᠢ ᠪᠦᠭᠦ ᠲᠠᠯ᠎ᠠ ᠪᠠᠷ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ  ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ  ᠴᠥᠬᠦᠷᠡᠰᠢ ᠦᠭᠡᠢ ᠪᠠᠷᠢᠮᠲᠠᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ︽ ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠭᠤᠯᠵᠤ᠂ ︽ᠲᠦᠷᠪᠡᠨ  ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ  ᠪᠡᠶᠡᠯᠡᠭᠦᠯᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ ᠨᠠᠮ ᠤᠨ ᠰᠢᠨ᠎ᠡ ᠶᠢ  ᠡᠭᠦᠳᠦᠭᠰᠡᠨ ᠤᠨᠤᠯ ᠢᠶᠠᠷ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂ᠰᠢᠨ᠎ᠡ ᠲᠤᠷᠰᠢᠯᠭ᠎ᠠ ᠶᠢ  ᠳ᠋ᠦᠩᠨᠡᠭᠦ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠪᠦᠭᠦ  ᠶᠠᠪᠤᠴᠠ ᠳᠤ ᠲᠤᠭᠤᠰᠢᠯᠠᠭᠤᠯᠵᠤ᠂ ᠠᠰᠠᠭᠤᠳᠠᠯ ᠳᠤ ᠴᠢᠭᠯᠡᠭᠦᠯᠦᠨ ᠰᠤᠳᠤᠯᠵᠤ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ  ᠂ ᠠᠰᠠᠭᠤᠳᠠᠯ ᠳᠤ ᠴᠢᠭᠯᠡᠭᠦᠯᠦᠨ ᠰᠠᠶᠢᠵᠢᠷᠠᠭᠤᠯᠬᠤ ᠬᠡᠷᠡᠭᠲᠡᠢ᠃ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠴᠢᠨᠠᠷ  ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ  ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠡᠭᠦᠳᠡ ᠪᠠᠨ ᠨᠡᠭᠡᠭᠡᠵᠦ ᠬᠥᠮᠦᠵᠢᠯ ᠬᠢᠬᠦ ᠶᠢ ᠪᠠᠷᠢᠮᠲᠠᠯᠠᠵᠤ᠂  ᠤᠯᠠᠨ ᠲᠦᠮᠡᠨ ᠤ ᠪᠠᠴᠢᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ  ᠲᠦᠮᠡᠨ ᠳᠤ ᠪᠣᠳᠠᠲᠠᠢ ᠠᠰᠢᠭ ᠬᠦᠷᠲᠡᠭᠡᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠤᠳᠤᠷᠢᠳᠬᠤ ᠬᠠᠷᠢᠭᠤᠴᠠᠯᠭ᠎ᠠ ᠶᠢ  ᠴᠢᠩᠭ᠎ᠠ ᠪᠣᠳᠠᠲᠠᠶᠢᠵᠢᠭᠤᠯᠵᠤ᠂ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ  ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠦ ᠢᠯᠡᠳᠬᠡᠪᠡ ᠃            ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ  ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ   ᠶᠢᠨ ᠨᠠᠮ ᠤᠨ ᠭᠡᠰᠢᠭᠦᠨ ᠳᠡᠳ᠋ ᠬᠤᠷᠢᠶ᠎ᠠ ᠶᠢᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ  ᠰᠢᠭᠦᠭᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ  ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ  ᠶᠠᠪᠤᠳᠠᠯ ᠤᠨ ᠬᠤᠷᠢᠶ᠎ᠠ ᠶᠢᠨ ᠭᠡᠰᠢᠭᠦᠨ ᠬᠤᠷᠠᠯ ᠳᠤ ᠣᠷᠣᠯᠴᠠᠪᠠ᠃            ᠬᠤᠷᠠᠯ ᠨᠢ ᠲᠧᠯᠸᠢᠰ ᠤᠲᠠᠰᠤ ᠬᠤᠷᠠᠯ ᠤᠨ ᠭᠡᠯᠪᠡᠷᠢ ᠪᠠᠷ ᠬᠤᠷᠠᠯᠳᠤᠵᠤ᠂ ᠲᠥᠪ ᠤᠨ ᠰᠢ ᠶᠢᠨ ᠫᠢᠩ ᠤᠨ ᠰᠢᠨ᠎ᠡ  ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠡᠯ᠎ᠡ ᠮᠤᠵᠢ  ᠣᠷᠣᠨ ᠬᠤᠲᠠ ᠪᠣᠯᠣᠨ ᠳᠡᠳ᠋ ᠮᠤᠵᠢ ᠶᠢᠨ ᠲᠠᠰ ᠤᠨ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ  ᠪᠠᠶᠢᠭᠤᠯᠤᠯᠲᠠ ᠶᠢᠨ ᠪᠢᠩᠲ᠋ᠤᠸᠠᠨ ᠤ ᠤᠳᠤᠷᠢᠳᠬᠤ ᠪᠠᠭ ᠤᠨ ᠪᠦᠷᠢᠯᠳᠦᠭᠦᠨ᠂ ᠲᠥᠪ ᠤᠨ ᠪᠠ ᠲᠥᠷᠥ ᠶᠢᠨ  ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ᠂ ᠲᠥᠪ ᠤᠨ ᠬᠠᠮᠢᠶᠠᠷᠴᠤ ᠪᠠᠶᠢᠭ᠎ᠠ ᠮᠥᠩᠭᠦᠨ  ᠭᠦᠢᠯᠭᠡᠭᠡᠨ ᠤ ᠪᠠᠶᠢᠭᠤᠯᠤᠮᠵᠢ᠂ ᠬᠡᠰᠡᠭ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠴᠡᠷᠢᠭ ᠠᠩᠭᠢ ᠶᠢᠨ  ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠭᠤᠣᠯ ᠰᠡᠳᠦᠪᠲᠦ ᠬᠥᠮᠦᠵᠢᠯ ᠤᠨ ᠲᠥᠪ ᠤᠨ  ᠵᠢᠯᠤᠭᠤᠳᠬᠤ ᠳᠤᠭᠤᠶᠢᠯᠠᠩ ᠤᠨ ᠡᠯ᠎ᠡ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠨᠠᠷ ᠬᠤᠷᠠᠯ ᠳᠤ  ᠣᠷᠣᠯᠴᠠᠪᠠ᠃            ︵ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 3 ᠤ ᠴᠠᠭᠢᠯᠭᠠᠨ ᠮᠡᠳᠡᠭᠡ︶  
 
ᠢᠷᠡᠯᠲᠡ᠄ ᠥᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号