ᠠᠤᠬᠠᠨ ᠬᠤᠰᠢᠭᠤᠨ ᠤ ᠶᠢᠩ ᠸᠧ ᠭᠧᠦ ᠶᠢᠨ ᠭᠤᠣᠯᠲᠤ ᠪᠣᠷᠤ ᠶᠢᠨ ᠴᠡᠴᠡᠭ ᠳᠡᠯᠭᠡᠷᠡᠵᠦ ᠵᠤᠭᠠᠴᠠᠭᠰᠠᠳ ᠢ  ᠰᠣᠭᠲᠤᠷᠠᠭᠤᠯᠤᠮᠤᠢ
ᠨᠡᠶᠢᠲᠡᠯᠡᠭᠰᠡᠨ ᠴᠠᠭ᠄
2023/5/18
 
   ᠣᠷᠴᠢᠮ ᠤᠨ ᠡᠳᠦᠷ᠂ ᠥᠪᠥᠷ ᠮᠣᠩᠭᠤᠯ ᠤᠨ ᠠᠤᠬᠠᠨ ᠬᠤᠰᠢᠭᠤᠨ ᠤ ᠰᠧ  ᠵᠢᠶᠠ ᠽᠢ ᠪᠠᠯᠭᠠᠰᠤᠨ ᠤ ᠨᠠᠨ ᠳ᠋ᠠ ᠴᠧᠩ ᠽᠢ ᠲᠣᠰᠬᠤᠨ ᠤ ᠶᠢᠩ ᠸᠧ ᠭᠸᠤ ᠶᠢᠨ ᠵᠤᠭᠠᠴᠠᠭᠰᠠᠳ ᠪᠠᠶᠠᠷ ᠬᠥᠷ ᠲᠠᠢ ᠪᠠᠷ ᠪᠠᠳᠠᠷᠠᠨ ᠲᠡᠯᠭᠡᠷᠡᠬᠦ ᠴᠡᠴᠡᠭ ᠢ  ᠰᠣᠨᠢᠷᠬᠠᠨ᠎ᠠ᠃
   ᠠᠤᠬᠠᠨ ᠬᠤᠰᠢᠭᠤ ᠪᠣᠯ ︽ᠪᠥᠬᠦ ᠪᠥᠮᠪᠥᠷᠴᠡᠭ ᠤᠨ ᠣᠷᠴᠢᠨ ᠲᠣᠭᠤᠷᠢᠨ ᠤ 500 ᠰᠢᠯᠢᠳᠡᠭ︾᠂ ︽ᠪᠥᠬᠦ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ︾᠂ ︽ᠪᠥᠬᠦ ᠤᠯᠤᠰ ᠤᠨ ᠣᠶᠢᠵᠢᠭᠤᠯᠵᠤ ᠨᠣᠭᠤᠭᠠᠷᠠᠭᠤᠯᠤᠭᠰᠠᠨ ᠲᠡᠷᠢᠭᠦᠨ ᠤ ᠨᠢᠭᠡᠴᠡ︾᠂ ︽ᠪᠥᠬᠦ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠠᠵᠢᠯ ᠤᠨ ᠲᠡᠷᠢᠭᠦᠨ ᠤ ᠬᠠᠮᠲᠤ︾᠂ ︽ᠳᠤᠮᠳᠠᠳᠤ ᠤᠯᠤᠰ ᠤᠨ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠪᠣᠯᠤᠨ᠎ᠠ᠃ ᠣᠢ ᠰᠢᠬᠤᠶ ᠶᠢᠨ ᠪᠦᠷᠬᠦᠴᠡ 44.17%᠃
   ᠬᠡᠳᠦᠨ ᠵᠢᠯ ᠤᠨ ᠲᠤᠷᠰᠢ᠂ ᠵᠣᠬᠢᠶᠠᠮᠠᠯ ᠠᠮᠢ ᠠᠬᠤᠢ ᠶᠢᠨ ᠭᠦᠢᠯᠡᠰᠦᠨ ᠴᠡᠴᠡᠭ ᠤᠨ ᠬᠥᠲᠥᠯ᠂ ᠲᠤᠭᠤᠷ ᠴᠡᠴᠡᠭ ᠤᠨ ᠤᠢ ᠮᠣᠳᠣ᠂ ᠰᠡᠩᠳᠡᠩ ᠴᠡᠴᠡᠭ ᠤᠨ ᠬᠦᠷᠢᠶᠡᠯᠡᠩ  ᠂ ᠤᠤᠭᠠᠯ ᠠᠮᠢ ᠠᠬᠤᠢ ᠶᠢᠨ ᠴᠢᠩ ᠴᠢᠤᠸᠠᠨ ᠭᠦ᠋ ᠶᠢᠨ ᠬᠤᠷᠴᠠ ᠤᠯᠠᠭᠠᠨ ᠴᠡᠴᠡᠭ᠂ ᠶᠢᠩ ᠸᠧ ᠭᠧᠦ ᠶᠢᠨ ᠭᠤᠣᠯᠲᠤ ᠪᠣᠷᠣ ᠶᠢᠨ ᠴᠡᠴᠡᠭ ᠵᠡᠷᠭᠡ ᠠᠮᠢ ᠠᠬᠤᠢ ᠶᠢᠨ ᠦᠵᠡᠮᠵᠢ ᠨᠢ ᠠᠤᠬᠠᠨ ᠬᠤᠰᠢᠭᠤᠨ ᠤ ᠬᠥᠷᠥᠰᠥ ᠰᠢᠷᠣᠢ ᠶᠢ ᠬᠠᠮᠠᠭᠠᠯᠠᠬᠤ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠭᠦᠢᠴᠡᠳ ᠳᠡᠯᠭᠡᠨ ᠦᠵᠡᠭᠦᠯᠵᠦ᠂ ᠮᠠᠰᠢ ᠤᠯᠠᠨ ᠵᠤᠭᠠᠴᠠᠭᠰᠠᠳ ᠪᠣᠯᠤᠨ ᠭᠡᠷᠡᠯ ᠵᠢᠷᠤᠭ ᠤᠨ ᠪᠠᠭ᠋ᠠᠷᠬᠠᠭᠴᠢᠳ ᠤᠨ ᠠᠩᠬᠠᠷᠤᠯ ᠢ ᠲᠠᠲᠠᠭᠰᠠᠨ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号