ᠰᠧ ᠵᠢᠶᠠ ᠽᠢ ᠪᠠᠯᠭᠠᠰᠤ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠰᠢᠨ᠎ᠡ ᠪᠠᠶᠢᠳᠠᠯ ᠢ ᠪᠤᠢ ᠪᠣᠯᠭᠠᠪᠠ
ᠨᠡᠶᠢᠲᠡᠯᠡᠭᠰᠡᠨ ᠴᠠᠭ᠄
2023/5/19
     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠴᠢᠨ  ᠨᠦᠭᠦᠴᠡᠯ ᠪᠣᠯ ᠰᠠᠭᠤᠷᠢ  ᠪᠣᠯᠬᠤ ᠶᠤᠮ᠃ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠴᠡᠪᠡᠷ ᠲᠡᠭᠰᠢ᠂ ᠭᠤᠶᠣ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ  ᠨᠦᠭᠦᠴᠡᠯ ᠢ ᠦᠷᠭᠦᠯᠵᠢᠯᠡᠨ ᠪᠤᠶ ᠪᠣᠯᠭᠠᠵᠤ᠂ ᠤᠢᠢᠷ᠎ᠠ ᠶᠢᠨ ᠡᠳᠦᠷ ᠤᠳ ᠲᠤ᠂ ᠰᠧ ᠵᠢᠶᠠ ᠽᠢ ᠪᠠᠯᠭᠠᠰᠤ ᠶᠢᠨ ᠬᠢᠨ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠠᠵᠢᠯ ᠤᠨ ︽ᠴᠤᠭᠯᠠᠷᠠᠯ ᠤᠨ  ᠪᠦᠷᠢᠶ᠎ᠡ︾ ᠶᠢ ᠬᠠᠩᠭᠢᠨᠠᠭᠤᠯᠵᠤ᠂ ᠬᠦᠴᠦᠨ ᠢᠶᠠᠨ ᠲᠥᠪᠯᠡᠷᠡᠭᠦᠯᠵᠦ᠂ ᠤᠯᠠᠨ ᠲᠠᠯ᠎ᠠ ᠶᠢᠨ ᠠᠷᠭ᠎ᠠ ᠶᠢ ᠵᠡᠷᠭᠡᠪᠡᠷ ᠬᠡᠷᠡᠭᠯᠡᠵᠦ᠂ ᠣᠷᠴᠢᠨ ᠨᠦᠭᠦᠴᠡᠯ ᠢ ᠴᠡᠭᠴᠡᠯᠡᠨ ᠵᠠᠰᠠᠬᠤ ᠪᠠᠷ ᠭᠠᠷᠳᠠᠴᠠ ᠪᠣᠯᠭᠠᠵᠤ᠂ ᠠᠶᠢᠯ ᠲᠣᠰᠬᠤᠨ ᠢ ᠭᠤᠶᠤᠵᠢᠭᠤᠯᠬᠤ᠂ ᠨᠣᠭᠤᠭᠠᠷᠠᠭᠤᠯᠵᠤ ᠳᠡᠭᠡᠭᠰᠢᠯᠡᠭᠦᠯᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠣᠷᠴᠢᠨ ᠲᠣᠭᠤᠷᠢᠨ ᠤ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠠᠷᠢᠭᠤᠨ ᠴᠡᠪᠡᠷ᠂ ᠳᠡᠷᠢ ᠲᠡᠭᠰᠢ᠂ ᠡᠮᠬᠢ ᠳᠢᠭᠯᠢᠮ ᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠠᠢ᠃    ᠨᠢᠭᠡᠳᠦᠯᠲᠡᠶ ᠲᠥᠯᠥᠪᠯᠡᠨ ᠪᠠᠶᠢᠷᠢᠯᠠᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ  ᠴᠢᠩᠭᠠᠷᠠᠭᠤᠯᠪᠠ᠃ ᠰᠧ ᠵᠢᠶᠠ ᠽᠢ ᠪᠠᠯᠭᠠᠰᠤ ᠶᠢᠨ ᠬᠢᠨ ᠺᠠᠳ᠋ᠷ ᠤᠯᠠᠨ ᠲᠦᠮᠡᠨ ᠤ ᠬᠦᠴᠦᠨ ᠢ ᠪᠦᠬᠦ ᠲᠠᠯ᠎ᠠ ᠪᠠᠷ ᠪᠠᠶᠢᠷᠢᠯᠠᠭᠤᠯᠤᠨ ᠲᠠᠶᠢᠴᠢᠯᠠᠵᠥ᠂ ᠡᠯ᠎ᠡ ᠲᠣᠰᠬᠤᠨ ᠤ ᠵᠠᠮ ᠤᠨ ᠬᠤᠶᠠᠷ ᠲᠠᠯ᠎ᠠ᠂ ᠵᠡᠭᠡᠯᠢ ᠭᠤᠳᠤᠮᠵᠢ ᠵᠡᠷᠭᠡ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ ︽ᠪᠣᠭᠤᠮᠲᠠ ᠰᠢᠪᠲᠤᠯᠬᠤ ᠠᠰᠠᠭᠤᠳᠠᠯ ᠢ ᠰᠤᠳᠤᠯᠤᠨ ᠮᠠᠭᠠᠳᠯᠠᠬᠤ ᠬᠤᠷᠠᠯ︾ ᠬᠤᠷᠠᠯᠳᠤᠭᠤᠯᠵᠤ᠂ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠤᠮᠳᠠᠬᠢ ᠠᠰᠠᠭᠤᠳᠠᠯ ᠢ ᠨᠢᠭᠡᠳ ᠨᠢᠭᠡ ᠪᠠᠷ ᠰᠤᠳᠤᠯᠤᠨ ᠮᠠᠭᠠᠳᠯᠠᠵᠤ᠂ ᠲᠣᠭᠲᠠᠭᠰᠠᠨ ᠴᠡᠭ ᠲᠤ ᠪᠣᠭᠤᠮᠲᠠ ᠰᠢᠪᠲᠤᠯᠬᠤ᠂ ᠬᠠᠷᠠᠯᠲᠠ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠡᠶᠡᠯᠡᠭᠦᠯᠵᠡᠢ᠃ ᠡᠭᠦᠨ ᠤ ᠵᠡᠷᠭᠡ ᠳᠤ᠂ ᠴᠡᠭᠴᠡᠯᠡᠨ ᠥᠭᠡᠷᠡᠴᠢᠯᠡᠬᠦ ᠡᠬᠡ ᠲᠠᠩᠰᠠ ᠪᠠᠶᠢᠭᠤᠯᠵᠤ᠂ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢᠨ ᠳᠠᠷᠤᠯᠲᠠ ᠶᠢ ᠱᠠᠲᠤ ᠱᠠᠲᠤ ᠪᠠᠷ ᠳᠠᠮᠵᠢᠭᠤᠯᠵᠤ᠂ ᠠᠵᠢᠯ ᠤᠨ ᠠᠭᠤᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ︽ᠲᠠᠩᠰᠠ ᠡᠪᠬᠡᠮᠡᠯ ᠢ ᠳᠡᠭᠡᠭᠰᠢᠯᠡᠭᠦᠯᠬᠦ ᠶᠢ ᠲᠦᠷᠭᠡᠳᠬᠡᠬᠦ︾ ᠶᠢ ᠦᠨᠡᠨ ᠬᠦ ᠳᠥᠯᠭᠢᠨ  ᠠᠬᠢᠭᠤᠯᠪᠠ᠃    ᠤᠬᠠᠭᠤᠯᠭ᠎ᠠ ᠪᠠᠨ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠸᠢᠴᠠᠲ ᠤᠨ ᠪᠦᠯᠦᠭ᠂ ᠸᠢᠴᠠᠲ ᠤᠨ ᠨᠡᠶᠢᠲᠡ ᠶᠢᠨ ᠳ᠋ᠤᠭᠠᠷ᠂ ︽ᠲᠣᠮᠣ ᠪᠦᠷᠢᠶ᠎ᠡ︾᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠴᠡᠭ ᠲᠣᠭᠲᠠᠭᠠᠨ ᠤᠬᠠᠭᠤᠯᠤᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠤᠯᠠᠨ ᠲᠦᠮᠡᠨ ᠤ ᠦᠵᠡᠯ ᠰᠠᠨᠠᠭ᠎ᠠ ᠶᠢ ᠬᠤᠪᠢᠷᠠᠭᠤᠯᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠥᠩᠭᠡᠷᠡᠭᠰᠡᠨ ᠤ ︽ᠬᠡᠯᠪᠡᠷᠢ ᠮᠠᠶ᠋ᠢᠭ ᠢ ᠬᠥᠭᠡᠭᠡᠴᠡᠯᠳᠦᠵᠦ︾᠂ ︽ᠬᠠᠰᠢ ᠶᠠᠰᠢ ᠪᠠᠷ ᠥᠩᠭᠡᠷᠡᠭᠦᠯᠵᠦ︾᠂ ︽ᠲᠣᠭᠤᠷᠢᠨ ᠦᠵᠡᠬᠦ  ︾ ᠪᠠᠶᠢᠭᠰᠠᠨ ᠠᠴᠠ ᠨᠢ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠢᠳᠡᠪᠬᠢᠲᠡᠶ ᠣᠷᠣᠯᠴᠠᠵᠤ᠂ ︽ᠬᠠᠵᠠᠭᠤ ᠠᠴᠠ ᠬᠠᠷᠠᠭᠴᠢ︾ ᠪᠠᠶᠢᠭᠰᠠᠨ ᠠᠴᠠ ᠨᠢ ︽ᠣᠷᠣᠯᠴᠠᠭᠴᠢ︾ ᠪᠣᠯᠭᠠᠵᠤ᠂ ᠬᠦᠷᠢᠶ᠎ᠡ ᠬᠠᠰᠢᠶ᠎ᠠ ᠶᠢᠨ ᠳᠣᠲᠣᠨ᠎ᠠ ᠭᠠᠳᠠᠨᠠᠬᠢ᠂ ᠠᠷᠤ ᠥᠪᠥᠷ ᠢ ᠤᠬᠠᠮᠰᠠᠷ ᠠᠴᠠ ᠪᠠᠨ ᠴᠡᠪᠡᠷᠯᠡᠨ ᠠᠷᠢᠯᠭᠠᠵᠤ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠡᠭᠦᠳᠦᠨ ᠪᠠᠶᠢᠭᠤᠯᠬᠤ ᠳᠤ ᠢᠳᠡᠪᠬᠢᠲᠡᠶ ᠣᠷᠣᠯᠴᠠᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠦᠨᠡᠨ ᠬᠦ ᠲᠠᠶᠢᠴᠢᠯᠠᠨ᠂ ᠡᠷᠡᠭᠦᠯ ᠪᠣᠯᠪᠠᠰᠤᠨ᠂ ᠢᠳᠡᠪᠬᠢᠲᠡᠶ ᠪᠠᠷ ᠥᠭᠡᠳᠡᠯᠡᠨ ᠲᠠᠪᠰᠢᠬᠤ ᠰᠠᠶᠢᠨ ᠰᠠᠶᠢᠬᠠᠨ ᠬᠡᠪ ᠰᠤᠷᠲᠠᠯ ᠢ ᠪᠤᠢ  ᠪᠣᠯᠭᠠᠪᠠ᠃    ᠪᠦᠬᠦ ᠠᠷᠠᠳ ᠢᠶᠠᠷ ᠢᠶᠠᠨ ᠣᠷᠣᠯᠴᠠᠵᠤ᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ  ᠨᠢᠭᠲᠠᠷᠠᠭᠤᠯᠪᠠ᠃ ᠡᠯ᠎ᠡ ᠲᠣᠰᠬᠤᠨ ᠤ ᠬᠢᠨ ᠨᠠᠮ ᠤᠨ ᠭᠡᠰᠢᠭᠦᠨ ᠣᠯᠠᠨ ᠲᠦᠮᠡᠨ᠂ ᠰᠦᠯᠵᠢᠶᠡᠨ ᠤ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ︽ᠠᠵᠢᠯ ᠢ ᠠᠳᠬᠤᠬᠤ ᠬᠥᠮᠦᠨ ᠲᠠᠢ᠂ ᠠᠰᠠᠭᠤᠳᠠᠯ ᠢ ᠬᠠᠮᠢᠶᠠᠷᠬᠤ ᠬᠥᠮᠦᠨ ᠲᠠᠢ᠂ ᠬᠦᠴᠢᠷ ᠠᠰᠠᠭᠤᠳᠠᠯ ᠢ ᠲᠤᠰᠬᠠᠶ ᠠᠩᠭᠢ ᠲᠠᠢ ᠪᠠᠶᠢᠯᠭᠠᠬᠤ︾ ᠰᠡᠳᠬᠢᠴᠡ ᠪᠠᠷ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠶᠢᠨ ᠭᠠᠷᠤᠯ ᠢᠶᠠᠨ ᠳᠡᠯᠭᠡᠨ᠂ ᠠᠮᠠᠯᠠᠯᠲᠠ ᠪᠠᠨ ᠦᠢᠯᠡᠳᠦᠯᠭᠡᠵᠢᠭᠦᠯᠵᠦ᠂ ᠬᠤᠰᠢᠭᠤᠴᠢ ᠪᠣᠯᠬᠤ ᠪᠠᠷ ᠤᠳᠤᠷᠢᠳᠬᠤ ᠪᠠᠭ ᠤᠨ ᠪᠦᠷᠢᠯᠳᠦᠬᠦᠨ᠂ ᠪᠠᠯᠭᠠᠰᠤ ᠲᠣᠰᠬᠤᠨ ᠤ ᠺᠠᠳ᠋ᠷ ᠰᠠᠶᠢᠨ ᠳᠤᠷ᠎ᠠ ᠶᠢᠨ ᠠᠵᠢᠯᠯᠠᠭᠴᠢ᠂ ᠤᠯᠠᠨ ᠲᠦᠮᠡᠨ ᠢ ᠳᠠᠭᠠᠭᠤᠯᠤᠨ ᠬᠡᠪᠢᠰ ᠤᠨ ᠮᠠᠶ᠋ᠢᠭ ᠢᠶᠠᠷ ᠠᠬᠢᠭᠤᠯᠵᠤ᠂ ᠲᠦᠷᠦᠭᠦᠯᠡᠨ ᠴᠡᠭᠴᠡᠯᠡᠨ ᠰᠠᠶᠢᠵᠢᠷᠠᠭᠤᠯᠬᠤ᠂ ᠲᠠᠶᠢᠴᠢᠯᠠᠨ ᠰᠠᠶᠢᠵᠢᠷᠠᠭᠤᠯᠬᠤ ᠬᠡᠪ ᠳᠠᠭᠤᠷᠢᠶᠠᠯ ᠢ ᠪᠤᠢ ᠪᠣᠯᠭᠠᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠬᠤᠭᠤᠴᠠᠭ᠎ᠠ ᠶᠢ ᠲᠥᠪᠯᠡᠷᠡᠭᠦᠯᠵᠦ᠂ ᠬᠦᠴᠦᠨ ᠢ ᠲᠥᠪᠯᠡᠷᠡᠭᠦᠯᠵᠦ᠂ ᠮᠧᠬᠠᠨᠢᠭ ᠢ ᠲᠥᠪᠯᠡᠷᠡᠭᠦᠯᠦᠨ ᠬᠠᠷᠢᠶ᠎ᠠ ᠣᠷᠣᠨ ᠤ ᠳᠣᠲᠣᠷᠠᠬᠢ ᠭᠤᠣᠯ ᠳᠡᠳ᠋ ᠵᠠᠮ ᠤᠨ ᠬᠤᠶᠠᠷ ᠲᠠᠯ᠎ᠠ᠂ ᠠᠶᠢᠯ ᠲᠣᠰᠬᠤᠨ ᠤ ᠡᠷᠬᠢᠨ ᠲᠣᠭᠤᠷᠢᠨ᠂ ᠭᠡᠷ ᠤᠨ ᠡᠮᠦᠨ᠎ᠡ ᠬᠤᠶᠢᠨ᠎ᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠳᠣᠲᠣᠷᠠᠬᠢ ᠠᠮᠢᠳᠤᠷᠠᠯ ᠤᠨ ᠡᠯᠳᠡᠪ ᠪᠣᠳᠠᠰ᠂ ᠡᠳᠦᠷ ᠲᠤᠳᠤᠮ ᠤᠨ ᠬᠤᠭ ᠨᠣᠪᠰᠢ ᠵᠡᠷᠭᠡ ᠶᠢ ᠪᠦᠬᠦ ᠲᠠᠯ᠎ᠠ ᠪᠠᠷ᠂ ᠥᠨᠴᠥᠭ ᠪᠤᠯᠤᠩ ᠦᠭᠡᠢ  ᠴᠡᠪᠡᠷᠯᠡᠪᠡ᠃ ᠬᠥᠮᠦᠨ ᠪᠦᠬᠦᠨ ᠴᠡᠭᠴᠡᠯᠡᠨ ᠵᠠᠰᠠᠬᠤ ᠳᠤ ᠣᠷᠣᠯᠴᠠᠵᠤ᠂ ᠨᠢᠭᠡ ᠨᠢᠭᠡ ᠪᠠᠷ ᠢᠶᠠᠨ ᠴᠡᠭᠴᠡᠯᠡᠨ ᠵᠠᠰᠠᠬᠤ ᠳᠤ ᠬᠦᠴᠦᠨ ᠴᠢᠳᠠᠯ ᠢᠶᠠᠨ ᠡᠷᠭᠦᠬᠦ ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠪᠡ᠃    ᠳᠠᠷᠠᠭᠠᠴᠢ ᠶᠢᠨ ᠠᠯᠬᠤᠮ ᠳᠤ᠂ ᠰᠧ ᠵᠢᠶᠠ ᠽᠢ ᠪᠠᠯᠭᠠᠰᠤ ︽ᠪᠦᠬᠦ ᠣᠷᠣᠨ ᠪᠦᠰᠡ ᠶᠢᠨ ᠦᠵᠡᠮᠵᠢ ᠶᠢᠨ ᠣᠷᠣᠨᠴᠢᠯᠠᠬᠤ᠂ ᠪᠦᠬᠦ ᠲᠣᠰᠬᠤᠨ ᠢ ᠦᠵᠡᠮᠵᠢ ᠶᠢᠨ ᠣᠷᠣᠨᠴᠢᠯᠠᠬᠤ︾ ᠪᠠᠷ ᠵᠠᠷᠴᠢᠮ ᠪᠣᠯᠭᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠥᠷᠨᠢᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠰᠲᠧᠮᠲᠦ ᠵᠠᠰᠠᠯᠲᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠵᠦ᠂ ᠣᠷᠴᠢᠨ ᠲᠣᠭᠤᠷᠢᠨ ᠤ ᠠᠵᠢᠯ ᠤᠨ ᠣᠷᠣᠭᠤᠯᠤᠯᠲᠠ ᠲᠠᠢ᠂ ᠪᠠᠷᠢᠮᠵᠢᠶ᠎ᠠ ᠲᠠᠢ ᠪᠠᠶᠢᠬᠤ ᠶᠢ ᠪᠠᠲᠤᠯᠠᠵᠤ᠂ ᠪᠦᠬᠦ ᠪᠠᠯᠭᠠᠰᠤ ᠪᠠᠷ ᠢᠶᠠᠨ ᠣᠷᠴᠢᠨ ᠲᠣᠭᠤᠷᠢᠨ ᠢ ᠠᠳᠬᠤᠬᠤ ᠥᠷᠨᠢᠯᠲᠡ ᠶᠢ ᠪᠤᠢ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ︽ᠪᠠᠶᠢᠩᠭᠤ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ︾ ᠲᠣᠭᠲᠠᠴᠠ ᠶᠢ ᠬᠦᠴᠦᠯᠡᠨ ᠪᠠᠶᠢᠭᠤᠯᠵᠤ᠂ ᠰᠧ ᠵᠢᠶᠠ ᠽᠢ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠤᠨ ᠪᠦᠬᠦᠯᠢ ᠴᠣᠭᠴᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠦᠵᠡᠰᠬᠦᠯᠡᠩᠲᠦ ᠰᠠᠶᠢᠬᠠᠨ ᠰᠠᠭᠤᠷᠢ ᠦᠩᠭᠡ︾ ᠶᠢ  ᠵᠢᠷᠤᠭᠯᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号