| 5 ᠰᠠᠷ᠎ᠠ ᠶᠢᠨ 19 ᠤ ᠡᠳᠦᠷ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠬᠤᠶᠠᠳᠤᠭᠠᠷ ᠤᠳᠠᠭᠠᠨ ᠤ ᠬᠤᠷᠠᠯ ᠬᠢᠪᠠ | ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ | ᠶᠧ ᠰᠢᠤ ᠯᠢ᠂ ᠳᠡᠳ᠋ ᠡᠷᠬᠢᠯᠡᠭᠴᠢ ᠯᠢ ᠮᠢᠩ ᠢᠦᠶ᠂ ᠷᠧᠨ ᠸᠧᠶ᠂ ᠹᠧᠩ ᠶᠦᠨ ᠾᠦᠢ᠂ ᠵᠣᠣ ᠴᠠᠩ ᠱᠠᠨ ᠵᠢᠴᠢ | ᠭᠡᠰᠢᠭᠦᠨ ᠨᠡᠶᠢᠲᠡ 28 ᠬᠥᠮᠦᠰ ᠬᠤᠷᠠᠯ ᠳᠤ ᠣᠷᠣᠯᠴᠠᠵᠠᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠯᠢ ᠮᠢᠩ ᠢᠦᠢ ᠬᠤᠷᠠᠯ ᠢ ᠡᠷᠬᠢᠯᠡᠪᠡ᠃ | ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠶᠤᠯᠭᠦᠶ ᠦᠢᠯᠡᠳᠪᠦᠷᠢᠯᠡᠯ ᠤᠨ ᠬᠠᠤᠯᠢ︾ ᠶᠢ ᠳᠣᠭᠤᠰᠢᠯᠠᠭᠤᠯᠤᠨ ᠬᠡᠷᠡᠭᠵᠢᠭᠦᠯᠦᠭᠰᠡᠨ | ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ ᠬᠤᠰᠢᠭᠤᠨ ᠤ ᠠᠷᠠᠳ ᠤᠨ ᠰᠢᠭᠦᠬᠦ | ᠬᠤᠷᠢᠶᠠᠨ ᠤ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠰᠢᠭᠦᠨ ᠲᠠᠰᠤᠯᠤᠯᠲᠠ ᠶᠢᠨ ᠠᠵᠢᠯ ᠤᠨ ᠪᠠᠶᠢᠳᠠᠯ ᠤᠨ | ᠲᠤᠬᠠᠶ ᠮᠡᠳᠡᠭᠦᠯᠦᠯᠲᠡ ᠶᠢ ᠬᠢᠨᠠᠨ ᠪᠠᠲᠤᠯᠠᠪᠠ᠃ ᠣᠨᠴᠠ ᠵᠠᠷᠢᠮ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ | ᠤᠴᠢᠷ ᠶᠠᠪᠤᠳᠠᠯ ᠪᠠ ᠠᠵᠢᠯᠳᠠᠨ ᠤ ᠶᠠᠪᠤᠳᠠᠯ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠲᠥᠰᠦᠯ ᠢ | ᠬᠢᠨᠠᠨ ᠶᠠᠷᠢᠯᠴᠠᠵᠤ ᠪᠠᠲᠤᠯᠠᠭᠰᠠᠨ ᠪᠥᠭᠡᠳ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠢ ᠵᠢᠶᠠᠨ ᠮᠢᠨ᠂ ᠬᠤᠰᠢᠭᠤᠨ ᠤ ᠬᠢᠨᠠᠨ | ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠫᠠᠩ ᠶᠦᠩ ᠮᠢᠨ᠂ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ | ᠳᠠᠷᠤᠭ᠎ᠠ ᠯᠢᠦ ᠳ᠋ᠡ ᠶᠦᠩ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠳᠠᠷᠤᠭ᠎ᠠ ᠭᠧ ᠴᠦᠨ | ᠬᠤᠸᠠ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠪᠤᠰᠤ ᠰᠢᠶᠠᠩ ᠪᠠᠯᠭᠠᠰᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ᠂ ᠬᠡᠰᠡᠭ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃ | |