ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠤᠳᠠᠭᠠᠨ ᠤ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/5/6
   ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ  ᠬᠤᠷᠢᠶᠠᠨ ᠤ ᠵᠢᠷᠭᠤᠳᠤᠭᠠᠷ ᠤᠳᠠᠭᠠᠨ ᠤ ᠪᠥᠬᠦᠳᠡ ᠬᠤᠷᠠᠯ  ᠂ 2023 ᠣᠨ ᠤ 5 ᠰᠠᠷ᠎ᠠ ᠶᠢᠨ 5 ᠤ ᠡᠳᠦᠷ ᠰᠢᠨ ᠾᠦᠢ ᠳᠤ ᠬᠤᠷᠠᠯᠳᠤᠪᠠ᠃    ᠡᠨᠡ ᠤᠳᠠᠭᠠᠨ ᠤ ᠪᠥᠬᠦᠳᠡ ᠬᠤᠷᠠᠯ ᠳᠤ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 34 ᠬᠥᠮᠦᠰ ᠣᠷᠣᠯᠴᠠᠵᠠᠶ᠃ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃    ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃  ᠬᠤᠰᠢᠭᠤᠨ  ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ  ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠬᠡᠰᠡᠭ ᠰᠢᠶᠠᠩ ᠪᠠᠯᠭᠠᠰᠤᠨ ᠤ ᠨᠠᠮ ᠵᠠᠰᠠᠭ ᠤᠨ ᠵᠢᠩᠬᠢᠨᠢ ᠲᠤᠰᠢᠶᠠᠯᠲᠠᠨ ᠤ ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠬᠥᠮᠦᠨ ᠤ ᠪᠠᠶᠢᠳᠠᠯ ᠤᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠵᠡᠶ᠃    ᠪᠥᠬᠦᠳᠡ ᠬᠤᠷᠠᠯ ᠠᠴᠠ ᠠᠵᠢᠯᠳᠠᠨ ᠢ ᠲᠣᠮᠢᠯᠠᠬᠤ ᠪᠠᠭᠤᠯᠭᠠᠬᠤ ᠶᠠᠪᠤᠳᠠᠯ ᠤᠨ ᠲᠤᠬᠠᠶ ᠶᠠᠪᠤᠳᠠᠯ ᠤᠳ ᠢ ᠬᠢᠨᠠᠨ ᠶᠠᠷᠢᠯᠴᠠᠵᠤ ᠪᠠᠲᠤᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号