ᠠᠤᠬᠠᠨ ᠬᠤᠰᠢᠭᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠵᠤ ᠬᠤᠲᠠ ᠶᠢᠨ ᠲᠠᠰ ᠤᠨ ᠠᠩᠬᠠᠨ ᠤ ᠬᠢᠨᠠᠯᠲᠠ ᠶᠢ ᠬᠦᠯᠢᠶᠡᠪᠡ
ᠨᠡᠶᠢᠲᠡᠯᠡᠭᠰᠡᠨ ᠴᠠᠭ᠄
2023/7/10
     ᠣᠶᠢᠷ᠎ᠠ ᠳᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠶᠢᠨ ᠳᠤᠭᠤᠶᠢᠯᠠᠩ ᠮᠠᠨ ᠤ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠳᠤ ᠠᠩᠬᠠᠨ ᠤ ᠬᠢᠨᠠᠯᠲᠠ ᠬᠢᠵᠦ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠤᠯ ᠪᠣᠯᠬᠤ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠵᠢᠴᠢ ᠬᠠᠮᠢᠶ᠎ᠠ ᠪᠥᠬᠦᠶ ᠠᠵᠢᠯᠲᠠᠨ ᠪᠠᠷ᠎ᠠ ᠪᠣᠯᠵᠣ ᠰᠢᠯᠭᠠᠷᠠᠭᠤᠯᠤᠯᠲᠠ ᠳᠤ ᠣᠷᠣᠯᠴᠠᠪᠠ᠃    ᠬᠢᠨᠠᠨ ᠰᠢᠯᠭᠠᠷᠠᠭᠤᠯᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠵᠦ᠂ ᠡᠭᠦᠨ ᠤ ᠬᠠᠮᠲᠤ ᠬᠤᠰᠢᠭᠤᠨ ᠤ ᠬᠢᠲᠠᠳ ᠡᠮᠨᠡᠯᠭᠡ ᠮᠣᠩᠭᠤᠯ ᠡᠮᠨᠡᠯᠭᠡ ᠶᠢᠨ ᠬᠤᠷᠢᠶ᠎ᠠ᠂ ᠰᠧ ᠳ᠋ᠤᠤ ᠸᠠᠨ ᠽᠢ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ᠂  ᠰᠠᠯᠪᠤᠷᠢ ᠰᠢᠶᠠᠩ ᠤᠨ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠨᠢᠭᠡᠴᠢ ᠳᠤ ᠭᠦᠨᠵᠡᠭᠡᠶᠢᠷᠡᠨ ᠲᠤᠬᠠᠶ ᠶᠢᠨ ᠲᠠᠯᠠᠪᠤᠷ ᠤᠨ ᠬᠢᠨᠠᠨ ᠰᠢᠯᠭᠠᠷᠠᠭᠤᠯᠤᠯᠲᠠ ᠬᠢᠵᠦ᠂ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠰᠢᠶᠠᠨ ᠤ ᠲᠤᠬᠠᠶ ᠶᠢᠨ ᠲᠠᠯᠠᠪᠤᠷ ᠤᠨ ᠬᠢᠨᠠᠨ ᠰᠢᠯᠭᠠᠷᠠᠭᠤᠯᠤᠯᠲᠠ ᠶᠢᠨ ᠬᠤᠪᠢ ᠲᠣᠭᠲᠠᠭᠠᠬᠤ ᠬᠦᠰᠦᠨᠦᠭᠲᠦ ︵2022 ᠳ᠋ᠤᠭᠠᠷ ᠨᠢᠭᠤᠷ︶︾ ᠶᠢᠨ 8 ᠭᠤᠤᠯᠳᠠᠯᠭ᠎ᠠ ᠲᠠᠢ ᠭᠦᠢᠴᠡᠳᠭᠡᠯ ᠲᠤᠭ᠎ᠠ ᠶᠢᠨ ᠲᠣᠭᠤᠷᠢᠨ ᠳᠤ᠂ ᠬᠠᠷᠢᠭᠤ ᠮᠡᠳᠡᠭᠦᠯᠦᠯᠲᠡ ᠰᠣᠨᠣᠰᠬᠤ᠂ ᠰᠤᠷᠪᠤᠯᠵᠢᠯᠠᠨ ᠶᠠᠷᠢᠯᠴᠠᠬᠤ᠂ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠠᠰᠢᠷᠠᠮ ᠤᠨ ᠰᠤᠷᠪᠤᠯᠵᠢᠯᠠᠭ᠎ᠠ ᠬᠢᠬᠦ᠂ ᠬᠠᠨᠤᠮᠵᠢ ᠶᠢᠨ ᠬᠡᠮᠵᠢᠶ᠎ᠡ ᠶᠢ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠤᠬᠠᠶ ᠶᠢᠨ  ᠲᠠᠯᠠᠪᠤᠷ ᠲᠤ ᠡᠯ᠎ᠡ  ᠨᠢᠭᠡᠴᠢ ᠶᠢᠨ ᠡᠭᠦᠳᠦᠨ ᠪᠠᠶᠢᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠡᠯᠡᠨ ᠵᠢᠱᠢᠭᠰᠡᠨ ᠪᠥᠭᠡᠳ ᠠᠩᠬᠠᠨ ᠤ ᠰᠢᠯᠭᠠᠷᠠᠭᠤᠯᠤᠯᠲᠠ ᠶᠢᠨ ᠰᠠᠨᠠᠯ ᠢ ᠬᠠᠷᠢᠭᠤ ᠲᠤᠰᠬᠠᠵᠤ᠂ ᠮᠠᠨ ᠤ ᠬᠤᠰᠢᠭᠤ ᠶᠢ ᠠᠩᠬᠠᠨ ᠤ ᠰᠢᠯᠭᠠᠷᠠᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠨ ᠰᠠᠶᠢᠵᠢᠷᠠᠭᠤᠯᠵᠤ᠂ ᠪᠠᠷᠢᠮᠵᠢᠶ᠎ᠠ ᠶᠢ ᠪᠦᠷᠢᠨ ᠲᠡᠭᠦᠯᠳᠡᠷ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃    ᠬᠢᠨᠠᠨ ᠰᠢᠯᠭᠠᠷᠠᠭᠤᠯᠵᠤ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠡᠷᠡ ᠳᠠᠷᠤᠶ ᠳᠤᠨᠢ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠰᠢᠶᠠᠨ ᠤ ᠠᠩᠬᠠᠨ ᠤ ᠬᠢᠨᠠᠯᠲᠠ ᠶᠢᠨ ᠬᠠᠷᠢᠭᠤ ᠲᠤᠰᠬᠠᠬᠤ ᠵᠢᠴᠢ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠬᠢᠲᠠᠳ ᠡᠮ ᠡᠮᠨᠡᠯᠭᠡ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠳᠤ ᠳᠠᠬᠢᠨ ᠳᠠᠶᠢᠴᠢᠯᠠᠯᠲᠠ᠂ ᠳᠠᠬᠢᠨ ᠪᠠᠶᠢᠷᠢᠯᠠᠭᠤᠯᠤᠯᠲᠠ ᠬᠢᠵᠡᠶ ᠃ ᠡᠯ᠎ᠡ ᠪᠠᠶᠢᠭᠤᠯᠭ᠎ᠠ ᠶᠢᠨ ᠬᠢᠨ ᠲᠣᠰ ᠤᠳᠠᠭᠠᠨ ᠤ ᠰᠢᠯᠭᠠᠷᠠᠭᠤᠯᠤᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠨᠢᠭᠡ ᠠᠴᠠ  ᠵᠦᠢᠴᠢᠯᠡᠵᠦ ᠨᠦᠬᠦᠭᠡ ᠶᠢ ᠮᠡᠳᠡᠵᠦ᠂ ᠬᠠᠮᠢᠶ᠎ᠠ ᠪᠥᠬᠦᠶ ᠲᠠᠩᠰᠠ ᠡᠪᠬᠡᠮᠡᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠡᠮᠬᠢᠯᠡᠵᠦ᠂ ᠠᠯᠳᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠥᠷᠢᠯᠡᠵᠦ᠂ ᠮᠠᠨ ᠤ ᠬᠤᠰᠢᠭᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠷᠠᠳ ᠣᠯᠠᠨ ᠤ ᠡᠷᠡᠭᠦᠯ ᠮᠡᠨᠳᠦ ᠶᠢ ᠪᠠᠲᠤᠯᠠᠬᠤ ᠶᠠᠪᠤᠴᠠ ᠳᠤ ᠬᠢᠲᠠᠳ ᠡᠮ ᠡᠮᠨᠡᠯᠭᠡ ᠶᠢᠨ ᠨᠠᠩ ᠢᠳᠡᠪᠬᠢᠲᠡᠶ ᠦᠢᠯᠡᠳᠦᠯ ᠪᠠᠳᠠᠷᠠᠭᠤᠯᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号