ᠠᠤᠬᠠᠨ ᠬᠤᠰᠢᠭᠤᠨ ᠤ ᠠᠷᠠᠯᠵᠢᠶᠠᠴᠢᠨ ᠪᠠ ᠪᠠᠯᠠ ᠮᠥᠩᠭᠦ ᠶᠢ ᠰᠣᠩᠭᠤᠵᠤ ᠪᠠᠯᠠ ᠲᠠᠲᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/7/10
   2023 ᠣᠨ ᠠᠴᠠ ᠨᠠᠰᠢ᠂ ᠠᠤᠬᠠᠨ ᠬᠤᠰᠢᠭᠤ ︽ᠵᠠᠷᠢᠮ ᠵᠦᠢᠯ ᠢ ᠨᠢ ᠬᠢᠵᠦ ᠵᠠᠷᠢᠮ ᠵᠦᠢᠯ ᠢ ᠨᠢ ᠥᠯᠥ ᠬᠢᠬᠦ︾ ᠵᠠᠷᠴᠢᠮ ᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠳᠠᠩᠰᠠ ᠡᠪᠬᠡᠮᠡᠯ ᠢ ᠳᠡᠭᠡᠭᠰᠢᠯᠡᠭᠦᠯᠵᠦ ᠳᠡᠰ ᠳᠡᠪᠰᠢᠭᠦᠯᠬᠦ ᠶᠢ ᠪᠡᠶᠡᠯᠡᠭᠦᠯᠵᠦ᠂ ︽ᠥᠷᠭᠡᠨ ᠢᠶᠠᠷ ᠡᠯᠰᠡᠵᠦ ᠥᠷᠭᠡᠨ ᠢᠶᠠᠷ ᠲᠠᠲᠠᠵᠤ︾ ᠪᠠᠶᠢᠭᠰᠠᠨ ᠠᠴᠠ ᠪᠠᠨ ︽ ᠠᠷᠠᠯᠵᠢᠶᠠᠴᠢᠨ ᠢ ᠰᠣᠩᠭᠤᠵᠤ ᠪᠡᠯᠡ ᠮᠥᠩᠭᠦ ᠶᠢ ᠰᠣᠩᠭᠤᠬᠤ︾ ᠬᠦᠷᠲᠡᠯ᠎ᠡ᠂ ᠲᠥᠷᠥᠯ ᠵᠦᠢᠯ ᠢ ᠣᠷᠣᠭᠤᠯᠤᠨ ᠠᠪᠴᠢᠷᠠᠬᠤ ᠲᠠᠯ᠎ᠠ ᠪᠠᠷ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠮᠧᠬᠠᠨᠢᠭ ᠡᠳ᠋ᠰᠢᠭᠦᠯᠦᠨ ᠦᠢᠯᠡᠳᠬᠦ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠭᠤᠣᠯᠯᠠᠭᠴᠢ ᠠᠵᠤ ᠦᠢᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠵᠤ᠂ ᠳᠠᠪᠠᠭᠤᠯᠢᠭ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠲᠦᠷᠭᠡᠳᠬᠡᠨ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ᠂ ᠰᠣᠶᠣᠯ ᠵᠢᠭᠤᠯᠴᠢᠯᠠᠯ ᠬᠢᠭᠡᠳ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠪᠤᠶᠢᠵᠢᠭᠤᠯᠵᠤ᠂ ᠲᠤᠭ᠎ᠠ ᠬᠡᠮᠵᠢᠶ᠎ᠡ ᠶᠢ ᠴᠢᠬᠤᠯᠠᠴᠢᠯᠠᠬᠤ᠂ ᠬᠤᠷᠳᠤᠴᠠ ᠶᠢ ᠴᠢᠬᠤᠯᠠᠴᠢᠯᠠᠬᠤ ᠠᠴᠠ ᠶᠠᠰᠤ ᠴᠢᠨᠠᠷ ᠢ ᠴᠢᠬᠤᠯᠠᠴᠢᠯᠠᠬᠤ᠂ ᠦᠷ᠎ᠡ ᠠᠰᠢᠭ ᠢ ᠴᠢᠬᠤᠯᠠᠴᠢᠯᠠᠬᠤ ᠳᠡᠭᠡᠷ᠎ᠡ ᠳᠣᠭᠢᠷᠠᠭᠤᠯᠤᠨ᠂ ᠭᠤᠤᠯᠳᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠨᠡᠭᠦᠷᠡᠰᠦᠲᠥ᠋ᠷᠥᠭᠴᠢ ᠪᠠᠭ᠎ᠠ ᠣᠷᠴᠢᠨ ᠲᠣᠭᠤᠷᠢᠨ ᠢ ᠬᠠᠮᠠᠭᠠᠯᠠᠬᠤ᠂ ᠨᠡᠮᠡᠯᠲᠡ ᠥᠷᠲᠡᠭ ᠢᠶᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠬᠥᠭᠵᠢᠯᠲᠡ ᠶᠢᠨ ᠢᠷᠡᠭᠡᠳᠦᠢ ᠪᠠᠷ ᠰᠢᠯᠢᠳᠡᠭ᠂ ᠠᠵᠤ ᠠᠬᠤᠶ ᠶᠢᠨ ᠳᠠᠶᠢᠴᠢᠯᠠᠬᠤ ᠴᠢᠳᠠᠪᠤᠷᠢ ᠪᠠᠷ ᠴᠢᠩᠭ᠎ᠠ ᠲᠣᠮᠣ ᠲᠥᠷᠥᠯ ᠵᠦᠢᠯ ᠢ ᠣᠷᠣᠭᠤᠯᠤᠨ ᠠᠪᠴᠢᠷᠠᠵᠤ ᠭᠡᠷ᠎ᠡ ᠲᠣᠭᠲᠠᠨ ᠨᠠᠶᠢᠳᠠᠪᠤᠷᠢᠵᠢᠭᠤᠯᠤᠨ᠎ᠠ᠃  ᠦᠢᠯᠡᠳᠪᠦᠷᠢᠯᠡᠯ ᠤᠨ ᠴᠢᠳᠠᠪᠤᠷᠢ ᠬᠤᠴᠣᠷᠤᠩᠭᠤᠶ᠂ ᠪᠣᠬᠢᠷᠲᠤᠯ ᠶᠡᠬᠡᠲᠡᠶ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠲᠥᠷᠥᠯ ᠵᠦᠢᠯ ᠳᠤ ︽ᠥᠬᠡᠶ︾ ᠭᠡᠵᠦ ᠡᠷᠡᠰ ᠬᠡᠯᠡᠵᠦ᠂ ᠪᠣᠳᠠᠲᠤ ᠬᠦᠴᠦᠨ ᠢᠶᠠᠷ ᠴᠢᠩᠭ᠎ᠠ ᠪᠤᠰᠤ ᠪᠠᠯᠠ ᠣᠷᠣᠭᠤᠯᠤᠯᠲᠠ ᠶᠢᠨ  ᠠᠷᠠᠯᠵᠢᠶᠠᠴᠢᠨ᠂ ᠤᠯᠤᠰ ᠤᠨ ᠠᠵᠤ  ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠥᠬᠡᠶ᠂ ᠮᠡᠷᠭᠡᠵᠢᠯ ᠪᠣᠯᠪᠠᠰᠤᠷᠠᠩᠭᠤᠶ ᠪᠤᠰᠤ᠂ ᠵᠠᠬ᠎ᠠ ᠳᠡᠯᠭᠡᠭᠦᠷ ᠤᠨ ᠢᠷᠡᠭᠡᠳᠦᠢ ᠪᠠᠷ ᠪᠠᠷᠤᠭᠲᠠᠶ ᠲᠥᠷᠥᠯ ᠵᠦᠢᠯ ᠪᠤᠶᠤ ᠠᠣᠬᠠᠨ ᠬᠤᠰᠢᠭᠤᠨ ᠤ ᠳᠠᠭᠠᠭᠠᠬᠤ ᠴᠢᠳᠠᠪᠤᠷᠢ ᠥᠬᠡᠶ ᠲᠥᠷᠥᠯ  ᠵᠦᠢᠯ ᠢ ᠴᠥᠮ ᠡᠪᠲᠡᠶᠢᠬᠡᠨ ᠳᠡᠪᠴᠢᠪᠡ᠃ ᠡᠨᠡ ᠵᠢᠯ᠂  ᠠᠣᠬᠠᠨ ᠬᠤᠰᠢᠭᠤ ᠨᠢᠭᠡᠨᠲᠡ ᠠᠵᠤ  ᠦᠢᠯᠡᠰ ᠤᠨ ᠬᠦᠷᠢᠶᠡᠯᠡᠩ ᠲᠣᠭᠤᠷᠢᠭ ᠤᠨ ᠠᠭᠤᠷ ᠤᠨ ᠢᠯᠴᠢ ᠶᠢᠨ ᠡᠨᠧᠷᠭᠢ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠪᠠᠯᠠ ᠣᠷᠣᠭᠤᠯᠤᠯᠲᠠ ᠶᠡᠬᠡᠲᠡᠶ ᠣᠯᠠᠨ ᠲᠥᠷᠥᠯ  ᠵᠦᠢᠯ ᠢ ᠡᠪᠲᠡᠶᠢᠬᠡᠨ ᠲᠡᠪᠴᠢᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号