| 7 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠾᠧᠪᠸᠢ ᠮᠤᠵᠢ ᠶᠢᠨ ᠼᠠᠩᠵᠸᠤ ᠬᠤᠲᠠ ᠶᠢᠨ | ᠶᠠᠨᠱᠠᠨ ᠰᠢᠶᠠᠨ ᠤ ᠳᠡᠳ᠋ ᠳᠠᠷᠤᠭ᠎ᠠ ᠯᠢᠶᠣᠤ ᡁᠢ ᠶᠠᠩ ᠠᠩᠭᠢ ᠳᠠᠭᠠᠭᠤᠯᠤᠨ ᠮᠠᠨ ᠤ ᠬᠤᠰᠢᠭᠤᠨ ᠳᠤ ᠲᠠᠷᠢᠶᠠᠯᠠᠩ ᠮᠠᠯ | ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠵᠠᠩ ᠢ ᠪᠠᠷ᠎ᠠ ᠪᠣᠯᠵᠣ | ᠰᠢᠨᠵᠢᠯᠡᠨ ᠪᠠᠶᠢᠴᠠᠭᠠᠪᠠ᠃ | ᠯᠢᠶᠣᠤ ᡁᠢ ᠶᠠᠩ ᠨᠠᠷ ᠤᠷᠢᠳ ᠬᠤᠵᠢᠳ ᠵᠠᠰᠠᠷᠠᠬᠤ ᠶᠢᠨ ᠠᠶᠢᠯ ᠲᠣᠰᠬᠤᠨ ᠤ ᠢᠳᠡᠰᠢᠨ ᠬᠤᠨᠢ ᠲᠡᠵᠢᠭᠡᠨ | ᠦᠷᠡᠵᠢᠭᠦᠯᠬᠦ ᠲᠠᠯᠠᠪᠠᠶ᠂ ᠨᠠᠮ ᠤᠨ ᠪᠠᠶᠢᠭᠤᠯᠤᠯᠲᠠ ᠶᠢᠨ ᠰᠣᠶᠣᠯ ᠤᠨ ᠲᠥᠪ ᠂ ᠠᠤᠬᠠᠨ ᠬᠤᠰᠢᠭᠤᠨ ᠤ ᠰᠠᠶᠢᠨ | ᠡᠭᠦᠯᠳᠡᠷ ᠢ ᠪᠤᠶᠢᠵᠢᠭᠤᠯᠤᠨ ᠳᠡᠯᠭᠡᠷᠡᠭᠦᠯᠬᠦ ᠲᠥᠪ᠂ ᠥᠪᠥᠷ ᠮᠣᠩᠭᠤᠯ ᠤᠨ ᠵᠥᠩ ᠤᠣ ᠢᠳᠡᠭᠡᠨ ᠤ ᠬᠢᠵᠠᠭᠠᠷᠲᠤ | ᠺᠣᠮᠫᠠᠨᠢ᠂ ᠱᠤᠸᠠᠩ ᠪᠦᠦ ᠦᠬᠡᠷ ᠲᠡᠵᠢᠭᠡᠬᠦ ᠲᠠᠷᠢᠶᠠᠴᠢᠨ ᠤ ᠲᠤᠰᠬᠠᠶ ᠬᠤᠷᠰᠢᠶ᠎ᠠ᠂ ᠠᠤᠬᠠᠨ ᠬᠤᠰᠢᠭᠤᠨ ᠤ ᠨᠠᠷᠢᠮᠤ | ᠠᠮᠤ ᠶᠢᠨ ᠮᠦᠽᠧᠶ᠂ ᠤᠯᠠᠭᠠᠨᠬᠠᠳᠠ ᠶᠢᠨ ᠾᠦᠢ ᠨᠢᠦ ᠱᠠ ᠰᠧ ᠸᠠᠩ ᠢᠳᠡᠭᠡᠨ ᠤ ᠬᠢᠵᠠᠭᠠᠷᠲᠤ ᠺᠣᠮᠫᠠᠨᠢ ᠵᠡᠷᠭᠡ | ᠭᠠᠵᠠᠷ ᠲᠤ ᠬᠦᠷᠴᠦ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ᠂ | ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠂ ᠠᠰᠢᠭ ᠬᠤᠨᠵᠢᠪᠣᠷᠢ᠂ ᠡᠳ᠋ | ᠬᠥᠷᠥᠩᠭᠡ ᠵᠡᠷᠭᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠣᠶᠢᠯᠠᠭᠠᠪᠠ᠃ | | ᠰᠢᠨᠵᠢᠯᠡᠨ ᠪᠠᠶᠢᠴᠠᠭᠠᠬᠤ ᠶᠠᠪᠤᠴᠠ ᠳᠤ᠂ ᠯᠢᠶᠣᠤ ᡁᠢ ᠶᠠᠩ ᠨᠠᠷ ᠮᠠᠨ ᠤ ᠬᠤᠰᠢᠭᠤᠨ ᠤ ᠤᠳᠤᠷᠢᠳᠤᠯᠭ᠎ᠠ ᠲᠠᠢ | ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠵᠡᠷᠭᠡ ᠶᠢᠨ ᠲᠠᠯ᠎ᠠ ᠪᠠᠷ ᠭᠦᠨᠵᠡᠭᠡᠶ ᠪᠥᠭᠡᠳ ᠨᠠᠷᠢᠨ ᠨᠢᠮᠪᠠᠶ ᠰᠣᠯᠢᠯᠴᠠᠨ ᠶᠠᠷᠢᠯᠴᠠᠪᠠ᠃ ᠲᠡᠷᠡ᠂ | ᠶᠠᠨᠱᠠᠨ ᠰᠢᠶᠠᠨ ᠤ ᠬᠢᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠰᠢᠨ᠎ᠡ | ᠰᠡᠳᠬᠢᠴᠡ ᠪᠠᠨ ᠥᠷᠭᠡᠳᠬᠡᠵᠦ᠂ ᠬᠦᠴᠦᠨ ᠢᠶᠠᠨ ᠲᠥᠪᠯᠡᠷᠡᠭᠦᠯᠦᠨ ᠰᠢᠨ᠎ᠡ ᠶᠢ ᠡᠭᠦᠳᠴᠦ᠂ ᠰᠤᠷᠤᠯᠴᠠᠵᠤ ᠣᠯᠤᠭᠰᠠᠨ | ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢᠶᠠᠨ ᠪᠣᠳᠠᠲᠠᠢ ᠠᠵᠢᠯ ᠳᠠᠭᠠᠨ ᠠᠭᠤᠰᠤᠯᠴᠠᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ | |  ᠵᠠᠩ ᠢ ᠠᠴᠠ᠂ ᠶᠠᠨᠱᠠᠨ ᠰᠢᠶᠠᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠠᠵᠢᠯ ᠤᠨ ᠲᠠᠯ᠎ᠠ ᠪᠠᠷ ᠰᠢᠯᠢᠳᠡᠭ | ᠠᠮᠵᠢᠯᠲᠠ ᠪᠦᠲᠦᠮᠵᠢ ᠭᠠᠷᠭᠠᠵᠠᠢ᠂ ᠡᠨᠡ ᠨᠢ ᠠᠤᠬᠠᠨ ᠬᠤᠰᠢᠭᠤᠨ ᠤ ᠲᠤᠯᠢ ᠪᠣᠯᠭᠠᠨ ᠰᠤᠷᠤᠯᠴᠠᠭᠤᠰᠢᠲᠠᠢ ᠶᠤᠮ᠂ | ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠨᠢ ᠮᠠᠨ ᠤ ᠬᠤᠰᠢᠭᠤᠨ ᠤ ᠬᠤᠶᠢᠰᠢᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠴᠢ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠰᠡᠳᠬᠢᠴᠡ ᠬᠠᠩᠭᠠᠵᠠᠢ᠃ | ᠠᠤᠬᠠᠨ᠂ ᠶᠠᠨᠱᠠᠨ ᠬᠤᠶᠠᠷ ᠭᠠᠵᠠᠷ ᠤᠨ ᠬᠢᠨ ᠨᠡᠪᠲᠡᠷᠡᠯᠴᠡᠭᠡ ᠬᠠᠷᠢᠯᠴᠠᠭ᠎ᠠ ᠪᠠ ᠰᠣᠯᠢᠯᠴᠠᠭ᠎ᠠ ᠬᠠᠮᠲᠤᠷᠠᠯᠴᠠᠭ᠎ᠠ ᠪᠠᠨ | ᠤᠯᠠᠮ ᠨᠢᠭᠡ ᠠᠯᠬᠤᠮ ᠨᠡᠮᠡᠭᠳᠡᠭᠦᠯᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠬᠦ ᠶᠢ ᠪᠡᠶᠡᠯᠡᠭᠦᠯᠵᠦ᠂ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ | ᠲᠡᠳᠬᠦᠬᠦ ᠠᠵᠢᠯ ᠤᠨ ᠳᠤᠮᠳᠠ ᠬᠠᠷᠢᠯᠴᠠᠨ ᠳᠡᠮᠵᠢᠵᠦ᠂ ᠬᠠᠮᠲᠤᠷᠠᠯᠴᠠᠵᠤ ᠬᠠᠮᠲᠤᠪᠠᠷ ᠠᠰᠢᠭ ᠭᠥᠷᠳᠡᠬᠦ ᠶᠢ | ᠪᠡᠶᠡᠯᠡᠭᠦᠯᠦᠨ᠎ᠡ ᠭᠡᠵᠦ ᠢᠯᠡᠷᠬᠡᠶᠢᠯᠡᠪᠡ᠃ | |